2024-09-09 09:48:58
ᠤᠢᠷ᠎ᠠ ᠵᠢᠨ ᠡᠳᠦᠷ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠡ ᠢ᠋ᠢᠨ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠢ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠬᠣᠲᠠ ᠪᠣᠯᠤᠨ ᠲᠦᠩᠯᠢᠶᠣᠤ ᠬᠣᠲᠠ ᠳ᠋ᠤ᠌ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠥᠷᠭᠡᠨ ᠣᠯᠠᠨ ᠴᠠᠬᠢᠯᠭᠠᠨ ᠬᠦᠴᠦᠨᠦ ᠠᠵᠢᠯᠲᠠᠨ ᠠᠵᠢᠯᠴᠢᠳ ᠲᠦ᠍ ᠳᠠᠮᠵᠢᠭᠤᠯᠪᠠ ᠃
ᠥᠪᠥᠷ ᠮᠣᠩᠭᠣᠯ ᠤ᠋ᠨ ᠴᠠᠬᠢᠯᠭᠠᠨ ᠬᠦᠴᠦᠨ ( ᠪᠦᠯᠦᠭ᠌ᠯᠡᠯ ) ᠤ᠋ ᠬᠢᠵᠠᠭᠠᠷᠲᠤ ᠺᠣᠮᠫᠠᠨᠢ ᠢ᠋ᠢᠨ ᠤᠯᠠᠭᠠᠨᠴᠠᠪ ᠤ᠋ᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠳ᠋ᠤ᠌ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠣᠷᠳᠣᠰ ᠬᠣᠲᠠ ᠢ᠋ᠢᠨ ᠵᠡᠭᠦᠨᠭᠠᠷ ᠬᠣᠱᠢᠭᠤᠨ ᠤ᠋ ᠱᠠᠵᠢᠨᠳᠤᠬᠤᠢ ᠪᠠᠯᠭᠠᠰᠤᠨ ᠤ᠋ ᠳᠡᠳ᠋ ᠳᠠᠷᠤᠭ᠎ᠠ᠂ ᠶᠢᠩ ᠽᠸ ᠵᠡᠭᠡᠯᠢ ᠭᠤᠳᠤᠮᠵᠢ ᠢ᠋ᠢᠨ ᠨᠠᠨ ᠶᠤᠸᠠᠨ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠤ᠋ᠨ ᠵᠥᠪᠯᠡᠯ ᠤ᠋ᠨ ᠡᠷᠬᠢᠯᠡᠭ᠌ᠴᠢ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠱᠢᠯᠢᠳᠡᠭ ᠡᠪ ᠬᠠᠮᠲᠤ ᠨᠠᠮ ᠤ᠋ᠨ ᠭᠡᠱᠢᠭᠦᠨ ᠳ᠋ᠧᠩ ᠢᠦᠶ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠲᠤᠭᠤᠱᠢᠯᠠᠭᠤᠯᠵᠤ ᠬᠠᠮᠲᠤ ᠪᠡᠷ ᠪᠠᠢᠭᠤᠯᠵᠤ ᠬᠠᠮᠲᠤ ᠪᠡᠷ ᠵᠠᠰᠠᠵᠤ ᠬᠠᠮᠲᠤ ᠪᠡᠷ ᠡᠳ᠋ᠯᠡᠬᠦ᠌ ᠦᠨᠳᠦᠰᠦᠨ ᠱᠠᠲᠤᠨ ᠤ᠋ ᠵᠠᠰᠠᠯᠲᠠ ᠢ᠋ᠢᠨ ᠱᠢᠨ᠎ᠡ ᠪᠠᠢᠷᠢᠱᠢᠯ ᠢ᠋ ᠴᠢᠷᠮᠠᠢᠨ ᠪᠠᠢᠭᠤᠯᠤᠶ᠎ᠠ》 ᠭᠡᠬᠦ᠌ ᠰᠡᠳᠦᠪ ᠢ᠋ᠢᠡᠷ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠤᠢᠯᠠᠭᠠᠵᠤ᠂ ᠥᠭᠡᠷᠡᠴᠢᠯᠡᠯᠲᠡ ᠢ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠢᠲᠡᠭᠡᠯ ᠵᠣᠷᠢᠭ ᠢ᠋ᠢᠡᠨ ᠪᠠᠳᠤᠳᠬᠠᠬᠤ ; ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠢ᠋ᠢᠨ ᠲᠣᠭᠣᠷᠢᠨ ᠳ᠋ᠤ᠌ ᠥᠭᠡᠷᠡᠴᠢᠯᠡᠯᠲᠡ ᠢ᠋ᠢ ᠪᠦᠬᠦ᠌ ᠲᠠᠯ᠎ᠠ ᠪᠡᠷ ᠭᠦᠨᠵᠡᠭᠡᠢᠷᠡᠭᠦᠯᠵᠦ᠍᠂ ᠬᠤᠷᠠᠯ ᠤ᠋ᠨ ᠠᠯᠪᠠᠨ ᠮᠡᠳᠡᠭᠡ ᠢ᠋ᠢᠨ ᠭᠣᠣᠯᠳᠠᠯᠭ᠎ᠠ ᠢ᠋ᠢ ᠪᠦᠬᠦ᠌ ᠲᠠᠯ᠎ᠠ ᠪᠡᠷ ᠡᠵᠡᠮᠳᠡᠬᠦ᠌ ; ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠡ ᠢ᠋ᠢᠨ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ ᠤ᠋ᠨ ᠣᠨᠴᠠᠯᠢᠭ ᠪᠦᠬᠦᠢ ᠣᠳᠣᠬᠢᠴᠢᠯᠠᠭ᠍ᠰᠠᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠢ᠋ᠢ ᠪᠢᠴᠢᠭ᠌ᠯᠡᠬᠦ᠌ ᠵᠡᠷᠭᠡ ᠠᠭᠤᠯᠭ᠎ᠠ ᠢ᠋ᠢᠨ ᠲᠤᠭᠤᠷᠢᠨ ᠳ᠋ᠤ᠌ ᠭᠣᠢᠳᠠ ᠰᠠᠢᠬᠠᠨ ᠲᠠᠢᠯᠪᠤᠷᠢᠯᠠᠯᠳᠡ ᠬᠢᠵᠡᠢ᠂ ᠤᠯᠠᠨ ᠢ᠋ᠢᠡᠷ ᠢ᠋ᠢᠡᠨ ᠤᠬᠠᠭᠤᠯᠤᠨ ᠲᠠᠢᠯᠪᠤᠷᠢᠯᠠᠬᠤ ᠮᠡᠳᠡᠬᠦᠯᠦᠯᠳᠡ ᠢ᠋ᠢ ᠰᠤᠨᠤᠰᠤᠭᠰᠠᠨ ᠤ᠋ ᠲᠠᠷᠠᠭ᠎ᠠ ᠤᠯᠤᠯᠳᠡ ᠶᠡᠬᠡ᠂ ᠮᠠᠰᠢ ᠶᠡᠬᠡ ᠵᠣᠷᠢᠭ᠍ᠵᠢᠭᠤᠯᠤᠯ ᠣᠯᠵᠠᠢ ᠭᠡᠵᠡᠭᠡᠯᠠ᠃
ᠲᠦᠩᠯᠢᠶᠣᠤ ᠢ᠋ᠢᠨ ᠢᠯᠴᠢ ᠴᠠᠬᠢᠯᠭᠠᠨ ᠤ᠋ ᠬᠢᠵᠠᠭᠠᠷᠲᠤ ᠺᠣᠮᠫᠠᠨᠢ ᠳ᠋ᠤ᠌᠂ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠡᠪᠯᠡᠯ ᠤ᠋ᠨ ᠱᠢᠰᠲ᠋ᠧᠮ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ᠂ ᠲᠦᠩᠯᠢᠶᠣᠤ ᠢ᠋ᠢᠨ ᠲᠠᠪᠤᠳᠤᠭᠠᠷ ᠳᠤᠮᠳᠠᠳᠤ ᠰᠤᠷᠭᠠᠭᠤᠯᠢ ᠢ᠋ᠢᠨ ᠪᠠᠭ᠍ᠰᠢ᠂ ᠪᠥᠬᠥ᠌ ᠤᠯᠤᠰ ᠤ᠋ᠨ 《5·1》 ᠤ᠋ ᠬᠥᠳᠡᠯᠮᠦᠷᠢ ᠢ᠋ᠢᠨ ᠱᠠᠩᠨᠠᠯ ᠤ᠋ᠨ ᠮᠧᠳᠠᠯ ᠬᠦᠷᠲᠡᠭ᠌ᠴᠢ ᠱᠢᠤᠢ ᠵᠢᠶ ᠮᠢᠩ ᠦᠪᠡᠷ ᠤ᠋ᠨ ᠠᠵᠢᠯ ᠤ᠋ᠨ ᠥᠩᠭᠡᠷᠡᠯᠲᠡᠲᠡᠶ ᠪᠡᠨ ᠤᠶᠠᠯᠳᠤᠭᠤᠯᠤᠨ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠡ ᠢ᠋ᠢᠨ ᠭᠤᠷᠪᠠᠳᠤᠭᠠᠷ ᠪᠦᠬᠦᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ ᠤ᠋ᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠢ᠋ᠢ ᠭᠦᠨᠵᠡᠭᠡᠶ ᠰᠤᠷᠤᠯᠴᠠᠨ ᠣᠢᠯᠠᠭᠠᠬᠤ᠂ ᠥᠭᠡᠷᠡᠴᠢᠯᠡᠯᠲᠡ ᠢ᠋ᠢ ᠤᠯᠠᠮ ᠨᠢᠭᠡ ᠠᠯᠬᠤᠮ ᠪᠥᠬᠥ᠌ ᠲᠠᠯ᠎ᠠ ᠪᠡᠷ ᠭᠦᠨᠵᠡᠭᠡᠢᠷᠡᠭᠦᠯᠬᠦ᠌ ᠴᠢᠬᠤᠯᠠ ᠶᠡᠬᠡ ᠵᠠᠷᠴᠢᠮ ᠢ᠋ ᠭᠦᠨᠵᠡᠭᠡᠶ ᠡᠵᠡᠮᠱᠢᠬᠦ᠌ ᠵᠡᠷᠭᠡ ᠲᠠᠯ᠎ᠠ ᠪᠡᠷ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠡ ᠢ᠋ᠢᠨ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠱᠢᠰᠲ᠋ᠧᠮᠲᠡᠶ ᠲᠣᠳᠣᠷᠬᠠᠢᠯᠠᠨ ᠥᠭᠦᠯᠡᠵᠦ᠍ ᠲᠠᠢᠯᠪᠤᠷᠢᠯᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃