2024-09-12 10:07:14
9 ᠰᠠᠷ᠎ᠠ᠎ᠶ᠋ᠢᠨ 10᠎ᠤ᠋ ᠡᠳᠦᠷ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠳᠦ ᠬᠦᠷᠴᠦ᠍ ᠤᠬᠠᠭᠤᠯᠤᠨ ᠲᠠᠢᠯᠪᠤᠷᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ ᠵᠧᠦ ᠺᠠᠢ ᠡᠨᠡ ᠤᠳᠠᠭ᠎ᠠ᠎ᠶ᠋ᠢᠨ ᠪᠦᠭᠦᠳᠡ ᠬᠤᠷᠠᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠭᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠮᠦᠨ; ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠭᠤᠷᠪᠠᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ; 《 ᠲᠣᠭ᠍ᠲᠠᠭᠠᠯ 》᠎ᠳ᠋ᠤ᠌ ᠳᠤᠷᠠᠳᠤᠭ᠍ᠰᠠᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦ᠌ ᠲᠠᠯ᠎ᠠ ᠪᠠᠷ ᠣᠨᠣᠪᠴᠢᠲᠠᠶ ᠣᠢᠯᠠᠭᠠᠬᠤ;ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠨᠠᠢ᠍ᠮᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ; ᠲᠥᠪ ᠭᠣᠣᠯᠴᠢ᠎ᠪᠠᠷ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠬᠦᠯᠵᠤ᠂ ᠬᠠᠤᠯᠢ ᠪᠠᠷᠢᠬᠤ ᠵᠠᠰᠠᠭ ᠵᠠᠬᠢᠷᠭᠠᠨ᠎ᠤ ᠲᠡᠮᠦᠷ ᠴᠡᠷᠢᠭ᠎ᠢ ᠪᠤᠢ ᠪᠣᠯᠭᠠᠬᠤ ᠵᠡᠷᠭᠡ ᠲᠠᠯ᠎ᠠ᠎ᠵᠢᠨ ᠲᠤᠭᠤᠷᠢᠨ᠎ᠳᠤ ᠨᠠᠮ ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠵᠢᠨ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ ᠲᠡᠶ ᠲᠣᠳᠣᠷᠬᠠᠢᠯᠠᠨ ᠥᠭᠦᠯᠡᠵᠦ᠍ ᠭᠦᠨᠵᠡᠭᠡᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠦᠵᠡᠯ ᠰᠠᠨᠠᠭᠠᠨ᠎ᠤ ᠦᠨᠳᠦᠷᠴᠡ ᠲᠠᠢ ᠪᠥᠭᠡᠳ ᠤᠨᠤᠯ᠎ᠤᠨ ᠭᠦᠨᠴᠡ ᠲᠡᠶ᠂ ᠮᠠᠰᠢ ᠴᠢᠩᠭ᠎ᠠ ᠴᠢᠭ᠌ᠯᠡᠬᠦᠯᠦᠯᠳᠤ ᠴᠢᠨᠠᠷ ᠪᠠ ᠦᠢᠯᠡᠳᠦᠯᠭᠡ ᠶ᠋ᠢᠨ ᠴᠢᠨᠠᠷᠲᠠᠶ ᠪᠤᠯᠵᠠᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃