2024-09-11 09:53:54
9 ᠰᠠᠷ᠎ᠠ᠎ᠶ᠋ᠢᠨ 9 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠥᠪᠥᠷ ᠮᠣᠩᠭᠣᠯ ᠤᠨ ᠲᠠᠷᠢᠶᠠᠯᠠᠩ ᠮᠠᠯ ᠠᠵᠤ ᠠᠬᠤᠢ ᠵᠢᠨ ᠱᠢᠨᠵᠢᠯᠡᠬᠦ᠌ ᠤᠬᠠᠭᠠᠨ ᠤ ᠬᠦᠷᠢᠶᠡᠯᠡᠩ᠎ᠦᠨ ᠳᠠᠷᠤᠭ᠎ᠠ ᠯᠦ᠍ ᠵᠠᠨ ᠶᠤᠸᠠᠨ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠣᠭᠣᠷᠢᠨ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢᠬᠢ ᠨᠠᠮ᠎ᠤᠨ ᠲᠥᠪ ᠬᠣᠷᠢᠶ᠎ᠠ ᠡᠴᠡ ᠥᠭᠡᠷᠡᠴᠢᠯᠡᠯᠲᠡ᠎ᠶ᠋ᠢ ᠪᠦᠬᠦ᠌ ᠲᠠᠯ᠎ᠠ ᠪᠠᠷ ᠭᠦᠨᠵᠡᠭᠡᠢᠷᠡᠭᠦᠯᠬᠦ᠌ ᠲᠤᠬᠠᠢ ᠭᠠᠷᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠂ ᠦᠵᠦ᠍ ᠲᠥᠯᠥᠪᠯᠡᠭᠡ᠂ ᠨᠢᠭᠡᠳᠦᠯᠲᠡᠢ ᠲᠦᠯᠦᠪᠯᠡᠭᠰᠡᠨ ᠪᠠ ᠦᠷᠭᠦᠯᠵᠢᠯᠡᠨ ᠠᠬᠢᠭᠤᠯᠤᠭᠰᠠᠨ ᠵᠡᠷᠭᠡ ᠲᠠᠯ᠎ᠠ᠎ᠪᠠᠷ᠂ ᠥᠭᠡᠷᠡᠴᠢᠯᠡᠯᠲᠡ ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠳᠠᠮᠵᠢᠨ ᠨᠠᠮ ᠪᠣᠯᠤᠨ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ ᠢ ᠠᠬᠢᠭᠤᠯᠤᠭᠠᠳ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ᠂ ᠡᠭᠦᠰᠦᠭ᠌ᠰᠡᠨ ᠲᠡᠦᠬᠡᠲᠦ ᠴᠢᠨᠠᠷᠲᠠᠢ ᠬᠤᠪᠢᠰᠤᠯᠲᠠ ᠶ᠋ᠢ ᠱᠢᠰᠲ᠋ᠧᠮ᠎ᠲᠡᠶ ᠡᠷᠭᠢᠴᠡᠭᠦᠯᠦᠭ᠌ᠰᠡᠨ ᠪᠥᠭᠡᠳ 《 ᠲᠣᠭ᠍ᠲᠠᠭᠠᠯ 》 ᠤ᠋ᠨ ᠦᠨᠳᠦᠰᠦᠨ ᠪᠣᠷᠣ ᠲᠥᠯᠥᠪ ᠪᠣᠯᠤᠨ ᠭᠣᠣᠯ ᠠᠭᠤᠯᠭ᠎ᠠ᠎ᠶ᠋ᠢ ᠨᠠᠷᠢᠨ ᠲᠣᠳᠣᠷᠬᠠᠢᠯᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠭᠦᠨᠵᠡᠭᠡᠢ ᠠᠭᠤᠯᠤᠭ᠍ᠳᠠᠬᠤᠨ᠎ᠢ ᠪᠦᠬᠦ᠌ ᠲᠠᠯ᠎ᠠ᠎ᠪᠠᠷ ᠬᠠᠮᠤᠷᠴᠤ᠂ ᠣᠨᠣᠪᠴᠢᠲᠠᠢ ᠲᠣᠳᠣᠷᠬᠠᠢᠯᠠᠨ ᠥᠭᠦᠯᠡᠵᠦ᠍᠂ ᠶᠣᠰᠣ ᠤᠴᠢᠷ᠎ᠢ ᠨᠡᠪᠲᠡᠷᠬᠡᠢ ᠶᠠᠷᠢᠵᠤ᠂ ᠦᠢᠯᠡᠳᠦᠯᠭᠡ ᠲᠠᠢ ᠤᠶᠠᠯᠳᠤᠭᠤᠯᠵᠤ᠂ ᠤᠨᠤᠯ᠎ᠤᠨ ᠴᠢᠨᠠᠷ᠂ ᠦᠵᠡᠯ ᠰᠠᠨᠠᠭᠠᠴᠢ ᠴᠢᠨᠠᠷ ᠪᠣᠯᠤᠨ ᠦᠢᠯᠡᠳᠦᠯᠭᠡ᠎ᠶ᠋ᠢᠨ ᠴᠢᠨᠠᠷ᠎ᠢ ᠨᠢᠭᠡ ᠴᠤᠬ᠍ᠴᠠᠵᠢᠭᠤᠯᠤᠭᠰᠠᠨ ᠵᠢᠡᠷ ᠮᠡᠳᠡᠬᠦᠯᠦᠯᠳᠡ ᠮᠠᠰᠢ ᠴᠢᠩᠭ᠎ᠠ ᠰᠡᠩᠬᠡᠷᠡᠭᠦᠯᠬᠦ᠌ ᠦᠢᠯᠡᠳᠦᠯ᠎ᠲᠡᠶ ᠪᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃