ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-08 11:42:58

ᠵᠣᠬᠢᠶᠠᠭ᠍ᠴᠢ᠄ ᠱᠢᠤᠸᠠᠢ ᠢ ᠴᠢᠶᠦ᠋ᠨ ᠮᠤᠤ ᠺᠠᠢ ᠶᠠᠨ ᠱᠢᠤᠢ ᠶᠤᠸᠠᠢ ᠸᠠᠩ ᠬᠣᠩ ᠷᠠᠨ ᠴᠧᠨ ᠨᠢᠩ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 29 ᠎ᠤ᠋ ᠡᠳᠦᠷ ᠪᠠ 30 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠪᠠ᠃ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠲᠦᠩᠯᠢᠶᠣᠤ ᠬᠤᠳᠠ ᠪᠣᠯᠤᠨ ᠤᠷᠳᠤᠰ ᠬᠤᠳᠠ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠡᠷᠭᠡᠳᠡ ᠬᠦᠷᠭᠡᠪᠡ᠃

8 ᠰᠠᠷ᠎ᠠ᠎ᠶ᠋ᠢᠨ 29 ᠎ᠤ᠋ ᠦᠳᠡ᠎ᠶ᠋ᠢᠨ ᠡᠮᠦᠨ᠎ᠡ᠂ ᠲᠦᠩᠯᠢᠶᠣᠤ ᠬᠣᠲᠠ᠎ᠶ᠋ᠢᠨ ᠵᠠᠰᠠᠭ ᠵᠠᠬᠢᠷᠭᠠᠨ᠎ᠤ ᠲᠥᠪ ᠲᠸ᠋ ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠪᠠᠢᠭᠤᠯᠤᠯᠲᠠ ᠵᠢᠨ ᠵᠢᠭᠠᠬᠤ ᠵᠢ ᠰᠤᠳᠤᠯᠬᠤ ᠲᠠᠰᠤᠭ᠎ᠤᠨ ᠡᠷᠬᠢᠯᠡᠭ᠌ᠴᠢ ᠶᠠᠩ ᠯᠢ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠬᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠭ᠌ᠯᠡᠯ ᠵᠠᠷᠴᠢᠮ᠎ᠢ ᠭᠦᠨᠵᠡᠭᠡᠶ ᠣᠢᠯᠠᠭᠠᠬᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠷᠭ᠎ᠠ ᠵᠠᠮ ᠠᠷᠭ᠎ᠠ ᠬᠡᠮᠵᠢᠶ᠎ᠡ᠎ᠶ᠋ᠢ ᠣᠨᠣᠪᠴᠢᠲᠠᠶ ᠣᠢᠯᠠᠭᠠᠬᠤ ᠵᠡᠷᠭᠡ 3 ᠲᠠᠯ᠎ᠠ᠎ᠪᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠤᠬᠠᠭᠤᠯᠤᠨ ᠲᠠᠢᠯᠪᠤᠷᠢᠯᠠᠪᠠ᠃

8 ᠰᠠᠷ᠎ᠠ᠎ᠶ᠋ᠢᠨ 29 ᠎ᠤ᠋ ᠡᠳᠦᠷ᠎ᠦᠨ ᠦᠳᠡ᠎ᠶ᠋ᠢᠨ ᠬᠣᠢᠨ᠎ᠠ᠂ ᠲᠦᠩᠯᠢᠶᠣᠤ ᠬᠣᠲᠠ᠎ᠶ᠋ᠢᠨ ᠬᠤᠤᠯᠢᠨᠭᠤᠤᠯ ᠬᠣᠲᠠ᠎ᠳᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠭᠦᠸᠧ ᠵᠢᠩ ᠯᠢ ᠬᠤᠤᠯᠢᠨᠭᠤᠤᠯ ᠬᠣᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ᠂ ᠲᠡᠷᠢᠭᠦᠨ᠎ᠦ ᠨᠡᠢᠲᠡᠯᠢᠭ ᠵᠢᠱ᠌ᠢᠶᠡᠴᠢ᠂ ᠡᠮᠡᠭ᠌ᠲᠡᠶ ᠰᠠᠢᠨ ᠲᠤᠷᠠᠴᠤᠳ ᠵᠡᠷᠭᠡ ᠡᠮᠡᠭ᠌ᠲᠡᠢᠴᠦᠳ᠎ᠦᠨ ᠲᠥᠯᠥᠭᠡᠯᠡᠭ᠌ᠴᠢᠳ᠎ᠲᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠬᠤᠷᠠᠯ᠎ᠤᠨ ᠠᠬᠤᠢ ᠲᠠᠯᠠᠪᠠᠢ ᠬᠦᠷ ᠬᠥᠭ᠌ᠵᠢᠶᠡᠨ᠎ᠢᠶᠡᠷ ᠪᠢᠯᠬᠠᠵᠤ᠂ ᠭᠦᠸᠧ ᠵᠢᠩ ᠯᠢ 《ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠶ᠎ᠠ》 ᠭᠡᠬᠦ᠌ ᠭᠣᠣᠯ ᠰᠡᠳᠦᠪ᠎ᠢᠶᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠢ ᠲᠠᠢᠯᠤᠮᠵᠢ ᠬᠢᠵᠦ᠍᠂ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠳᠦ ᠦᠵᠡᠭᠦᠯᠬᠦ᠌ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠢ ᠨᠢ ᠤᠯᠠᠨ ᠲᠠᠯ᠎ᠠ ᠪᠡᠷ ᠲᠣᠳᠣᠷᠬᠠᠢᠯᠠᠨ ᠥᠭᠦᠯᠡᠵᠦ᠍᠂ ᠱᠢᠨ᠎ᠡ ᠴᠠᠭ ᠦᠶ᠎ᠡ᠎ᠶ᠋ᠢᠨ ᠠᠬᠤᠢ ᠪᠠᠢᠳᠠᠯ ᠳᠣᠣᠷ᠎ᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ ᠨᠠᠮ ᠪᠣᠯᠤᠨ ᠤᠯᠤᠰ᠎ᠤᠨ ᠭᠣᠣᠯ ᠠᠵᠢᠯ᠎ᠤᠨ ᠲᠣᠭᠣᠷᠢᠨ᠎ᠳᠤ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠡᠮᠡᠭ᠌ᠲᠡᠢᠴᠦᠳ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠡᠮᠡᠭ᠌ᠲᠡᠢᠴᠦᠳ᠎ᠦᠨ ᠬᠦᠴᠦᠨ ᠴᠢᠳᠠᠯ᠎ᠢᠶᠠᠨ ᠡᠷᠭᠦᠶ᠎ᠠ ᠬᠡᠵᠤ ᠴᠢᠬᠤᠯᠠᠴᠢᠯᠠᠪᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠲᠦᠩᠯᠢᠶᠣᠤ ᠬᠣᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠪᠦᠦ ᠸᠸᠨ ᠯᠠᠨ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠺᠠᠳ᠋ᠷ᠂ ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠨᠡᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠬᠤ ᠥᠷᠨᠢᠯᠲᠡ᠎ᠶ᠋ᠢ ᠦᠳᠲᠡᠷ ᠲᠦᠷᠭᠡᠨ ᠪᠤᠢ ᠪᠤᠯᠭᠠᠵᠤ᠂ ᠦᠨᠳᠦᠰᠦᠨ ᠱᠠᠲᠤᠨ᠎ᠤ ᠣᠨᠣᠯ᠎ᠤᠨ ᠤᠬᠠᠭᠤᠯᠤᠨ ᠲᠠᠢᠯᠪᠤᠷᠢᠯᠠᠬᠤ ᠠᠵᠢᠯ᠎ᠢ ᠠᠮᠢᠳᠤᠯᠢᠭ ᠪᠥᠭᠡᠳ ᠬᠥᠭ᠌ᠵᠢᠶᠡᠨ᠎ᠲᠡᠶ ᠶᠠᠪᠤᠭᠳᠠᠭᠤᠯᠵᠤ᠂ ᠥᠷᠭᠡᠨ ᠣᠯᠠᠨ ᠡᠮᠡᠭ᠌ᠲᠡᠢᠴᠦᠳ᠎ᠢ ᠳᠠᠢᠴᠢᠯᠠᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠭᠤᠯᠵᠤ᠂ ᠲᠦᠩᠯᠢᠶᠣᠤ ᠬᠣᠲᠠ᠎ᠶ᠋ᠢᠨ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠬᠦᠨ᠎ᠠ ᠬᠡᠵᠦ ᠢᠯᠡᠷᠭᠡᠢᠯᠡᠪᠡ᠃

8 ᠰᠠᠷ᠎ᠠ᠎ᠶ᠋ᠢᠨ 30 ᠎ᠤ᠋ ᠡᠳᠦᠷ᠂ ᠣᠷᠳᠣᠰ ᠬᠣᠲᠠ᠎ᠶ᠋ᠢᠨ ᠣᠲᠣᠭ ᠬᠣᠱᠢᠭᠤᠨ᠎ᠤ ᠴᠢ ᠫᠠᠨ ᠵᠢᠩ ᠪᠠᠯᠭᠠᠰᠤᠨ᠎ᠳ᠋ᠡᠬᠢ ᠤᠬᠠᠭᠤᠯᠤᠨ ᠲᠠᠢᠯᠪᠤᠷᠢᠯᠠᠬᠤ ᠲᠤᠬᠠᠶ᠎ᠶ᠋ᠢᠨ ᠲᠠᠯᠠᠪᠠᠶ᠎ᠳᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠡᠳ᠋ ᠳᠠᠷᠤᠭ᠎ᠠ᠂ ᠦᠬᠠᠶ ᠬᠣᠲᠠ᠎ᠶ᠋ᠢᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠵᠢᠶᠠᠩ ᠬᠦᠶ ᡁᠢ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠠᠴᠢ ᠬᠣᠯᠪᠣᠭ᠍ᠳᠠᠯ᠂ ᠶᠡᠷᠦᠩᠬᠡᠶ ᠬᠠᠷᠠᠯᠲᠠ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ》 ᠪᠣᠯᠤᠨ 《ᠶᠡᠷᠦᠩᠬᠡᠶ ᠱᠦᠵᠢ ᠰᠢ ᠵᠢᠨ ᠫᠢᠩ᠎ᠦᠨ ᠬᠡᠷ ᠪᠦᠯᠢ᠎ᠶ᠋ᠢᠨ ᠬᠥᠮᠦᠵᠢᠯ ᠬᠡᠷ᠎ᠦᠨ ᠰᠤᠷᠲᠠᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠬᠤ》ᠲᠤᠭᠤᠷᠢᠨ ᠳ᠋ᠤ᠂ ᠡᠮᠡᠭ᠌ᠲᠡᠢᠴᠦᠳ᠎ᠦᠨ ᠬᠤᠯᠪᠤᠭ᠎ᠠ ᠵᠢᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠪᠤᠷᠢᠯᠠᠬᠤ᠎ᠶ᠋ᠢᠨ ᠬᠠᠮᠲᠤ ᠬᠡᠷᠬᠢᠨ ᠦᠨᠳᠦᠰᠦᠨ ᠱᠠᠲᠤᠨ᠎ᠳᠤ ᠨᠠᠢᠳᠠᠪᠤᠷᠢᠵᠢᠭᠤᠯᠬᠤ ᠲᠤᠬᠠᠶ ᠣᠯᠠᠨ᠎ᠲᠠᠶ ᠬᠠᠮᠳᠤ ᠰᠤᠳᠤᠯᠤᠨ ᠶᠠᠷᠢᠯᠴᠠᠵᠤ ᠰᠠᠨᠠᠯ ᠵᠢᠡᠨ ᠰᠤᠯᠢᠯᠴᠠᠪᠠ᠃ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠪᠠᠲᠤᠯᠠᠬᠤ᠂ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠂ ᠡᠮᠡᠭ᠌ᠲᠡᠢᠴᠦᠳ᠎ᠦᠨ ᠭᠠᠪᠢᠶ᠎ᠠ ᠪᠠᠢᠭᠤᠯᠵᠤ ᠦᠢᠯᠡᠰ ᠪᠤᠰᠭᠠᠬᠤ ᠵᠡᠷᠭᠡ ᠥᠷᠭᠡᠨ ᠤᠯᠠᠨ ᠡᠮᠡᠭ᠌ᠲᠡᠢᠴᠦᠳ ᠎ᠲᠡᠶ ᠨᠢᠭ᠍ᠲᠠ ᠬᠣᠯᠪᠣᠭ᠍ᠳᠠᠬᠤ ᠵᠣᠷᠢᠭ ᠰᠠᠨᠠᠭ᠎ᠠ᠎ᠶ᠋ᠢ ᠭᠣᠣᠯᠳᠠᠯᠭ᠎ᠠ᠎ᠲᠠᠶ ᠤᠯᠠᠮᠵᠢᠯᠠᠵᠤ᠂ ᠨᠠᠮ ᠪᠣᠯᠤᠨ ᠵᠠᠰᠠᠭ᠎ᠤᠨ ᠣᠷᠳᠣᠨ᠎ᠤ ᠡᠮᠡᠭ᠌ᠲᠡᠢᠴᠦᠳ ᠬᠡᠦᠬᠡᠳ᠎ᠲᠦ ᠠᠱᠢᠭ ᠬᠦᠷᠲᠡᠭᠡᠬᠦ᠌ 《ᠰᠠᠢ᠌ᠨ ᠳᠠᠭᠤᠨ》 ᠂ 《ᠰᠠᠢ᠌ᠨ ᠲᠦᠷᠦ᠍᠎ᠶ᠋ᠢᠨ ᠪᠤᠳᠤᠯᠭ᠎ᠠ》 ᠵᠢ ᠴᠠᠭ ᠲᠤᠬᠠᠢ᠎ᠳᠤᠨᠢ ᠦᠨᠳᠦᠰᠦᠨ ᠱᠠᠲᠤᠨ᠎ᠳᠤ ᠳᠠᠮᠵᠢᠭᠤᠯᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠨ ᠲᠦᠮᠡᠨ᠎ᠦ ᠰᠡᠳᠭᠢᠯ᠎ᠳᠦ ᠬᠠᠳᠠᠩᠱᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面