ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-07 11:20:28

ᠵᠣᠬᠢᠶᠠᠭ᠍ᠴᠢ᠄ ᠱᠢᠤᠢ ᠵᠢᠩ ᠶᠠᠩ ᠯᠢᠦ ᠣᠩᠱᠢᠭ᠍ᠰᠠᠨ ᠣᠳᠠᠭ᠎ᠠ᠄ 3

9 ᠰᠠᠷ᠎ᠠ ᠵᠢᠨ 5 ᠤ᠋ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ ᠵᠢᠨ ᠠᠵᠢᠯ ᠤ᠋ᠨ ᠬᠣᠷᠢᠢ᠎ᠠ ᠪᠠ ᠥᠪᠥᠷ ᠮᠣᠩᠭᠣᠯ ᠤ᠋ᠨ ᠨᠡᠢᠭᠡᠮ ᠵᠢᠷᠤᠮᠳᠦ ᠳᠡᠭᠡᠳᠦ ᠰᠤᠷᠭᠠᠭᠤᠯᠢ ᠳ᠋ᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠨᠢᠬᠦᠯᠪᠠ᠃

ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ ᠵᠢᠨ ᠠᠵᠢᠯ ᠤ᠋ᠨ ᠬᠣᠷᠢᠶ᠎ᠠ ᠳ᠋ᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠬᠠᠤᠯᠢ ᠴᠠᠭᠠᠵᠠ ᠵᠢᠨ ᠲᠢᠩᠬᠢᠮ᠎ᠦᠨ ᠳᠠᠷᠤᠭ᠎ᠠ ᠪᠠᠶ ᠶᠦᠩ ᠫᠢᠩ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢᠯᠠᠭᠠᠬᠤ᠂ 《ᠲᠣᠭ᠍ᠲᠠᠭᠠᠯ》 ᠳ᠋ᠦ ᠳᠤᠷᠠᠳᠤᠭ᠍ᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦ᠌ ᠲᠠᠯ᠎ᠠ ᠪᠡᠷ ᠣᠨᠣᠪᠴᠢᠲᠠᠶ ᠣᠢᠯᠠᠭᠠᠬᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ᠎ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ ᠵᠡᠷᠭᠡ 4 ᠲᠠᠯ᠎ᠠ ᠪᠡᠷ ᠪᠣᠳᠠᠲᠠᠢ᠎ᠲᠠᠶ ᠤᠶᠠᠯᠳᠤᠭᠤᠯᠵᠤ᠂ ᠠᠭᠤᠯᠤᠭ᠍ᠳᠠᠬᠤᠨ ᠭᠦᠨ ᠭᠦᠨᠵᠡᠭᠡᠶ᠂ ᠳᠦᠬᠦᠮ ᠣᠢᠯᠠᠭᠠᠮᠵᠢᠲᠠᠶ ᠭᠣᠢᠳᠠ ᠰᠠᠢᠬᠠᠨ ᠮᠡᠳᠡᠭᠦᠯᠦᠯᠲᠡ ᠬᠢᠵᠠᠢ᠃

ᠥᠪᠥᠷ ᠮᠣᠩᠭᠣᠯ ᠤ᠋ᠨ ᠨᠡᠢᠭᠡᠮ ᠵᠢᠷᠤᠮᠳᠦ ᠳᠡᠭᠡᠳᠦ ᠰᠤᠷᠭᠠᠭᠤᠯᠢ ᠳ᠋ᠦ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠎ᠵᠢᠨ ᠨᠢᠭᠡᠳᠦᠮᠡᠯ ᠹᠷᠣᠨᠲ ᠤ᠋ᠨ ᠬᠡᠯᠲᠡᠰ᠎ᠦᠨ ᠪᠠᠢᠩᠭᠤ ᠵᠢᠨ ᠳᠡᠳ᠋ ᠳᠠᠷᠤᠭ᠎ᠠ ᠸᠠᠩ ᠵᠢᠶᠦ᠋ᠨ ᠲᠤᠰ ᠤᠳᠠᠭ᠎ᠠ ᠵᠢᠨ ᠪᠥᠬᠥᠳᠡ ᠬᠤᠷᠠᠯ ᠪᠣᠯ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠪᠡᠷ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ᠂ ᠦᠨᠳᠦᠰᠦᠲᠡᠨ ᠎ᠦ ᠰᠡᠷᠭᠦᠨ ᠮᠠᠨᠳᠤᠯᠲᠠ ᠵᠢᠨ ᠠᠭᠤᠤ ᠦᠶ᠋ᠯᠡᠰ ᠢ᠋ ᠪᠥᠬᠥ᠌ ᠲᠠᠯ᠎ᠠ ᠪᠡᠷ ᠠᠬᠢᠭᠤᠯᠬᠤ ᠵᠠᠩᠭᠢᠯᠠᠭ᠎ᠠ ᠵᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭ᠎ᠠ ᠵᠢᠨ ᠲᠤᠢᠯ ᠤ᠋ᠨ ᠴᠢᠬᠤᠯᠠ ᠬᠤᠷᠠᠯ ᠮᠦᠨ᠂ 《ᠲᠣᠭ᠍ᠲᠠᠭᠠᠯ》 ᠎ᠳ᠋ᠤ ᠳᠤᠷᠠᠳᠤᠭ᠍ᠰᠠᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠥᠬᠥ᠌ ᠲᠠᠯ᠎ᠠ ᠪᠡᠷ ᠣᠨᠣᠪᠴᠢᠲᠠᠶ ᠣᠢᠯᠠᠭᠠᠬᠤ ᠵᠡᠷᠭᠡ ᠲᠠᠯ᠎ᠠ ᠪᠡᠷ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠵᠢᠨ ᠭᠤᠤᠯ ᠰᠡᠳᠦᠪ ᠢᠯᠡ ᠲᠣᠳᠣ᠂ ᠠᠭᠤᠯᠤᠭ᠍ᠳᠠᠬᠤᠨ ᠪᠠᠶᠠᠯᠢᠭ᠂ ᠬᠠᠷᠠᠭᠠᠰᠦ ᠥᠷᠭᠡᠨ ᠪᠠᠢᠵᠤ᠂ ᠨᠢᠭᠡᠳᠦᠮᠡᠯ ᠹᠷᠣᠨᠲ ᠤ᠋ᠨ ᠠᠵᠢᠯ ᠤ᠋ᠨ ᠪᠣᠳᠠᠲᠤ ᠪᠠᠢᠳᠠᠯ ᠳ᠋ᠦ ᠰᠠᠭᠤᠷᠢᠯᠠᠨ᠂ ᠣᠨᠣᠯ ᠤ᠋ᠨ ᠰᠤᠷᠤᠯᠴᠠᠯᠭ᠎ᠠ ᠵᠢ ᠭᠦᠨᠵᠡᠭᠡᠢᠷᠡᠭᠦᠯᠬᠦ᠌᠂ ᠨᠡᠢᠭᠡᠮ ᠵᠢᠷᠤᠮᠳᠦ ᠳᠡᠭᠡᠳᠦ ᠰᠤᠷᠭᠠᠭᠤᠯᠢ ᠵᠢᠨ ᠠᠵᠢᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠳ᠋ᠦ ᠵᠢᠯᠣᠭᠣᠳᠣᠯᠭ᠎ᠠ ᠪᠠ ᠬᠠᠪᠰᠤᠷᠤᠯᠭ᠎ᠠ ᠦᠵᠡᠬᠦᠯᠪᠡ ᠃



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面