ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-09 09:53:32

ᠵᠣᠬᠢᠶᠠᠭ᠍ᠴᠢ᠄ ᠯᠢ ᠶᠦᠩ ᠲᠤᠤ ᠵᠠᠩ ᠬᠤᠢ ᠯᠢᠩ ᠵᠤᠤ ᠨᠠ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 29 ᠤ᠋ ᠡᠳᠦᠷ ᠪᠠ 30 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ᠎ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠥᠪᠥᠷ ᠮᠣᠩᠭᠣᠯ᠎ᠤᠨ ᠬᠥᠬᠡᠬᠣᠲᠠ᠎ᠳ᠋ᠡᠬᠢ ᠪᠣᠷᠣᠯᠠᠭᠤᠯᠭ᠎ᠠ᠎ᠶ᠋ᠢᠨ ᠬᠤᠪᠢᠶᠠᠷᠢ ᠺᠣᠮᠫᠠᠨᠢ᠎ᠶ᠋ᠢᠨ ᠪᠠᠪᠠᠶ ᠲᠣᠰᠣᠨ ᠬᠥᠮᠥᠷᠭᠡ (ᠳᠣᠷᠣᠭ᠍ᠰᠢ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠠᠪᠠᠶ ᠲᠣᠰᠣᠨ ᠬᠥᠮᠥᠷᠭᠡ ᠭᠡᠵᠦ᠍ ᠳᠦᠬᠦᠮᠴᠢᠯᠡᠨ᠎ᠡ)᠂ ᠵᠠᠮ ᠬᠥᠭᠥᠷᠭᠡ᠎ᠶ᠋ᠢᠨ ᠪᠦᠯᠦᠭ᠌ᠯᠡᠯ᠂ ᠥᠪᠥᠷ ᠮᠣᠩᠭᠣᠯ᠎ᠤᠨ ᠺᠢᠨᠣ᠋᠎ᠶ᠋ᠢᠨ ᠪᠦᠯᠦᠭ᠌ᠯᠡᠯ᠎ᠳᠦ ᠭᠦᠨᠵᠡᠭᠡᠢᠷᠡᠨ ᠬᠤᠪᠢᠶᠠᠷᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠺᠠᠳ᠋ᠷ ᠣᠯᠠᠨ ᠲᠦᠮᠡᠨ᠎ᠦ ᠳᠡᠷᠭᠡᠳᠡ ᠬᠦᠷᠭᠡᠪᠡ᠃

8 ᠰᠠᠷ᠎ᠠ᠎ᠶ᠋ᠢᠨ 29 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠎ᠤ ᠬᠥᠳᠡᠯᠮᠦᠷᠢ ᠎ᠶ᠋ᠢᠨ ᠵᠢᠱ᠌ᠢᠶᠡᠴᠢ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠥᠪᠥᠷ ᠮᠣᠩᠭᠣᠯ᠎ᠤᠨ ᠬᠥᠬᠡᠬᠣᠲᠠ᠎ᠳᠠᠬᠢ ᠪᠣᠷᠣᠯᠠᠭᠤᠯᠭ᠎ᠠ᠎ᠶ᠋ᠢᠨ ᠬᠤᠪᠢᠶᠠᠷᠢ ᠺᠣᠮᠫᠠᠨᠢ᠎ᠶ᠋ᠢᠨ ᠮᠠᠢᠬᠠᠨ ᠪᠠᠢᠰᠢᠩ ᠲᠣᠰᠣ ᠨᠡᠮᠡᠬᠦ᠌ ᠥᠷᠲᠡᠭᠡ᠎ᠶ᠋ᠢᠨ ᠳᠠᠷᠤᠭ᠎ᠠ ᠳ᠋ᠦᠩ ᠾᠧ ᠹᠧᠩ ᠠᠵᠢᠯ᠎ᠤᠨ ᠪᠠᠢᠷᠢ᠎ᠲᠠᠶ᠎ᠪᠠᠨ ᠤᠶᠠᠯᠳᠤᠭᠤᠯᠤᠨ᠂ 《〈ᠴᠢᠳᠠᠪᠤᠷᠢᠲᠠᠨ〉 ᠢ᠋ ᠤᠯᠬᠤᠢ ᠳ᠋ᠤᠷ ᠶᠣᠰᠣᠨ᠎ᠲᠠᠶ᠂ ᠴᠢᠳᠠᠪᠤᠷᠢᠲᠠᠨ᠎ᠢ ᠴᠤᠭ᠍ᠯᠠᠷᠠᠭᠤᠯᠬᠤᠢ ᠳ᠋ᠤᠷ ᠬᠦᠴᠦᠨ᠎ᠲᠡᠶ᠂ 〈ᠴᠢᠳᠠᠪᠤᠷᠢᠲᠠᠨ〉 ᠢ᠋ ᠠᠰᠢᠬᠯᠠᠬᠤᠢ ᠳ᠋ᠤᠷ ᠠᠷᠭ᠎ᠠ᠎ᠲᠠᠶ᠂ ᠴᠢᠳᠠᠪᠤᠷᠢᠲᠠᠨ᠎ᠢ ᠬᠡᠷᠡᠭ᠌ᠯᠡᠬᠦᠢ ᠳ᠋ᠤᠷ ᠪᠦᠲᠦᠮᠵᠢᠲᠡᠶ》 ᠴᠢᠳᠠᠪᠤᠷᠢᠲᠠᠨ᠎ᠢᠶᠠᠷ ᠠᠵᠤ ᠠᠬᠤᠢᠯᠠᠯ᠎ᠢᠶᠠᠨ ᠬᠦᠴᠦᠷᠬᠡᠭ᠌ᠵᠢᠭᠦᠯᠦᠭᠰᠡᠨ ᠬᠣᠱᠢᠭᠤᠴᠢ ᠪᠣᠯᠬᠤ ᠵᠡᠷᠭᠡ ᠲᠠᠯ᠎ᠠ᠎ᠪᠠᠷ᠂ ᠳᠤᠮᠳᠠᠳᠤ ᠤᠯᠤᠰ᠎ᠤᠨ ᠴᠢᠯᠠᠭᠤᠨ ᠲᠣᠰᠣᠨ ᠎ᠤ ᠪᠠᠪᠠᠢ ᠲᠣᠰᠣᠨ ᠬᠥᠮᠥᠷᠭᠡ᠎ᠶ᠋ᠢᠨ ᠠᠵᠢᠯᠲᠠᠨ ᠠᠵᠢᠯᠴᠢᠨ᠎ᠳᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠤ ᠠᠬᠤᠢᠯᠠᠯ᠎ᠳᠤ ᠦᠨᠳᠤᠰᠦᠯᠡᠬᠦ᠎ᠶ᠋ᠢ ᠠᠬᠢᠭᠤᠯᠬᠤ ᠲᠠᠨᠢᠯᠲᠠ ᠪᠠ ᠲᠥᠷᠥᠭ᠌ᠳᠡᠯ ᠵᠢᠡᠨ ᠬᠤᠪᠢᠶᠠᠯᠴᠠᠪᠠ᠃

8 ᠰᠠᠷ᠎ᠠ᠎ᠶ᠋ᠢᠨ 29 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠭᠣᠶᠣ ᠠᠵᠢᠯᠲᠠᠨ᠂ ᠪᠥᠬᠥ᠌ ᠤᠯᠤᠰ᠎ᠤᠨ《5·1》 ᠤ᠋ ᠬᠥᠳᠡᠯᠮᠦᠷᠢ ᠎ᠶ᠋ᠢᠨ ᠱᠠᠩᠨᠠᠯ᠎ᠤᠨ ᠮᠧᠳᠠᠯ ᠬᠦᠷᠲᠡᠭ᠌ᠴᠢ ᠰᠦᠨ ᠵᠢᠨ ᠯᠦᠩ ᠪᠣᠯᠤᠨ ᠥᠪᠡᠷᠲᠡᠭᠡᠨ ᠵᠠᠰᠠᠬᠤ ᠣᠷᠣᠨ ᠎ᠤ ᠠᠵᠢᠯᠴᠢᠨ ᠎ᠤ ᠡᠪᠯᠡᠯ ᠎ᠦᠨ ᠱᠢᠰᠲ᠋ᠧᠮ ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠵᠠᠮ ᠬᠥᠭᠥᠷᠭᠡ᠎ᠶ᠋ᠢᠨ ᠪᠦᠯᠦᠭ᠌ᠯᠡᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠮᠠᠲ᠋ᠧᠷᠢᠶᠠᠯ ᠲᠥᠬᠥᠭᠡᠷᠦᠮᠵᠢ᠎ᠶ᠋ᠢᠨ ᠲᠥᠪ᠎ᠦᠨ ᠳᠡᠳ᠋ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠪᠥᠬᠥ᠌ ᠤᠯᠤᠰ᠎ᠤᠨ ᠬᠠᠮᠤᠭ᠎ᠤᠨ ᠭᠣᠶᠣ ᠵᠠᠰᠠᠮᠠᠯ ᠵᠠᠮ᠎ᠤᠨ ᠠᠵᠢᠯᠳᠠᠨ ᠰᠥᠩ ᠶᠤᠸᠠᠨ ᠪᠢᠶᠤᠤ ᠥᠪᠥᠷ ᠮᠣᠩᠭᠣᠯ᠎ᠤᠨ ᠵᠠᠮ ᠬᠥᠭᠥᠷᠭᠡ᠎ᠶ᠋ᠢᠨ ᠪᠦᠯᠦᠭ᠌ᠯᠡᠯ᠎ᠦᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ᠎ᠶ᠋ᠢᠨ ᠵᠠᠮ ᠬᠠᠷᠢᠯᠴᠠᠭᠠᠨ᠎ᠤ ᠠᠵᠢᠯ ᠲᠥᠷᠥᠯ ᠎ᠦᠨ ᠰᠦᠶ᠋ᠳᠭᠡᠯ ᠬᠤᠷᠢᠶᠠᠭ᠍ᠴᠢ᠂ ᠵᠠᠮ ᠠᠷᠠᠴᠢᠯᠠᠨ ᠬᠠᠮᠠᠭᠠᠯᠠᠭ᠍ᠴᠢ᠂ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠠᠵᠢᠯᠲᠠᠨ᠎ᠳᠤ ᠲᠣᠰ ᠲᠣᠰ ᠤᠬᠠᠭᠤᠯᠤᠨ ᠲᠠᠢᠯᠪᠤᠷᠢᠯᠠᠪᠠ᠃ ᠰᠦᠨ ᠵᠢᠨ ᠯᠦᠩ ᠠᠵᠢᠯ᠎ᠤᠨ ᠳᠤᠮᠳᠠ᠎ᠪᠠᠨ ᠮᠡᠳᠡᠯᠭᠡ ᠮᠡᠬᠦᠰ ᠲᠤᠷᠰᠢᠯᠭ᠎ᠠ ᠴᠦᠭᠡᠨ ᠶᠡᠬᠡ ᠰᠤᠷᠭᠠᠭᠤᠯᠢ ᠲᠡᠭᠦᠰᠦᠭ᠌ᠰᠡᠨ ᠣᠶᠤᠲᠠᠨ ᠪᠠᠢᠭ᠍ᠰᠠᠨ᠎ᠡᠴᠡ᠎ᠪᠠᠨ ᠪᠦᠬᠦ᠌ ᠤᠯᠤᠰ᠎ᠤᠨ 《 5·1 》 ᠤ᠋ ᠬᠥᠳᠡᠯᠮᠦᠷᠢ᠎ᠶ᠋ᠢᠨ ᠱᠠᠩᠨᠠᠯ ᠤ᠋ᠨ ᠮᠸᠳ᠋ᠠᠯ ᠬᠦᠷᠳᠡᠭᠴᠢ ᠪᠣᠯᠤᠭ᠍ᠰᠠᠨ ᠥᠩᠭᠡᠷᠡᠯᠲᠡ᠎ᠪᠡᠷ᠎ᠢᠶᠡᠨ ᠠᠵᠢᠯ ᠦᠢᠯᠡᠰ᠎ᠢᠶᠡᠨ ᠳᠡᠭᠡᠳᠦᠯᠡᠨ ᠬᠤᠪᠢ ᠨᠡᠮᠡᠷᠢ ᠦᠵᠡᠭᠦᠯᠵᠦ᠍᠂ ᠳᠠᠪᠠᠯᠭᠠᠨ᠎ᠢ ᠵᠦᠰᠦᠨ ᠤᠷᠤᠭ᠍ᠰᠢᠯᠠᠭ᠍ᠰᠠᠨ ᠲᠡᠮᠡᠴᠡᠯ᠎ᠦᠨ ᠥᠩᠭᠡᠷᠡᠯᠲᠡ᠎ᠪᠡᠨ ᠲᠠᠢᠯᠪᠤᠷᠢᠯᠠᠵᠠᠢ᠃ ᠰᠦᠩ ᠶᠤᠸᠠᠨ ᠪᠢᠶᠤᠤ ᠠᠵᠤ ᠦᠢᠯᠡᠰ᠎ᠦᠨ ᠠᠵᠢᠯᠴᠢᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠬᠡᠷᠬᠢᠨ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠲᠤᠬᠠᠢ ᠥᠪᠡᠷ᠎ᠦᠨ ᠰᠤᠷᠤᠯᠴᠠᠬ᠍ᠰᠠᠨ ᠲᠦᠷᠦᠭ᠌ᠳᠡᠯ᠎ᠢᠶᠡᠨ ᠬᠤᠪᠢᠶᠠᠯᠴᠠᠪᠠ᠃

8 ᠰᠠᠷ᠎ᠠ᠎ᠶ᠋ᠢᠨ 30 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠎ᠶ᠋ᠢᠨ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ᠂ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠬᠦᠬᠢᠭᠦᠯᠦᠯ ᠎ᠤᠨ ᠳᠡᠮᠳᠡᠭ ᠬᠦᠷᠲᠡᠭ᠌ᠴᠢ ᠵᠠᠩ ᠯᠸᠢ ᠥᠪᠥᠷ ᠮᠣᠩᠭᠣᠯ᠎ᠤᠨ ᠺᠢᠨᠣ᠋᠎ᠶ᠋ᠢᠨ ᠪᠦᠯᠦᠭ᠌ᠯᠡᠯ᠎ᠳᠦ ᠬᠦᠷᠴᠤ᠂ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠵᠤ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠤᠶ᠎ᠠ》 ᠭᠡᠬᠦ᠌ ᠰᠡᠳᠦᠪ᠎ᠢᠶᠡᠷ᠂ 《ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠣᠢᠯᠠᠭᠠᠬᠤ》᠂《〈ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠤᠭᠳᠠᠭᠠᠯ〉 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦ ᠲᠠᠯ᠎ᠠ ᠪᠡᠷ ᠤᠨᠤᠪᠴᠢᠳᠠᠢ ᠤᠢᠯᠠᠭᠠᠬᠤ》᠂ 《ᠬᠡᠷᠬᠢᠨ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠤᠢ》ᠵᠡᠷᠭᠡ ᠭᠤᠷᠪᠠᠨ ᠲᠠᠯ᠎ᠠ᠎ᠶ᠋ᠢᠨ ᠠᠭᠤᠯᠭ᠎ᠠ ᠵᠢᠨ ᠲᠤᠭᠤᠷᠢᠨ ᠳ᠋ᠤ᠂ ᠠᠵᠢᠯ᠎ᠤᠨ ᠪᠣᠳᠠᠲᠤ ᠪᠠᠢᠶ᠋ᠳᠠᠯ ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠠᠢᠯᠪᠤᠷᠢᠯᠠᠨ ᠦᠭᠦᠯᠡᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面