2024-09-12 10:10:05
9 ᠰᠠᠷ᠎ᠠ᠎ᠶ᠋ᠢᠨ 3 ᠤ᠋ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠠᠵᠢᠯ ᠲᠦᠷᠦᠯ ᠱᠢᠰᠲᠸᠮ ᠨᠢᠭᠡᠴᠢ ᠶ᠋ᠢᠨ ᠬᠤᠪᠢᠶᠠᠷᠢᠴᠢᠯᠠᠬᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠷᠭᠦᠯᠵᠢᠯᠡᠨ ᠶᠠᠪᠤᠭ᠍ᠳᠠᠵᠤ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠎ᠶ᠋ᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠳᠦ ᠳᠠᠮᠵᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠳᠦ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠨᠠᠮ᠎ᠤᠨ ᠲᠡᠦᠬᠡ ᠪᠠ ᠨᠠᠮ ᠤᠨ ᠪᠠᠢᠭᠤᠯᠤᠯᠲᠠ ᠶ᠋ᠢᠨ ᠵᠢᠭᠠᠨ ᠰᠤᠳᠤᠯᠬᠤ ᠬᠡᠯᠲᠡᠰ ᠦᠨ ᠳᠡᠳ᠋ ᠡᠷᠬᠢᠯᠡᠭ᠌ᠴᠢ ᠰᠦᠨ ᠶᠠ ᠵᠢᠶ᠍ᠸ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠤᠨ ᠴᠢᠬᠤᠯᠠ ᠠᠴᠢ ᠬᠣᠯᠪᠣᠭ᠍ᠳᠠᠯ ᠢ ᠭᠦᠢᠴᠡᠳ ᠲᠠᠨᠢᠬᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ ᠪᠠᠷ ᠭᠦᠨᠵᠡᠭᠡᠢᠷᠡᠭᠦᠯᠬᠦ᠌ ᠶᠡᠷᠦᠩᠬᠡᠶ ᠱᠠᠭᠠᠷᠳᠠᠯᠭ᠎ᠠ᠎ᠶ᠋ᠢ ᠭᠦᠨᠵᠡᠭᠡᠶ ᠡᠵᠡᠮᠳᠡᠬᠦ᠂ 《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠬᠦᠢᠴᠡᠳ ᠣᠨᠣᠪᠴᠢᠲᠠᠶ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤᠨ ᠱᠢᠨ᠎ᠡ ᠬᠠᠭᠤᠳᠠᠰᠤ ᠶ᠋ᠢ ᠪᠢᠴᠢᠭ᠌ᠯᠡᠬᠦ᠌ ᠵᠡᠷᠭᠡ 4 ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍ ᠭᠦᠨᠵᠡᠭᠡᠶ ᠲᠠᠢᠯᠤᠮᠵᠢ ᠬᠢᠪᠠ᠃
ᠡᠳ᠋᠎ᠦᠨ ᠵᠠᠰᠠᠭ᠎ᠤᠨ ᠶᠠᠮᠤᠨ᠎ᠤ ᠥᠪᠥᠷ ᠮᠣᠩᠭᠣᠯ ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠳ᠋ᠤ ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ ᠤᠨ ᠨᠠᠮ ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠨᠠᠮ ᠤᠨ ᠲᠡᠦᠬᠡ ᠪᠠ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ ᠦᠨ ᠳᠡᠳ᠋ ᠡᠷᠬᠢᠯᠡᠭ᠌ᠴᠢ ᠰᠦᠨ ᠶᠠ ᠵᠢᠶᠧ 《ᠱᠢᠨ᠎ᠡ ᠠᠶᠠᠨ ᠵᠠᠮ᠎ᠳᠤ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯᠯᠠᠭᠠᠨ᠎ᠤ ᠬᠥᠲᠥᠯᠪᠦᠷᠢ》 ᠪᠠᠷ ᠰᠡᠳᠦᠪ ᠪᠣᠯᠭᠠᠵᠤ᠂ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ ᠪᠣᠯ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠴᠢᠬᠤᠯᠠ ᠬᠤᠷᠠᠯ ᠮᠦᠨ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ ᠵᠡᠷᠭᠡ ᠲᠠᠯ᠎ᠠ ᠪᠠᠷ ᠪᠥᠬᠥ᠌ ᠲᠠᠯ᠎ᠠ᠎ᠪᠠᠷ ᠱᠢᠰᠲ᠋ᠧᠮ᠎ᠲᠡᠶ ᠲᠠᠢᠯᠤᠮᠵᠢ ᠬᠢᠵᠡᠶ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠨᠢ ᠪᠠᠶᠠᠯᠢᠭ ᠪᠦᠭᠡᠳ ᠠᠮᠢᠳᠤᠯᠢᠭ ᠪᠠᠢᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠣᠢᠯᠠᠭᠠᠬᠤ᠎ᠳᠤ ᠮᠠᠰᠢ ᠰᠠᠢ᠌ᠨ ᠤᠨᠤᠯ᠎ᠤᠨ ᠵᠢᠯᠤᠭᠤᠳᠤᠯᠭ᠎ᠠ ᠪᠠ ᠦᠢᠯᠡᠳᠦᠯᠭᠡ᠎ᠶ᠋ᠢᠨ ᠵᠢᠯᠤᠭᠤᠳᠤᠯᠭ᠎ᠠ ᠬᠠᠩᠭᠠᠪᠠ᠃
ᠤᠯᠤᠰ ᠤᠨ ᠠᠭᠤᠷᠬᠠᠶ᠎ᠶ᠋ᠢᠨ ᠠᠮᠤᠷ ᠲᠦᠪᠱᠢᠨ᠎ᠦ ᠬᠢᠨᠠᠨ ᠪᠠᠢᠴᠠᠭᠠᠬᠤ ᠲᠣᠪᠴᠢᠶ᠎ᠠ᠎ᠶ᠋ᠢᠨ ᠥᠪᠥᠷ ᠮᠣᠩᠭᠣᠯ᠎ᠤᠨ ᠲᠣᠪᠴᠢᠶ᠎ᠠ ᠳ᠋ᠤ᠂ ᠥᠪᠡᠷᠲᠡᠭᠡᠨ ᠵᠠᠰᠠᠬᠤ ᠣᠷᠣᠨ ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠪᠦᠷᠢᠯᠳᠦᠬᠦᠨ᠂ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠵᠣᠣ ᠵᠢᠩ ᠬᠤᠸᠠ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠬᠤ᠂《ᠲᠣᠭ᠍ᠲᠠᠭᠠᠯ》 ᠳ᠋ᠤ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠶᠡᠷᠦᠩᠬᠡᠶ ᠱᠠᠭᠠᠷᠳᠠᠯᠭ᠎ᠠ ᠪᠠ ᠴᠢᠬᠤᠯᠠ ᠶᠡᠬᠡ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠳᠤ ᠭᠦᠨᠵᠡᠭᠡᠶ ᠲᠠᠢᠯᠤᠮᠵᠢ ᠬᠢᠵᠦ᠍ ᠬᠠᠪᠰᠤᠷᠤᠨ ᠵᠢᠯᠣᠭᠣᠳᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃