2024-09-08 11:41:24
8 ᠰᠠᠷ᠎ᠠ᠎ᠶ᠋ᠢᠨ 28 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ᠎ᠦᠨ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠬᠥᠬᠡᠬᠣᠲᠠ᠂ ᠦᠬᠠᠶ ᠬᠣᠲᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃
ᠲᠤᠰ ᠡᠳᠦᠷ᠎ᠦᠨ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠭᠠᠵᠠᠷ ᠳᠤᠤᠷᠠᠬᠢ ᠲᠡᠮᠦᠷ ᠵᠠᠮ᠎ᠤᠨ ᠡᠵᠡᠩᠨᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠦᠴᠦᠳᠡᠯ ᠥᠭᠡᠷᠡᠴᠢᠯᠡᠬᠦ᠌ ᠰᠡᠯᠪᠢᠨ ᠵᠠᠰᠠᠬᠤ ᠳᠡᠭᠡᠳᠦ ᠵᠡᠷᠭᠡ᠎ᠶ᠋ᠢᠨ ᠢᠨᠵᠧᠨᠧᠷ᠂ ᠪᠥ᠋ᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠪᠦᠬᠦ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ 2023 ᠣᠨ᠎ᠤ ᠲᠣᠮᠣ ᠤᠯᠤᠰ᠎ᠤᠨ ᠤᠷᠠᠨ ᠳᠠᠷᠬᠠᠨ᠎ᠢᠶᠠᠷ ᠨᠡᠷ᠎ᠡ ᠳᠤᠷᠠᠳᠤᠭ᠍ᠳᠠᠭᠰᠠᠨ ᠵᠢᠱ᠌ᠢᠭ᠌ᠳᠡᠭ᠌ᠴᠢ ᠭᠦᠸᠧ᠎ᠶ᠋ᠢᠨ ᠯᠦᠩ ᠢᠯᠢ ᠣᠲᠣ ᠦᠶ᠎ᠡ᠎ᠶ᠋ᠢᠨ ᠣᠶᠤᠨᠴᠢ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠣᠶᠤᠨᠴᠢ ᠦᠶ᠋ᠯᠡᠳᠬᠦ᠌ ᠠᠵᠤ ᠦᠶ᠋ᠯᠡᠰ᠎ᠦᠨ ᠬᠦᠷᠢᠶᠡᠯᠡᠩ᠎ᠦᠨ ᠦᠶ᠋ᠯᠡᠳᠪᠦᠷᠢ᠎ᠶ᠋ᠢᠨ ᠲᠠᠰᠤᠭ᠎ᠲᠤ ᠬᠥᠷᠴᠦ᠂ ᠴᠢᠳᠠᠪᠤᠷᠢᠲᠠᠨ᠎ᠤ ᠪᠠᠢᠭᠤᠯᠤᠯᠲᠠ᠎ᠶ᠋ᠢᠨ ᠲᠣᠭ᠍ᠲᠠᠴᠠ᠎ᠵᠢ ᠲᠡᠭᠦᠯᠳᠡᠷᠵᠢᠭᠦᠯᠬᠦ᠂ ᠴᠢᠳᠠᠪᠤᠷᠢᠲᠠᠨ᠎ᠢ ᠦᠨᠡᠯᠡᠬᠦ᠌ ᠱᠢᠰᠲ᠋ᠧᠮ᠎ᠢ ᠪᠠᠢᠭᠤᠯᠬᠤ᠂ ᠲᠡᠷᠢᠭᠦᠨ ᠵᠡᠷᠭᠡ᠎ᠶ᠋ᠢᠨ ᠠᠵᠤ ᠦᠶ᠋ᠯᠡᠰ᠎ᠦᠨ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠬᠤ᠂ ᠴᠢᠳᠠᠪᠤᠷᠢ᠎ᠲᠠᠶ ᠬᠠᠷᠢᠭᠤᠴᠠᠯᠭ᠎ᠠ᠎ᠲᠠᠶ ᠬᠠᠷᠢᠭᠤᠴᠠᠯᠭᠠᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠶ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠲᠠᠯ᠎ᠠ᠎ᠶᠢᠨ ᠲᠤᠭᠤᠷᠢᠨ᠎ᠳᠤ᠂ ᠲᠤᠬᠠᠶ᠎ᠶ᠋ᠢᠨ ᠲᠠᠯᠠᠪᠠᠢ᠎ᠶ᠋ᠢᠨ ᠨᠢᠭᠡᠳᠦᠭᠡᠷ ᠹᠷᠣᠨᠲ᠎ᠤᠨ ᠠᠵᠢᠯᠲᠠᠨ᠎ᠳᠤ ᠨᠢᠭᠡ ᠤᠳᠠᠭ᠎ᠠ᠎ᠶᠢᠨ ᠠᠮᠢᠳᠤᠯᠢᠭ ᠰᠠᠢᠬᠠᠨ ᠤᠬᠠᠭᠤᠯᠤᠨ ᠲᠠᠢᠯᠪᠤᠷᠢᠯᠠᠯᠲᠠ ᠬᠢᠵᠦ᠂ ᠵᠠᠯᠠᠭᠤ ᠠᠵᠢᠯᠲᠠᠳ᠎ᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠵᠢ ᠬᠥᠲᠥᠯᠥᠨ ᠵᠢᠯᠣᠭᠣᠳᠪᠠ᠃
《ᠥᠭᠡᠷᠡᠴᠢᠯᠡᠯᠲᠡ ᠨᠢ ᠦᠢᠯᠡᠳᠪᠦᠷᠢ᠎ᠶ᠋ᠢᠨ ᠦᠢᠯᠡᠳᠪᠦᠷᠢᠯᠡᠯ᠎ᠦᠨ ᠠᠷᠭ᠎ᠠ ᠬᠡᠯᠪᠡᠷᠢᠳᠦ ᠯᠤᠲᠤ ᠶᠡᠬᠡ ᠬᠤᠪᠢᠷᠠᠯᠲᠠ ᠵᠢ ᠪᠤᠢ ᠪᠤᠯᠭᠠᠵᠤ᠂ ᠤᠳᠤ ᠪᠢᠳᠡᠨ᠎ᠦ ᠲᠥᠬᠥᠭᠡᠷᠦᠮᠵᠢ᠎ᠶ᠋ᠢᠨ ᠠᠵᠢᠯᠯᠠᠭᠠᠨ ᠶᠠᠪᠤᠬᠤ ᠲᠤᠳᠤᠮ ᠣᠳᠣᠬᠢᠴᠢᠯᠠᠵᠤ᠂ ᠤᠶᠤᠨᠴᠢᠯᠠᠵᠤ᠂ ᠦᠢᠯᠡᠳᠪᠦᠷᠢᠯᠡᠯ᠎ᠦᠨ ᠦᠷ᠎ᠡ ᠪᠦᠲᠦᠮᠵᠢ ᠶᠠᠪᠤᠬᠤ ᠲᠤᠳᠤᠮ ᠥᠨᠳᠥᠷ ᠪᠤᠯᠵᠤ᠂ ᠡᠨᠧᠷᠭᠢ᠎ᠶ᠋ᠢᠨ ᠬᠣᠷᠣᠭ᠍ᠳᠠᠭᠤᠯᠤᠯ ᠶᠠᠪᠤᠬᠤ ᠲᠤᠳᠤᠮ ᠳᠣᠣᠷ᠎ᠠ ᠪᠤᠯᠵᠤ᠂ ᠭᠠᠳᠠᠭ᠍ᠰᠢᠯᠠᠭᠤᠯᠤᠯᠲᠠ ᠶᠠᠪᠤᠬᠤ ᠲᠤᠳᠤᠮ ᠪᠠᠭ᠎ᠠ ᠪᠣᠯᠵᠠᠢ᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠰᠦ᠎ᠶ᠋ᠢᠨ ᠦᠢᠯᠡᠰ᠎ᠦᠨ ᠢᠷᠡᠭᠡᠳᠦᠢ᠎ᠳᠦ ᠯᠠᠪᠲᠠᠢ ᠨᠡᠩ ᠤᠯᠠᠨ ᠤᠶᠤᠨᠲᠤ ᠦᠢᠯᠡᠳᠪᠦᠷᠢ᠂ ᠪᠣᠬᠢᠷᠲᠤᠯ ᠦᠭᠡᠢ ᠦᠢᠯᠡᠳᠪᠦᠷᠢ᠎ᠲᠡᠶ ᠪᠤᠯᠵᠤ᠂ ᠮᠠᠨ᠎ᠤ ᠠᠵᠢᠯᠴᠢᠳ᠎ᠢ ᠪᠡᠶ᠎ᠡ᠎ᠶ᠋ᠢᠨ ᠬᠥᠳᠡᠯᠮᠦᠷᠢ᠎ᠡᠴᠡ ᠤᠷ᠎ᠠ ᠮᠡᠷᠬᠡᠵᠢᠯ ᠤᠨ ᠬᠥᠳᠡᠯᠮᠦᠷᠢ᠂ ᠤᠶᠤᠨᠲᠤ ᠬᠥᠳᠡᠯᠮᠦᠷᠢ ᠲᠡᠢᠰᠢ ᠱᠢᠯᠵᠢᠭᠦᠯᠬᠦ᠌᠎ᠶ᠋ᠢ ᠢᠲᠡᠭᠡᠵᠦ᠍ ᠪᠠᠢᠨ᠎ᠠ》 ᠭᠡᠵᠦ ᠢᠯᠢ ᠪᠦᠯᠦᠭ᠌ᠯᠡᠯ᠎ᠦᠨ ᠱᠢᠩᠭᠡᠨ ᠲᠥ᠋ᠯᠥᠪᠲᠦ ᠰᠦ᠎ᠶᠢᠨ ᠪᠥᠬᠥ᠌ ᠪᠥᠮᠪᠥᠷᠴᠡᠭ᠎ᠦᠨ ᠤᠶᠤᠨᠲᠤ ᠦᠶ᠋ᠯᠡᠳᠭᠡᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠤ ᠨᠢᠭᠡᠳᠦᠭᠡᠷ ᠹᠷᠣᠨᠲ᠎ᠤᠨ ᠠᠵᠢᠯᠲᠠᠨ ᠶᠠᠩ ᠷᠦ᠋ ᠬᠡᠯᠡᠪᠡ᠃
ᠢᠯᠢ ᠣᠲᠣ ᠦᠶ᠎ᠡ᠎ᠶ᠋ᠢᠨ ᠣᠶᠤᠨᠴᠢ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠣᠶᠤᠨᠴᠢ ᠦᠶ᠋ᠯᠡᠳᠬᠦ᠌ ᠠᠵᠤ ᠦᠶ᠋ᠯᠡᠰ᠎ᠦᠨ ᠬᠦᠷᠢᠶᠡᠯᠡᠩ ᠳ᠋ᠤ᠂ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠲᠡᠦᠬᠡ ᠪᠠ ᠣᠷᠣᠨ ᠨᠤᠲᠤᠭ᠎ᠤᠨ ᠣᠢᠯᠠᠯᠭ᠎ᠠ ᠰᠤᠳᠤᠯᠬᠤ ᠲᠠᠰᠤᠭ᠎ᠤᠨ ᠬᠣᠶᠠᠳᠤᠭᠠᠷ ᠭᠠᠵᠠᠷ᠎ᠤᠨ ᠳᠠᠷᠤᠭ᠎ᠠ ᠰᠥᠩ ᠯᠢ ᡁᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠤᠨ ᠭᠤᠤᠯ ᠰᠡᠳᠦᠪ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠶ᠋ᠮᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠠᠢᠯᠪᠤᠷᠢᠯᠠᠨ ᠶᠠᠷᠢᠭ᠍ᠰᠠᠨ ᠪᠥᠭᠡᠳ ᠭᠦᠨᠵᠡᠭᠡᠶ ᠲᠣᠳᠣᠷᠬᠠᠢᠯᠠᠨ ᠲᠠᠢᠯᠪᠤᠷᠢᠯᠠᠵᠤ᠂ ᠵᠠᠯᠠᠭᠤ ᠠᠵᠢᠯᠲᠠᠳ᠎ᠤᠨ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠬᠦ ᠵᠢ ᠬᠥᠲᠥᠯᠥᠨ ᠵᠢᠯᠣᠭᠣᠳᠪᠠ ᠃
ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠡᠪᠯᠡᠯ᠎ᠦᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ ᠥᠪᠥᠷ ᠮᠣᠩᠭᠣᠯ᠎ᠤᠨ ᠶᠤᠸᠠᠨ ᠲᠦᠩ ᠲᠦᠷᠭᠡᠨ ᠬᠦᠷᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠲᠦᠷᠭᠡᠨ ᠬᠦᠷᠭᠡᠭ᠌ᠴᠢ ᠯᠢ ᠱᠢᠶᠤᠤ ᠸᠠᠩ ᠡᠮᠦᠨ᠎ᠡ ᠹᠷᠣᠨᠲ᠎ᠤᠨ ᠦᠶ᠋ᠯᠡᠳᠪᠦᠷᠢᠯᠡᠯ᠎ᠦᠨ ᠲᠠᠰᠤᠭ᠎ᠲᠤ ᠢᠯᠢ ᠪᠦᠯᠦᠭ᠌ᠯᠡᠯ᠎ᠦᠨ ᠵᠠᠯᠠᠭᠤ ᠠᠵᠢᠯᠲᠠᠨ ᠠᠵᠢᠯᠴᠢᠨ᠎ᠲᠠᠶ ᠶᠠᠷᠢᠯᠴᠠᠨ ᠰᠣᠯᠢᠯᠴᠠᠵᠤ ᠤᠬᠠᠭᠤᠯᠤᠨ ᠲᠠᠢᠯᠪᠤᠷᠢᠯᠠᠪᠠ᠃ ᠲᠡᠷᠡ ᠤᠢ᠍ᠢᠷ᠎ᠠ᠎ᠶ᠋ᠢᠨ ᠵᠢᠯ᠎ᠡᠴᠡ ᠨᠠᠭᠠᠱᠢᠬᠢ ᠣᠷᠣᠨ᠎ᠤ ᠲᠥᠪ᠎ᠦᠨ ᠲᠦᠷᠭᠡᠨ ᠬᠦᠷᠭᠡᠯᠲᠡ᠎ᠶ᠋ᠢᠨ ᠠᠵᠢᠯ ᠲᠦᠷᠦᠯ᠎ᠦᠨ ᠬᠥᠭ᠌ᠵᠢᠯᠲᠡ᠎ᠶ᠋ᠢᠨ ᠣᠳᠣᠬᠢ ᠪᠠᠢᠳᠠᠯ ᠪᠣᠯᠤᠨ ᠲᠤᠰ ᠪᠡᠶ᠎ᠡ᠎ᠶ᠋ᠢᠨ ᠠᠵᠢᠯ᠎ᠤᠨ ᠥᠩᠭᠡᠷᠡᠯᠲᠡ᠎ᠲᠡᠶ᠎ᠪᠡᠨ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭ᠍ᠰᠠᠨ ᠲᠦᠷᠦᠭ᠌ᠳᠡᠯ᠎ᠢᠶᠡᠨ ᠬᠤᠪᠢᠶᠠᠯᠴᠠᠪᠠ᠃
《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠡᠴᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠦᠢᠯᠡᠳᠦᠯ᠎ᠢ ᠳᠠᠬᠢᠨᠲᠠ ᠴᠢᠬᠤᠯᠠᠴᠢᠯᠠᠪᠠ᠂ ᠦᠨᠳᠦᠰᠦᠨ ᠱᠠᠲᠤᠨ᠎ᠤ ᠰᠤᠳᠤᠯᠤᠨ ᠨᠡᠭᠡᠭᠡᠬᠦ᠌ ᠠᠵᠢᠯᠳᠠᠨ ᠪᠣᠯᠤᠭ᠍ᠰᠠᠨ᠎ᠤ ᠬᠤᠪᠢ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠡᠴᠡ ᠪᠣᠯᠤᠭ᠍ᠰᠠᠨ ᠯᠤᠲᠤ ᠶᠡᠬᠡ ᠬᠤᠪᠢᠷᠠᠯᠲᠠ᠎ᠶ᠋ᠢ ᠪᠢ ᠦᠨᠡᠨ ᠬᠦ᠌ ᠮᠡᠳᠡᠷᠡᠵᠦ᠍ ᠪᠠᠢᠨ᠎ᠠ᠃ ᠢᠷᠡᠭᠡᠳᠦᠶ᠎ᠳᠦ᠂ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠵᠢᠯᠣᠭᠣᠳᠣᠯᠭ᠎ᠠ ᠳᠤᠤᠷ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠨᠢ ᠪᠢᠳᠡᠨ᠎ᠦ ᠨᠠᠩ ᠣᠯᠠᠨ ᠦᠷ᠎ᠡ ᠪᠦᠲᠦᠭᠡᠯ ᠤᠯᠬᠤ᠎ᠶ᠋ᠢ ᠠᠬᠢᠭᠤᠯᠵᠤ᠂ ᠰᠦ ᠶ᠋ᠢᠨ ᠦᠶ᠋ᠯᠡᠰ᠎ᠢᠶᠡᠷ ᠠᠷᠠᠳ ᠲᠦᠮᠡᠨ᠎ᠦ ᠱᠢᠮ᠎ᠡ ᠲᠡᠵᠢᠭᠡᠯ ᠡᠷᠡᠭᠦᠯ ᠮᠡᠨᠳᠦ᠍᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠪᠣᠯᠤᠨ᠎ᠠ ᠭᠡᠳᠡᠭ᠎ᠢ ᠪᠢ ᠢᠲᠡᠭᠡᠵᠦ᠍ ᠪᠠᠢᠨ᠎ᠠ》 ᠭᠡᠵᠦ ᠢᠯᠢ ᠪᠦᠯᠦᠭ᠌ᠯᠡᠯ᠎ᠦᠨ ᠱᠢᠩᠭᠡᠨ ᠲᠥ᠋ᠯᠥᠪᠲᠦ ᠰᠦ ᠶ᠋ᠢᠨ ᠠᠵᠢᠯ ᠦᠶ᠋ᠯᠡᠰ᠎ᠦᠨ ᠬᠡᠯᠲᠡᠰ᠎ᠦᠨ ᠰᠤᠳᠤᠯᠤᠨ ᠨᠡᠭᠡᠭᠡᠬᠦ᠌ ᠬᠡᠯᠲᠡᠰ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠰᠭᠠᠶ ᠮᠡᠷᠭᠡᠵᠢᠯ᠎ᠦᠨ ᠳᠠᠭᠠᠭᠠᠮᠠᠯ ᠵᠠᠩ ᠺᠠᠶ ᠱᠤᠸᠠᠢ ᠬᠡᠯᠡᠪᠡ᠃
8 ᠰᠠᠷ᠎ᠠ᠎ᠶ᠋ᠢᠨ 28 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠢ ᠲᠣᠭᠣᠷᠢᠭ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠦᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ ᠵᠢᠭᠠᠨ ᠰᠤᠳᠤᠯᠤᠭ᠍ᠴᠢ᠂ ᠪᠥᠬᠥ᠌ ᠤᠯᠤᠰ᠎ᠤᠨ《5·1》 ᠤ᠋ ᠬᠥᠳᠡᠯᠮᠦᠷᠢ᠎ᠶ᠋ᠢᠨ ᠱᠠᠩᠨᠠᠯ ᠬᠦᠷᠲᠡᠭ᠌ᠴᠢ ᠴᠧᠨ ᠢᠦᠶ ᠮᠧᠶ ᠦᠬᠠᠶ ᠬᠣᠲᠠ᠎ᠶ᠋ᠢᠨ ᠬᠣᠲᠠ᠎ᠶ᠋ᠢᠨ ᠨᠡᠢᠲᠡ᠎ᠶ᠋ᠢᠨ ᠵᠠᠮ ᠬᠠᠷᠢᠯᠴᠠᠭᠠᠨ᠎ᠤ ᠦᠶ᠋ᠯᠡᠴᠢᠯᠡᠭᠡᠨ᠎ᠦ ᠪᠦᠯᠦᠭ᠌ᠯᠡᠯ ᠬᠢᠵᠠᠭᠠᠷᠲᠤ ᠺᠣᠮᠫᠠᠨᠢ᠎ᠳᠤ ᠬᠥᠷᠴᠤ᠂ 《ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠵᠠᠮ ᠳᠡᠭᠡᠷ᠎ᠡ ᠪᠢᠳᠡᠨ᠎ᠦ ᠬᠤᠪᠢ ᠨᠡᠮᠡᠷᠢ᠎ᠪᠡᠨ ᠦᠵᠡᠭᠦᠯᠦᠶ᠎ᠡ》ᠭᠡᠬᠦ᠌ ᠰᠡᠳᠦᠪ᠎ᠢᠶᠡᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ 《ᠲᠣᠭ᠍ᠲᠠᠭᠠᠯ》᠎ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠣᠨᠣᠪᠴᠢᠲᠠᠶ ᠣᠢᠯᠠᠭᠠᠬᠤ᠂ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠵᠠᠮ ᠳᠡᠭᠡᠷ᠎ᠡ ᠪᠢᠳᠡᠨ᠎ᠤ ᠬᠤᠪᠢ ᠨᠡᠮᠡᠷᠢ ᠪᠠᠨ ᠦᠵᠡᠭᠦᠯᠬᠦ ᠵᠡᠷᠭᠡ ᠭᠤᠷᠪᠠᠨ ᠲᠠᠯ᠎ᠠ᠎ᠪᠡᠷ ᠭᠦᠨᠵᠡᠭᠡᠶ ᠲᠠᠢᠯᠤᠮᠵᠢ ᠬᠢᠪᠠ᠃
ᠦᠬᠠᠢ ᠬᠤᠳᠠ᠎ᠶ᠋ᠢᠨ ᠬᠤᠳᠠ᠎ᠶ᠋ᠢᠨ ᠨᠡᠢᠲᠡ᠎ᠶ᠋ᠢᠨ ᠵᠠᠮ ᠬᠠᠷᠢᠯᠴᠠᠭᠠᠨ᠎ᠤ ᠦᠢᠯᠡᠴᠢᠯᠡᠭᠡᠨ᠎ᠦ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠠᠵᠢᠯᠴᠢᠨ᠎ᠤ ᠡᠪᠯᠡᠯ᠎ᠦᠨ ᠳᠡᠳ᠋ ᠲᠡᠷᠢᠭᠦᠯᠡᠭ᠌ᠴᠢ ᠸᠠᠩ ᠵᠢᠩ ᠢ᠄《ᠱᠢᠨ᠎ᠡ ᠪᠠᠢᠳᠠᠯ᠂ ᠱᠢᠨ᠎ᠡ ᠱᠠᠭᠠᠷᠳᠠᠯᠭ᠎ᠠ᠂ ᠱᠢᠨ᠎ᠡ ᠥᠷᠢᠰᠥᠯᠳᠦᠭᠡᠨ᠎ᠦ ᠡᠮᠦᠨ᠎ᠡ᠂ ᠪᠢ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠲᠤᠷ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯᠴᠢᠨ᠎ᠤ ᠡᠪᠯᠡᠯ᠎ᠦᠨ ᠠᠵᠢᠯ᠎ᠤᠨ ᠪᠦᠬᠦ᠌ ᠶᠠᠪᠤᠴᠠ᠎ᠳᠤ ᠨᠠᠢᠳᠠᠪᠤᠷᠢᠵᠢᠭᠤᠯᠵᠤ᠂ ᠨᠡᠢᠲᠡ᠎ᠶ᠋ᠢᠨ ᠵᠠᠮ ᠬᠠᠷᠢᠯᠴᠠᠭᠠᠨ᠎ᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦ᠍ᠨ ᠨᠡᠮᠡᠷᠢᠯᠡᠨ᠎ᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃