2024-09-10 09:31:40
9 ᠰᠠᠷ᠎ᠠ᠎ᠶ᠋ᠢᠨ 2 ᠤ᠋ᠨ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠵᠢᠨ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠢ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠳᠦ ᠳᠠᠮᠵᠢᠭᠤᠯᠪᠠ᠃
ᠥᠪᠥᠷ ᠮᠣᠩᠭᠣᠯ᠎ᠤᠨ ᠴᠠᠬᠢᠯᠭᠠᠨ ᠬᠦᠴᠦᠨ ᠦ ᠪᠦᠯᠦᠭ᠌ᠯᠡᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ ᠤᠨ ᠥᠮᠴᠢᠯᠡᠯ᠎ᠤᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠥᠪᠥᠷ ᠮᠣᠩᠭᠣᠯ᠎ᠤᠨ ᠴᠠᠬᠢᠯᠭᠠᠨ ᠬᠦᠴᠦᠨ ᠦ ᠪᠦᠯᠦᠭ᠌ᠯᠡᠯ ᠦᠨ ᠬᠡᠷᠡᠭ ᠮᠡᠳᠡᠭ᠌ᠴᠢᠳ ᠦᠨ ᠳᠠᠷᠤᠭ᠎ᠠ ᠵᠠᠩ ᠬᠠᠶ ᠹᠸᠩ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠎ᠪᠠᠷ ᠭᠠᠷᠳᠠᠴᠠ ᠪᠣᠯᠭᠠᠵᠤ᠂ ᠪᠥᠬᠥᠳᠡ ᠬᠤᠷᠠᠯ᠎ᠤᠨ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠬᠦᠢᠴᠡᠳ ᠣᠨᠣᠪᠴᠢᠲᠠᠶ ᠣᠢᠯᠠᠭᠠᠬᠤ ᠵᠡᠷᠭᠡ ᠲᠠᠯ᠎ᠠ ᠪᠠᠷ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠤᠮᠵᠢ ᠬᠢᠪᠠ᠃
ᠥᠪᠥᠷ ᠮᠣᠩᠭᠣᠯ᠎ᠤᠨ ᠳᠠᠪᠤᠰᠤᠨ᠎ᠤ ᠦᠶ᠋ᠯᠡᠰ ᠦᠨ ᠪᠦᠯᠦᠭ᠌ᠯᠡᠯ ᠳᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ ᠤᠨ ᠥᠮᠴᠢᠯᠡᠯ᠎ᠤᠨ ᠠᠵᠤ ᠠᠬᠤᠢᠯᠠᠯ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠥᠪᠥᠷ ᠮᠣᠩᠭᠣᠯ᠎ᠤᠨ ᠳᠠᠪᠤᠰᠤᠨ᠎ᠤ ᠦᠶ᠋ᠯᠡᠰ᠎ᠦᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠶᠤᠸᠠᠨ ᠰᠦ ᠮᠠᠨ᠎ᠤ ᠣᠷᠣᠨ᠎ᠤ ᠳᠠᠪᠤᠰᠤᠨ᠎ᠤ ᠦᠶ᠋ᠯᠡᠰ᠎ᠦᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠥᠷᠭᠡᠨ ᠣᠯᠠᠨ ᠺᠠᠳ᠋ᠷ ᠠᠵᠢᠯᠲᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠠᠴᠢ ᠬᠣᠯᠪᠣᠭ᠍ᠳᠠᠯ ᠪᠠ《ᠲᠣᠭ᠍ᠲᠠᠭᠠᠯ》᠎ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ ᠵᠢ ᠬᠥᠲᠥᠯᠥᠨ ᠵᠢᠯᠣᠭᠣᠳᠴᠤ᠌᠂ ᠤᠯᠠᠨ ᠵᠢᠡᠷ ᠵᠢᠡᠨ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠭᠤᠤᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠤᠢᠯᠠᠭᠠᠵᠤ᠂ ᠲᠡᠷᠡ ᠶᠣᠰᠣᠭᠠᠷ᠎ᠨᠢ ᠪᠣᠳᠠᠲᠠᠶ᠎ᠳᠤ ᠨᠠᠢᠳᠠᠪᠤᠷᠢᠵᠢᠭᠤᠯᠬᠤ ᠵᠢ ᠵᠣᠷᠢᠭ᠍ᠵᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃