ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-09-11 09:55:53

ᠵᠣᠬᠢᠶᠠᠭ᠍ᠴᠢ᠄ ᠯᠢᠦ ᠬᠣᠩ ᠵᠠᠩ ᠵᠠᠡᠭ ᠯᠦ᠍ ᠵᠦ᠍ ᠶᠤᠸᠠᠨ ᠯᠢ ᠱᠢᠤᠢ ᠶᠤᠸᠠᠢ ᠣᠩᠱᠢᠭ᠍ᠰᠠᠨ ᠣᠳᠠᠭ᠎ᠠ᠄ 3

9 ᠰᠠᠷ᠎ᠠ᠎ᠶ᠋ᠢᠨ 2 ᠎ᠤᠨ ᠡᠳᠦᠷ ᠪᠠ 3 ᠤ᠋ ᠡᠳᠦᠷ᠂ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ᠎ᠶ᠋ᠢᠨ ᠬᠤᠪᠢᠶᠠᠷᠢᠴᠢᠯᠠᠭᠰᠠᠨ ᠤᠬᠠᠭᠤᠯᠤᠨ ᠲᠠᠢᠯᠪᠤᠷᠢᠯᠠᠬᠤ ᠠᠵᠢᠯ ᠦᠷᠭᠦᠯᠵᠢᠯᠡᠨ ᠶᠠᠪᠤᠭ᠍ᠳᠠᠵᠠᠢ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠠᠯᠠᠱᠠ ᠠᠢᠮᠠᠭ᠂ ᠱᠢᠯᠢ᠎ᠶ᠋ᠢᠨ ᠭᠤᠤᠯ ᠠᠢᠮᠠᠭ ᠲᠸ᠋ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠷᠭᠡᠨ ᠣᠯᠠᠨ ᠺᠠᠳ᠋ᠷ ᠠᠵᠢᠯᠲᠠᠨ᠎ᠳᠦ ᠳᠠᠮᠵᠢᠭᠤᠯᠪᠠ᠃

9 ᠰᠠᠷ᠎ᠠ᠎ᠶ᠋ᠢᠨ 2 ᠤ᠋ᠨ ᠦᠳᠡ᠎ᠶ᠋ᠢᠨ ᠡᠮᠦᠨ᠎ᠡ᠂ ᠠᠯᠠᠱᠠ ᠡᠠᠢᠮᠠᠭ᠎ᠤᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ ᠡᠵᠡᠩᠨᠡᠯᠲᠡ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠦ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ᠌ ᠶᠡᠷᠦᠩᠬᠡᠶ ᠥᠷᠲᠡᠭᠡ᠎ᠶ᠋ᠢᠨ ᠳᠡᠭᠡᠳᠦ ᠵᠡᠷᠭᠡ᠎ᠶ᠋ᠢᠨ ᠢᠨᠵᠧᠨᠧᠷ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠲᠠᠨ ᠸᠠᠩ ᠹᠠᠩ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠠᠮᠢ ᠠᠬᠤᠶ ᠤᠷᠴᠢᠨ ᠲᠤᠭᠤᠷᠢᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》ᠭᠡᠬᠦ᠌ ᠰᠡᠳᠦᠪ᠎ᠢᠶᠡᠷ᠂ ᠥᠪᠡᠷ᠎ᠦᠨ ᠠᠵᠢᠯ᠎ᠤᠨ ᠪᠣᠳᠠᠲᠤ ᠪᠠᠢᠲᠠᠯ ᠪᠠ ᠥᠪᠡᠷ᠎ᠦᠨ ᠤᠯᠤᠯᠳᠠ ᠲᠥᠷᠥᠭ᠌ᠳᠡᠯ᠎ᠲᠡᠶ᠎ᠪᠡᠨ ᠤᠶᠠᠯᠳᠤᠭᠤᠯᠤᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠵᠠᠷᠴᠢᠮ᠎ᠢ ᠭᠦᠨᠵᠡᠭᠡᠶ ᠡᠵᠡᠮᠱᠢᠬᠦ᠌ ᠵᠡᠷᠭᠡ ᠲᠠᠯ᠎ᠠ᠎ᠪᠠᠷ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠲᠠᠢᠯᠤᠮᠵᠢ ᠬᠢᠪᠡ᠃

9 ᠰᠠᠷ᠎ᠠ᠎ᠶ᠋ᠢᠨ 2 ᠎ᠤ᠋ᠨ ᠦᠳᠡ᠎ᠶ᠋ᠢᠨ ᠬᠣᠢᠨ᠎ᠠ᠂ ᠸᠠᠩ ᠹᠠᠩ ᠠᠯᠠᠱᠠ ᠵᠡᠭᠦᠨ ᠬᠣᠱᠢᠭᠤᠨ᠎ᠤ ᠬᠣᠲᠠ ᠬᠥᠳᠡᠭᠡ᠎ᠶ᠋ᠢᠨ ᠤᠰᠤᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ᠎ᠳᠤ ᠬᠦᠷᠴᠦ᠍᠂ ᠺᠠᠳ᠋ᠷ ᠠᠵᠢᠯᠲᠠᠨ ᠠᠵᠢᠯᠴᠢᠨ᠎ᠲᠠᠶ ᠨᠢᠭᠤᠷᠳᠠᠨ ᠤᠬᠠᠭᠤᠯᠤᠨ ᠲᠠᠢᠯᠪᠤᠷᠢᠯᠠᠵᠤ ᠰᠠᠨᠠᠯ᠎ᠢᠶᠠᠨ ᠰᠣᠯᠢᠯᠴᠠᠵᠠᠢ᠃

9 ᠰᠠᠷ᠎ᠠ᠎ᠶ᠋ᠢᠨ 2 ᠤ᠋ᠨ ᠡᠳᠦᠷ᠂ ᠱᠢᠯᠢ᠎ᠶ᠋ᠢᠨ ᠭᠤᠤᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠦ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠭᠠᠵᠠᠷ ᠳᠤᠤᠷᠠᠬᠢ ᠲᠡᠮᠦᠷ ᠵᠠᠮ᠎ᠤᠨ ᠡᠵᠡᠩᠨᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠦᠴᠦᠳᠡᠯ ᠥᠭᠡᠷᠡᠴᠢᠯᠡᠬᠦ ᠰᠡᠯᠪᠢᠨ ᠵᠠᠰᠠᠬᠤ ᠳᠡᠭᠡᠳᠦ ᠵᠡᠷᠭᠡ᠎ᠶ᠋ᠢᠨ ᠢᠨᠵᠧᠨᠧᠷ᠂ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠪᠥᠬᠥ᠌ ᠤᠯᠤᠰ᠎ᠤᠨ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠂ 2023 ᠣᠨ᠎ᠤ ᠲᠣᠮᠣ ᠤᠯᠤᠰ᠎ᠤᠨ ᠤᠷᠠᠨ ᠳᠠᠷᠬᠠᠨ ᠎ᠤ ᠵᠢᠱ᠌ᠢᠭ᠌ᠳᠡᠭ᠌ᠴᠢ ᠭᠦᠸᠧ᠎ᠶ᠋ᠢᠨ ᠯᠦᠩ《ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌》 ᠵᠡᠷᠭᠡ ᠲᠠᠯ᠎ᠠ ᠪᠠᠷ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠲᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠳᠤᠮᠳᠠ᠂ ᠭᠦᠸᠧ᠎ᠶ᠋ᠢᠨ ᠯᠦᠩ ᠥᠪᠡᠷ᠎ᠦᠨ ᠠᠵᠢᠯ᠎ᠤᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠪᠦᠬᠦ᠌ ᠪᠠᠭ᠍ᠰᠢ ᠰᠤᠷᠤᠭ᠍ᠴᠢᠳ ᠲᠸ᠋ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠴᠢᠷᠮᠠᠢᠨ ᠲᠡᠮᠡᠴᠡᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠡᠨ ᠤᠨᠳᠤᠤᠰᠢᠭᠤᠯᠬᠤ ᠵᠢ ᠥᠭᠡᠷᠡᠴᠢᠯᠡᠯᠲᠡ᠎ᠳᠦ ᠣᠷᠣᠯᠴᠠᠭᠤᠯᠬᠤ᠂ ᠥᠭᠡᠷᠡᠴᠢᠯᠡᠯᠲᠡ᠎ᠳᠦ ᠬᠦᠴᠦᠨ ᠨᠡᠮᠡᠷᠢᠯᠡᠬᠦ᠌᠂ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠶ᠋ᠢ ᠵᠣᠷᠢᠭ᠍ᠵᠢᠭᠤᠯᠪᠠ᠃

9 ᠰᠠᠷ᠎ᠠ᠎ᠶ᠋ᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠱᠢᠯᠢ᠎ᠶ᠋ᠢᠨ ᠭᠤᠤᠯ ᠠᠢᠮᠠᠭ ᠎ᠤᠨ ᠲᠥᠪ ᠡᠮᠨᠡᠯᠭᠡ᠎ᠶ᠋ᠢᠨ ᠬᠣᠷᠢᠶᠠᠨ᠎ᠤ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠳᠠᠰᠤᠭ᠎ᠤᠨ ᠡᠷᠬᠢᠯᠡᠭ᠌ᠴᠢ ᠯᠢᠦ ᠱᠸ᠋ ᠵᠢᠶᠦ᠋ᠨ ᠳ᠋ᠡ ᠲᠠᠩ (ᠥᠪᠥᠷ ᠮᠣᠩᠭᠣᠯ)ᠡᠨᠧᠷᠭᠢ᠎ᠶ᠋ᠢᠨ ᠨᠡᠭᠡᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠱᠢᠯᠢ᠎ᠶ᠋ᠢᠨ ᠭᠤᠤᠯ ᠠᠢᠮᠠᠭ᠎ᠤᠨ ᠱᠢᠨ᠎ᠡ ᠡᠨᠧᠷᠭᠢ᠎ᠶ᠋ᠢᠨ ᠠᠵᠢᠯ ᠦᠶ᠋ᠯᠡᠰ᠎ᠦᠨ ᠬᠡᠯᠲᠡᠰ᠎ᠲᠦ ᠬᠦᠷᠴᠦ ᠤᠬᠠᠭᠤᠯᠤᠨ ᠲᠠᠢᠯᠪᠤᠷᠢᠯᠠᠪᠠ᠃ ᠯᠢᠦ ᠱᠸ᠋ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠎ᠤᠨ ᠵᠣᠷᠢᠭ ᠰᠠᠨᠠᠭᠠᠨ᠎ᠤ ᠲᠣᠭᠣᠷᠢᠨ᠎ᠳᠤ᠂ 《ᠥᠭᠡᠷᠡᠴᠢᠯᠡᠯᠲᠡ᠎ᠶ᠋ᠢ ᠤᠯᠠᠮ ᠨᠢᠬᠡ ᠠᠯᠬᠤᠮ ᠭᠦᠨᠵᠡᠭᠡᠢᠷᠡᠭᠦᠯᠵᠦ᠍᠂ ᠱᠢᠨ᠎ᠡ ᠡᠨᠧᠷᠭᠢ + ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》 ᠭᠡᠬᠦ᠌ ᠭᠤᠤᠯ ᠰᠡᠳᠦᠪ᠎ᠢᠶᠡᠷ ᠨᠢᠭᠡ ᠤᠳᠠᠭᠠᠨ᠎ᠤ ᠭᠣᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ ᠬᠢᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面