ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-10 09:24:42

ᠵᠣᠬᠢᠶᠠᠭ᠍ᠴᠢ᠄ ᠯᠢ ᠼᠦᠨ ᠱᠢᠶᠠ ᠵᠠᠩ ᠬᠤᠢ ᠯᠢᠩ ᠣᠩᠱᠢᠭ᠍ᠰᠠᠨ ᠣᠳᠠᠭ᠎ᠠ᠄ 3

ᠤᠢ᠍ᠢᠷ᠎ᠠ᠎ᠶ᠋ᠢᠨ ᠡᠳᠦᠷ᠎ᠤᠳ᠎ᠲᠦ᠂ ᠨᠠᠮ ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠎ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠳᠦ ᠳᠠᠮᠵᠢᠭᠤᠯᠪᠠ᠃

8 ᠰᠠᠷ᠎ᠠ᠎ᠶ᠋ᠢᠨ 30 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠳ᠋ᠤ᠂ ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠨᠠᠮ᠎ᠤᠨ ᠲᠡᠦᠬᠡ ᠪᠠ ᠨᠠᠮ ᠎ᠤᠨ ᠪᠠᠢᠭᠤᠯᠤᠯᠲᠠ᠎ᠶ᠋ᠢᠨ ᠵᠢᠭᠠᠬᠤ᠎ᠶ᠋ᠢ ᠰᠤᠳᠤᠯᠬᠤ ᠬᠡᠯᠲᠡᠰ᠎ᠦᠨ ᠳᠡᠳ᠋ ᠡᠷᠬᠢᠯᠡᠭ᠌ᠴᠢ᠂ ᠳᠡᠳ᠋ ᠫᠷᠤᠹᠧᠰᠰᠤᠷ ᠰᠦᠨ ᠶᠠ ᠵᠢᠶᠧ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ 《ᠨᠠᠮ᠎ᠤᠨ ᠬᠣᠷᠢᠳᠤᠭᠠᠷ ᠬᠤᠭᠤᠴᠠᠭᠠᠨ ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ ᠎ᠢ ᠭᠦᠶ᠋ᠴᠡᠳ ᠲᠠᠨᠢᠬᠤ》᠂ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠡᠵᠡᠮᠱᠢᠬᠦ᠌᠂ 《〈ᠲᠣᠭ᠍ᠲᠠᠭᠠᠯ〉ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠣᠢᠯᠠᠭᠠᠬᠤ》 ᠵᠡᠷᠭᠡ ᠲᠠᠯ᠎ᠠ᠎ᠪᠠᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠤ ᠭᠦᠨᠵᠡᠭᠡᠶ ᠲᠠᠢᠯᠪᠦᠷᠢᠯᠠᠪᠠ᠃

9 ᠰᠠᠷ᠎ᠠ᠎ᠶ᠋ᠢᠨ 2 ᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠳ᠋ᠤ᠂ ᠥᠪᠡᠷᠲᠡᠭᠡᠨ ᠵᠠᠰᠠᠬᠤ ᠣᠷᠣᠨ ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ ᠎ᠶ᠋ᠢᠨ ᠨᠢᠭᠡᠳᠦᠭᠡᠷ ᠳᠡᠰ ᠎ᠤᠨ ᠲᠣᠭᠣᠷᠢᠨ ᠪᠠᠢᠴᠠᠭᠠᠭ᠍ᠴᠢ ᠵᠤᠤ ᠵᠢᠩ ᠬᠤᠸᠠ 《ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠤᠯᠤᠰ ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ ᠎ᠢᠶᠡᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠪᠣᠯ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠮᠦᠨ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠬᠤ ᠵᠡᠷᠭᠡ ᠲᠠᠯ᠎ᠠ᠎ᠡᠴᠡ ᠪᠦᠬᠦ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠦ ᠲᠣᠳᠣᠷᠬᠠᠢᠯᠠᠨ ᠥᠭᠦᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面