2020-01-07 09:26:34
ᠤᠯᠤᠰ᠎ᠤᠨ ᠲᠡᠷᠢᠬᠦᠯᠡᠭᠴᠢ ᠰᠢ᠎ᠶᠢᠨ ᠫᠢᠩ 6᠎ᠤ ᠡᠳᠤᠷ ᠠᠷᠠᠳ᠎ᠤᠨ ᠶᠡᠬᠡ ᠬᠤᠷᠡᠯ᠎ᠤᠨ ᠲᠠᠩᠬᠢᠮ᠎ᠳ᠋ᠤ ᠺᠢᠷᠢᠪᠠᠰᠢ᠎ᠶᠢᠨ ᠶᠡᠷᠤᠩᠬᠡᠢᠯᠡᠭᠴᠢ ᠮᠠᠮᠤᠤ᠎ᠲᠠᠢ ᠭᠡᠯᠡᠯᠴᠡᠭᠡ ᠬᠢᠵᠠᠢ ᠃
ᠰᠢ᠎ᠶᠢᠨ ᠫᠢᠩ ᠂ ᠰᠢᠨ᠎ᠡ ᠵᠢᠯ ᠡᠬᠢᠯᠡᠵᠥ ᠂ ᠲᠡᠯᠡᠬᠡᠢ ᠲᠡᠬᠡᠷ᠎ᠡ ᠰᠠᠢᠨ ᠮᠠᠭᠤ ᠮᠡᠳᠡᠬᠡ ᠰᠤᠯᠪᠢᠴᠠᠵᠥ ᠂ ᠲᠤᠭᠳᠠᠭᠤᠨ ᠪᠤᠰᠤ ᠲᠤᠭᠳᠠᠭᠠᠯᠳᠦ ᠪᠤᠰᠤ ᠡᠯᠸᠮᠸᠨ᠋ᠲ ᠨᠡᠮᠡᠭᠳᠡᠵᠥ ᠪᠠᠢᠨ᠎ᠠ ᠃ ᠶᠡᠷᠤᠩᠬᠡᠢᠯᠡᠭᠴᠢ ᠠᠪᠤᠭᠠᠢ᠎ᠶᠢᠨ ᠠᠢᠯᠴᠢᠯᠠᠯᠳᠠ᠎ᠨᠢ ᠪᠡᠭᠡᠵᠢᠩ᠎ᠤᠨ ᠰᠢᠨ᠎ᠡ ᠵᠢᠯ᠎ᠤᠨ ᠠᠩᠬᠠᠨ᠎ᠤ ᠴᠠᠰᠤ᠎ᠲᠠᠢ ᠲᠤᠬᠢᠶᠠᠯᠳᠤᠪᠠ ᠃ ᠲᠤᠮᠳᠠᠳᠤ ᠤᠯᠤᠰ᠎ᠲᠤ ᠪᠡᠯᠬᠡᠳᠦ ᠴᠠᠰᠤ ᠦᠨᠢᠷ ᠵᠢᠯ᠎ᠢ ᠪᠡᠯᠭᠡᠳᠡᠨ᠎ᠡ ᠬᠡᠵᠥ ᠬᠡᠯᠡᠳᠡᠭ ᠃ 2020 ᠤᠨ᠎ᠳ᠋ᠤ ᠲᠤᠮᠳᠠᠳᠤ ᠤᠯᠤᠰ᠎ᠤᠨ ᠬᠦᠭᠵᠢᠯᠳᠡ ᠨᠡᠩ ᠰᠠᠢᠨ ᠪᠤᠯᠤᠨ᠎ᠠ ᠭᠡᠵᠤ ᠪᠢᠳᠡ ᠢᠳᠡᠬᠡᠯ ᠲᠡᠭᠦᠯᠳᠡᠷ ᠪᠠᠢᠨ᠎ᠠ ᠬᠡᠵᠥ ᠵᠢᠭᠠᠵᠥ ᠭᠠᠷᠭᠠᠪᠠ ᠃
ᠰᠢ᠎ᠶᠢᠨ ᠫᠢᠩ ᠂ ᠨᠢᠳᠤᠨᠤᠨ᠎ᠤ 9 ᠰᠠᠷ᠎ᠠ᠎ᠳ᠋ᠤ ᠂ ᠲᠤᠮᠳᠠᠳᠤ ᠤᠯᠤᠰ ᠪᠤᠯᠤᠨ ᠺᠢᠷᠢᠪᠠᠰᠢ ᠨᠢᠬᠡ ᠲᠤᠮᠳᠠᠳᠤ ᠤᠯᠤᠰ ᠪᠠᠢᠬᠤ ᠵᠠᠷᠴᠢᠮ᠎ᠤᠨ ᠰᠠᠭᠤᠷᠢᠨ ᠲᠡᠭᠡᠷ᠎ᠡ ᠭᠠᠳᠠᠭᠠᠳᠤ ᠬᠠᠷᠢᠯᠴᠠᠭ᠎ᠠ᠎ᠪᠠᠨ ᠰᠡᠷᠬᠦᠬᠡᠵᠥ ᠂ ᠬᠤᠶᠠᠷ ᠤᠯᠤᠰ᠎ᠤᠨ ᠬᠠᠷᠢᠯᠴᠠᠭᠠᠨ᠎ᠤ ᠬᠦᠭᠵᠢᠯᠳᠡ᠎ᠶᠢᠨ ᠰᠢᠨ᠎ᠡ ᠬᠠᠭᠤᠳᠠᠰᠤ᠎ᠶᠢ ᠰᠡᠬᠦᠭᠰᠡᠡ ᠪᠠᠢᠨ᠎ᠠ ᠃ ᠶᠡᠷᠤᠩᠬᠡᠢᠯᠡᠭᠴᠢ ᠠᠪᠤᠭᠠᠢ ᠪᠤᠯᠤᠨ ᠺᠢᠷᠢᠪᠠᠰᠢ᠎ᠶᠢᠨ ᠵᠠᠰᠠᠭ᠎ᠤᠨ ᠤᠷᠳᠤᠨ ᠲᠡᠤᠬᠡ᠎ᠶᠢᠨ ᠵᠦᠪ ᠲᠠᠯ᠎ᠠ᠎ᠳ᠋ᠤ ᠵᠤᠭᠰᠤᠵᠥ ᠂ ᠪᠠᠢᠯᠳᠤᠬᠤ ᠪᠤᠳᠤᠯᠭ᠎ᠠ᠎ᠶᠢᠨ ᠬᠠᠷᠠᠴᠠ ᠪᠤᠯᠤᠨ ᠤᠯᠤᠰ ᠲᠦᠷᠦ᠎ᠶᠢᠨ ᠰᠦᠰᠦ ᠵᠤᠷᠢᠭ᠎ᠢᠶᠡᠨ ᠬᠦᠢᠴᠡᠳ ᠢᠯᠡᠷᠡᠬᠦᠯᠪᠡ ᠃ ᠲᠤᠮᠳᠠᠳᠤ ᠤᠯᠤᠰ ᠡᠬᠦᠨ᠎ᠢ ᠲᠡᠬᠡᠳᠤ ᠬᠡᠮᠵᠢᠶ᠎ᠡ᠎ᠪᠠᠷ ᠮᠠᠭᠳᠠᠨ ᠰᠠᠢᠰᠢᠶᠠᠵᠥ ᠪᠠᠢᠨ᠎ᠠ ᠃ ᠬᠠᠷᠢᠯᠴᠠᠭ᠎ᠠ᠎ᠪᠠᠨ ᠰᠡᠷᠬᠦᠬᠡᠭᠰᠡᠡ᠎ᠡᠴᠠ ᠨᠠᠭᠠᠰᠢ ᠂ ᠬᠤᠶᠠᠷ ᠲᠠᠯ᠎ᠠ᠎ᠶᠢᠨ ᠡᠯ᠎ᠡ ᠬᠦᠷᠢᠶ᠎ᠡ ᠴᠠᠷᠠᠭ᠎ᠠ ᠂ ᠡᠯ᠎ᠡ ᠲᠡᠰ ᠲᠠᠪᠬᠤᠷᠭ᠎ᠠ᠎ᠶᠢᠨ ᠰᠤᠯᠢᠯᠴᠠᠭ᠎ᠠ ᠬᠠᠮᠳᠤᠷᠠᠯᠴᠠᠭ᠎ᠠ ᠦᠷᠨᠢᠬᠦᠨ ᠬᠦᠭᠵᠢᠵᠥ ᠂ ᠨᠡᠯᠢᠶᠡᠳ ᠰᠠᠢᠨ ᠠᠮᠵᠢᠯᠳᠡ ᠪᠦᠳᠦᠮᠵᠢ ᠤᠯᠤᠭᠰᠠᠠ ᠪᠠᠢᠨ᠎ᠠ ᠃ ᠲᠤᠮᠳᠠᠳᠤ ᠺᠢᠷᠢᠪᠠᠰᠢ ᠬᠠᠷᠢᠯᠴᠠᠭ᠎ᠠ᠎ᠪᠠᠨ ᠰᠡᠷᠬᠦᠭᠡᠭᠰᠡᠡᠨᠢ ᠬᠤᠶᠠᠷ ᠤᠯᠤᠰ᠎ᠤᠨ ᠠᠷᠠᠳ ᠲᠦᠮᠡᠨ᠎ᠤ ᠬᠠᠮᠳᠤ᠎ᠶᠢᠨ ᠠᠰᠢᠬ ᠲᠤᠰᠠᠲᠠᠢ ᠨᠡᠢᠴᠡᠵᠥ ᠂ ᠬᠤᠶᠠᠷ ᠤᠯᠤᠰ᠎ᠤᠨ ᠬᠠᠷᠢᠯᠴᠠᠭᠠᠨ᠎ᠤ ᠬᠦᠭᠵᠢᠯᠳᠡ᠎ᠶᠢᠨ ᠢᠷᠡᠬᠡᠳᠤᠢ ᠬᠡᠬᠡᠨ ᠰᠠᠷᠠᠭᠤᠯ ᠪᠠᠢᠨ᠎ᠠ ᠬᠡᠳᠡᠭ᠎ᠢ ᠪᠤᠳᠠᠳᠤ ᠶᠠᠪᠤᠳᠠᠯ ᠬᠡᠷᠡᠴᠢᠯᠡᠪᠡ ᠃ ᠶᠡᠷᠤᠩᠬᠡᠢᠯᠡᠭᠴᠢ ᠠᠪᠤᠭᠠᠢ᠎ᠶᠢᠨ ᠡᠨᠡ ᠤᠳᠠᠭ᠎ᠠ ᠲᠤᠮᠳᠠᠳᠤ ᠤᠯᠤᠰ᠎ᠲᠤ ᠠᠢᠯᠴᠢᠯᠠᠬᠰᠠᠠ ᠶᠠᠪᠤᠳᠠᠯ᠎ᠨᠢ ᠲᠤᠮᠳᠠᠳᠤ ᠺᠢᠷᠢᠪᠠᠰᠢ᠎ᠶᠢᠨ ᠬᠠᠷᠢᠯᠴᠠᠭᠠᠨ᠎ᠤ ᠬᠦᠭᠵᠢᠯᠳᠡ᠎ᠶᠢᠨ ᠴᠢᠬᠤᠯᠠ ᠪᠡᠯᠬᠡ ᠲᠡᠮᠳᠡᠭ ᠪᠤᠯᠤᠨ᠎ᠠ ᠃ ᠪᠢᠳᠡ ᠲᠤᠷᠠᠳᠠᠶ᠎ᠠ ᠺᠢᠷᠢᠪᠠᠰᠢᠯᠤᠭᠠ ᠬᠠᠮᠳᠤ᠎ᠪᠠᠷ ᠴᠢᠷᠮᠡᠢᠵᠥ ᠂ ᠬᠤᠶᠠᠷ ᠤᠯᠤᠰ᠎ᠤᠨ ᠬᠠᠷᠢᠯᠴᠠᠭ᠎ᠠ ᠰᠢᠨ᠎ᠡ ᠲᠡᠭᠳᠡᠷ᠎ᠲᠤ ᠭᠠᠷᠴᠦ ᠂ ᠨᠡᠩ ᠤᠯᠠᠨ ᠦᠷ᠎ᠡ ᠪᠦᠳᠦᠬᠡᠯ ᠤᠯᠬᠤ᠎ᠶᠢ ᠠᠬᠢᠭᠤᠯᠤᠨ᠎ᠠ ᠬᠡᠵᠥ ᠴᠢᠬᠤᠯᠠᠴᠢᠯᠠᠪᠠ ᠃
ᠰᠢ᠎ᠶᠢᠨ ᠫᠢᠩ ᠂ ᠬᠤᠶᠠᠷ ᠲᠠᠯ᠎ᠠ᠎ᠪᠠᠷ᠎ᠢᠶᠡᠨ ᠤᠯᠤᠰ ᠲᠦᠷᠦ᠎ᠶᠢᠨ ᠢᠳᠡᠬᠡᠯᠴᠡᠭᠡ᠎ᠪᠠᠨ ᠬᠦᠨᠵᠡᠬᠡᠢᠷᠡᠬᠦᠯᠥᠶᠡ ᠃ ᠲᠤᠮᠳᠠᠳᠤ ᠤᠯᠤᠰ ᠶᠡᠬᠡ ᠪᠠᠭ᠎ᠠ ᠤᠯᠤᠰ ᠭᠡᠰᠡᠨ ᠦᠭᠡᠢ ᠪᠦᠷ ᠡᠷᠬᠡ ᠲᠡᠭᠰᠢ ᠪᠠᠢᠬᠤ᠎ᠶᠢ ᠪᠠᠷᠢᠮᠳᠠᠯᠠᠭᠰᠠᠭᠠᠷ ᠢᠷᠡᠪᠠ ᠂ ᠡᠯ᠎ᠡ ᠤᠯᠤᠰ ᠡᠷᠬᠡ ᠮᠡᠳᠡᠯ ᠪᠤᠯᠤᠨ ᠨᠤᠳᠤᠭ ᠲᠡᠪᠢᠰᠭᠡᠷ᠎ᠤᠨ ᠪᠦᠷᠢᠨ ᠪᠦᠳᠦᠨ ᠪᠠᠢᠬᠤ᠎ᠶᠢ ᠬᠠᠷᠢᠯᠴᠠᠨ ᠬᠦᠨᠳᠦᠳᠬᠡᠵᠥ ᠂ ᠡᠷᠬᠡ ᠲᠡᠭᠰᠢ᠎ᠪᠠᠷ ᠬᠠᠨᠳᠤᠯᠴᠠᠬᠤ ᠶᠤᠰᠤᠳᠠᠢ ᠃ ᠲᠤᠮᠳᠠᠳᠤ ᠤᠯᠤᠰ ᠡᠩᠬᠡ ᠲᠠᠢᠪᠤᠩ ᠬᠦᠭᠵᠢᠯᠳᠡ᠎ᠶᠢᠨ ᠵᠠᠮ᠎ᠢᠶᠠᠷ ᠵᠠᠮᠨᠠᠬᠤ᠎ᠶᠢ ᠪᠠᠷᠢᠮᠳᠠᠯᠠᠨ᠎ᠡ ᠂ ︽ ᠤᠯᠤᠰ ᠬᠦᠴᠦᠷᠬᠡᠭᠵᠢᠪᠡᠯ ᠵᠠᠪᠠᠯ ᠡᠵᠡᠷᠬᠡᠭᠴᠢ ᠪᠤᠯᠬᠤ ︾ ᠶᠠᠪᠤᠳᠠᠯ᠎ᠢ ᠬᠢᠬᠦ ᠦᠬᠡᠢ ᠂ ᠪᠤᠰᠤᠳ ᠤᠯᠤᠰ᠎ᠤᠨ ᠲᠤᠳᠤᠭᠠᠳᠤ ᠶᠠᠪᠤᠳᠠᠯ᠎ᠳ᠋ᠤ ᠭᠠᠷ ᠲᠦᠷᠦᠬᠦ ᠦᠬᠡᠢ ᠂ ᠡᠬᠦᠨ᠎ᠤ ᠵᠡᠷᠬᠡ᠎ᠪᠠᠷ ᠪᠤᠰᠤᠳ ᠤᠯᠤᠰ ᠲᠤᠮᠳᠠᠳᠤ ᠤᠯᠤᠰ᠎ᠤᠨ ᠲᠤᠳᠤᠭᠠᠳᠤ ᠶᠠᠪᠤᠳᠠᠯ᠎ᠳ᠋ᠤ ᠭᠠᠷ ᠲᠦᠷᠦᠬᠦ᠎ᠶᠢ ᠵᠦᠪᠰᠢᠶᠡᠷᠡᠬᠦ ᠦᠬᠡᠢ ᠃ ᠲᠤᠮᠳᠠᠳᠤ ᠤᠯᠤᠰ ᠺᠢᠷᠢᠪᠠᠰᠢᠶᠢᠨᠬᠢᠨᠤ ᠲᠤᠰ ᠤᠯᠤᠰ᠎ᠤᠨ᠎ᠢᠶᠡᠨ ᠪᠠᠢᠳᠠᠯ᠎ᠳ᠋ᠤ ᠲᠤᠬᠢᠷᠠᠬᠰᠠᠠ ᠬᠦᠭᠵᠢᠯᠳᠡ᠎ᠶᠢᠨ ᠵᠠᠮ᠎ᠢᠶᠡᠨ ᠰᠤᠩᠭᠤᠬᠤ᠎ᠶᠢ ᠬᠦᠨᠳᠦᠳᠬᠡᠵᠥ ᠂ ᠲᠤᠷᠠᠳᠠᠶ᠎ᠠ ᠺᠢᠷᠢᠪᠠᠰᠢᠯᠤᠭᠠ ᠲᠡᠬᠡᠳᠤ ᠲᠠᠪᠬᠤᠷᠭ᠎ᠠ ᠪᠤᠯᠤᠨ ᠡᠯ᠎ᠡ ᠲᠡᠰ ᠲᠠᠪᠬᠤᠷᠭ᠎ᠠ᠎ᠶᠢᠨ ᠶᠠᠪᠤᠯᠴᠠᠭ᠎ᠠ᠎ᠪᠠᠨ ᠴᠢᠩᠭᠠᠳᠬᠠᠵᠥ ᠂ ᠲᠦᠷᠦ᠎ᠶᠢ ᠵᠠᠰᠠᠵᠥ ᠵᠠᠰᠠᠭ᠎ᠢ ᠡᠷᠬᠢᠯᠡᠭᠰᠡᠡ ᠲᠤᠷᠰᠢᠯᠭ᠎ᠠ᠎ᠪᠠᠨ ᠬᠤᠪᠢᠶᠠᠯᠴᠠᠨ ᠡᠳ᠋ᠯᠡᠨ᠎ᠡ ᠃ ᠲᠤᠰ ᠤᠳᠠᠭ᠎ᠠ ᠬᠤᠶᠠᠷ ᠤᠯᠤᠰ᠎ᠢᠶᠠᠷ᠎ᠢᠶᠡᠨ ︽ ᠨᠢᠭᠡ ᠪᠦᠰᠡ ᠨᠢᠭᠡ ᠵᠠᠮ ︾᠎ᠢ ᠬᠠᠮᠲᠤ᠎ᠪᠠᠷ ᠪᠦᠲᠦᠭᠡᠨ ᠪᠠᠢᠭᠤᠯᠬᠤ ᠤᠢᠯᠠᠭᠠᠯᠴᠠᠭᠠᠨᠤ ᠰᠠᠨᠠᠮᠵᠢ᠎ᠶᠢᠨ ᠪᠢᠴᠢᠭ ᠵᠡᠷᠭᠡ ᠪᠢᠴᠢᠭ ᠮᠠᠲᠸᠷᠢᠶᠠᠯ ᠳᠡᠭᠡᠷ᠎ᠠ ᠭᠠᠷᠤᠨ ᠦᠰᠦᠭ ᠵᠢᠷᠦᠯᠠ ᠂ ᠡᠭᠦᠨ᠎ᠢᠶᠠᠷ ︽ ᠨᠢᠬᠡ ᠪᠦᠰᠡ ᠨᠢᠭᠡ ᠵᠠᠮ ︾᠎ᠢ ᠬᠠᠮᠲᠤ᠎ᠪᠠᠷ ᠪᠦᠲᠦᠭᠡᠨ ᠪᠠᠢᠭᠤᠯᠬᠤ ᠰᠠᠨᠠᠭᠠᠴᠢᠯᠠᠭ᠎ᠠ᠎ᠶᠢ ︽ ᠺᠢᠷᠢᠪᠠᠰᠢ᠎ᠶᠢᠨ 20 ᠵᠢᠯ᠎ᠤᠨ ᠬᠦᠭᠵᠢᠯᠲᠡ᠎ᠶᠢᠨ ᠲᠦᠯᠦᠪᠵᠢᠭᠦᠯᠭᠡ ︾᠎ᠲᠠᠢ ᠬᠠᠷᠢᠯᠴᠠᠨ ᠵᠤᠯᠭᠠᠯᠳᠤᠭᠤᠯᠵᠤ ᠂ ᠪᠤᠳᠠᠲᠠᠢ᠎ᠶᠢ ᠡᠷᠬᠢᠮᠯᠡᠬᠦ ᠬᠠᠮᠲᠤᠷᠠᠯᠴᠠᠭ᠎ᠠ᠎ᠶᠢ ᠦᠷᠭᠡᠳᠭᠡᠶ᠎ᠠ ᠃ ᠳᠤᠮᠳᠠᠳᠤ᠎ᠶᠢᠨ ᠲᠠᠯ᠎ᠠ ᠳᠤᠷᠠᠲᠠᠶ᠎ᠠ ᠨᠡᠩ ᠤᠯᠠᠨ ᠳᠤᠮᠳᠠᠳᠤ ᠤᠯᠤᠰ᠎ᠤᠨ ᠠᠵᠤ ᠠᠬᠤᠢᠯᠠᠯ ᠺᠢᠷᠢᠪᠠᠰᠢ᠎ᠳ᠋ᠤ ᠬᠦᠷᠴᠦ ᠪᠡᠯᠡ ᠤᠷᠤᠭᠤᠯᠤᠨ ᠠᠵᠤ ᠦᠢᠯᠡᠰ ᠡᠷᠬᠢᠯᠡᠬᠦ᠎ᠶᠢ ᠵᠤᠷᠢᠬᠵᠢᠭᠤᠯᠤᠨ᠎ᠠ ᠃ ᠳᠤᠮᠳᠠᠳᠤ᠎ᠶᠢᠨ ᠲᠠᠯ᠎ᠠ ᠨᠢᠭᠡᠨᠲᠡ ᠺᠢᠷᠢᠪᠠᠰᠢ᠎ᠶᠢ ᠳᠤᠮᠳᠠᠳᠤ ᠤᠯᠤᠰ᠎ᠤᠨ ᠢᠷᠭᠡᠳ ᠪᠦᠯᠬᠦᠮ ᠪᠠᠢᠭᠤᠯᠤᠨ ᠤᠯᠤᠰ᠎ᠤᠨ ᠭᠠᠳᠠᠭᠠᠳᠤ᠎ᠳ᠋ᠤ ᠭᠠᠷᠴᠤ ᠵᠢᠭᠤᠯᠴᠢᠯᠠᠬᠤ ᠵᠤᠷᠢᠯᠲᠠᠲᠦ ᠭᠠᠵᠠᠷ ᠪᠤᠯᠭᠠᠬᠤ᠎ᠪᠠᠷ ᠵᠦᠪᠰᠢᠶᠡᠷᠡᠵᠡᠢ ᠂ ᠬᠤᠶᠠᠷ ᠲᠠᠯ᠎ᠠ᠎ᠪᠠᠷ᠎ᠢᠶᠡᠨ ᠰᠤᠶᠤᠯ ᠢᠷᠭᠡᠨᠰᠢᠯ᠎ᠤᠨ ᠰᠤᠯᠢᠯᠴᠠᠭ᠎ᠠ ᠪᠤᠯᠤᠨ ᠤᠷᠤᠨ ᠨᠤᠲᠤᠭ᠎ᠤᠨ ᠬᠠᠮᠲᠤᠷᠠᠯᠴᠠᠭ᠎ᠠ᠎ᠪᠠᠨ ᠴᠢᠩᠭᠠᠳᠬᠠᠵᠤ ᠪᠤᠯᠤᠨ᠎ᠠ ᠃ ᠳᠤᠮᠳᠠᠳᠤ᠎ᠶᠢᠨ ᠲᠠᠯ᠎ᠠ ᠳᠤᠷᠠᠲᠠᠶ᠎ᠠ ᠺᠢᠷᠢᠪᠠᠰᠢ᠎ᠶᠢᠨ ᠲᠠᠯ᠎ᠠ᠎ᠯᠤᠭ᠎ᠠ ᠤᠯᠠᠨ ᠤᠯᠤᠰ᠎ᠤᠨ ᠬᠤᠯᠪᠤᠭᠠᠲᠤ ᠪᠠᠢᠭᠤᠯᠭ᠎ᠠ ᠂ ᠨᠤᠮᠤᠬᠠᠨ ᠳᠠᠯᠠᠢ᠎ᠶᠢᠨ ᠠᠷᠠᠯᠲᠤ ᠤᠯᠤᠰ᠎ᠤᠳ᠎ᠤᠨ ᠶᠠᠷᠢᠶᠠᠨ᠎ᠤ ᠲᠠᠪᠴᠠᠩ ᠵᠡᠷᠭᠡ ᠤᠯᠠᠨ ᠲᠠᠯᠠᠲᠤ ᠲᠤᠬᠲᠠᠴᠠ᠎ᠶᠢᠨ ᠳᠤᠲᠤᠷ᠎ᠠ ᠤᠯᠤᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ ᠂ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤᠷᠠᠯᠴᠠᠭ᠎ᠠ᠎ᠶᠢᠨ ᠪᠤᠷᠤ ᠲᠦᠯᠦᠪ᠎ᠤᠨ ᠳᠤᠲᠤᠷ᠎ᠠ ᠺᠢᠷᠢᠪᠠᠰᠢ᠎ᠶᠢᠨ ᠲᠠᠯ᠎ᠠ᠎ᠶᠢᠨ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ᠎ᠳ᠋ᠤ ᠦᠷᠬᠦᠯᠵᠢᠯᠡᠨ ᠳᠡᠮᠵᠢᠯᠭᠡ ᠬᠠᠪᠰᠤᠷᠤᠯᠭ᠎ᠠ ᠬᠠᠩᠭᠠᠵᠤ ᠂ ᠬᠦᠭᠵᠢᠵᠦ ᠪᠠᠢᠭ᠎ᠠ ᠤᠯᠤᠰ᠎ᠤᠨ ᠬᠠᠮᠲᠤ᠎ᠶᠢᠨ ᠠᠰᠢᠭ ᠲᠤᠰᠠ᠎ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ ᠃
ᠮᠠᠮᠤᠤ ᠂ ᠺᠢᠷᠢᠪᠠᠰᠢ᠎ᠶᠢᠨ ᠲᠠᠯ᠎ᠠ ᠬᠠᠷᠰᠢᠯᠠᠯ᠎ᠢ ᠠᠷᠢᠯᠭᠠᠵᠤ ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠯᠤᠭ᠎ᠠ ᠭᠠᠳᠠᠭᠠᠳᠤ ᠬᠠᠷᠢᠯᠴᠠᠭ᠎ᠠ᠎ᠪᠠᠨ ᠰᠡᠷᠭᠦᠭᠡᠬᠦ ᠴᠢᠬᠤᠯᠠ ᠶᠡᠬᠡ ᠰᠢᠢᠳᠪᠦᠷᠢ ᠭᠠᠷᠭᠠᠪᠠ ᠂ ᠡᠨᠡ᠎ᠨᠢ ᠳᠤᠮᠳᠠᠳᠤ ᠤᠯᠤᠰ᠎ᠲᠠᠬᠢ ᠢᠲᠡᠭᠡᠯ ᠨᠠᠢᠳᠠᠪᠤᠷᠢ᠎ᠳ᠋ᠤ ᠲᠦᠰᠢᠭᠯᠡᠭᠰᠡᠨ ᠶᠤᠮ ᠃ ᠺᠢᠷᠢᠪᠠᠰᠢ ᠳᠤᠮᠳᠠᠳᠤ ᠭᠠᠳᠠᠭᠠᠳᠤ ᠬᠠᠷᠢᠯᠴᠠᠭ᠎ᠠ᠎ᠪᠠᠨ ᠰᠡᠷᠭᠦᠭᠡᠭᠡᠳ ᠤᠳᠠᠭ᠎ᠠ ᠦᠭᠡᠢ ᠪᠤᠯᠪᠠᠴᠤ ᠬᠤᠶᠠᠷ ᠲᠠᠯ᠎ᠠ᠎ᠶᠢᠨ ᠬᠠᠮᠲᠤᠷᠠᠯᠴᠠᠭ᠎ᠠ ᠨᠢᠭᠡᠨᠲᠡ ᠢᠯᠡᠷᠬᠡᠢ ᠦᠷ᠎ᠠ ᠪᠦᠲᠦᠭᠡᠯ ᠤᠯᠪᠠ ᠃ ᠪᠢ ᠂ ᠺᠢᠷᠢᠪᠠᠰᠢ᠎ᠶᠢᠨ ᠲᠠᠯ᠎ᠠ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠤᠳᠤᠯᠭ᠎ᠠ᠎ᠶᠢ ᠡᠷᠡᠰ ᠪᠠᠷᠢᠮᠲᠠᠯᠠᠵᠤ ᠂ ᠳᠤᠮᠳᠠᠳᠤ ᠤᠯᠤᠰ᠎ᠤᠨ ᠡᠷᠬᠡ ᠮᠡᠲᠡᠯ ᠪᠤᠯᠤᠨ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶᠢ ᠬᠦᠨᠳᠦᠳᠭᠡᠵᠦ ᠂ ᠳᠤᠮᠳᠠᠳᠤ ᠤᠯᠤᠰ᠎ᠤᠨ ︽ ᠨᠢᠭᠡ ᠤᠯᠤᠰ᠎ᠲᠤ ᠬᠤᠶᠠᠷ ᠪᠠᠢᠭᠤᠯᠤᠯ ᠬᠡᠷᠡᠭᠵᠢᠭᠦᠯᠬᠦ ︾ ᠴᠢᠭᠯᠡᠯᠲᠡ᠎ᠶᠢ ᠳᠡᠮᠵᠢᠵᠦ ᠂ ᠳᠤᠮᠳᠠᠳᠤ ᠤᠯᠤᠰ᠎ᠤᠨ ᠨᠢᠭᠡᠲᠦᠯ᠎ᠤᠨ ᠶᠡᠬᠡ ᠦᠢᠯᠡᠰ᠎ᠢ ᠪᠡᠶᠡᠯᠡᠭᠦᠯᠬᠦ᠎ᠶᠢ ᠳᠡᠮᠵᠢᠨ᠎ᠠ ᠭᠡᠳᠡᠭ᠎ᠢᠶᠡᠨ ᠳᠠᠪᠲᠠᠨ ᠢᠯᠡᠷᠬᠡᠢᠯᠡᠶᠠ ᠃ ᠺᠢᠷᠢᠪᠠᠰᠢ᠎ᠶᠢᠨ ᠲᠠᠯ᠎ᠠ ᠳᠤᠮᠳᠠᠳᠤ ᠤᠯᠤᠰ᠎ᠤᠨ ᠤᠯᠭᠤᠬᠰᠠᠨ ᠡᠷᠬᠢᠮ ᠨᠠᠨᠳᠢᠨ ᠬᠠᠪᠰᠤᠷᠤᠯᠭ᠎ᠠ ᠳᠡᠮᠵᠢᠯᠭᠡ᠎ᠳ᠋ᠤ ᠲᠠᠯᠠᠷᠬᠠᠵᠤ ᠂ ᠳᠤᠮᠳᠠᠳᠤ᠎ᠶᠢᠨ ᠲᠠᠯ᠎ᠠ᠎ᠯᠤᠭ᠎ᠠ᠎ᠶᠢᠨ ᠠᠵᠤ ᠠᠬᠤᠢ ᠠᠷᠠᠯᠵᠢᠶ᠎ᠠ ᠂ ᠪᠡᠯᠡ ᠤᠷᠤᠭᠤᠯᠤᠯᠲᠠ ᠂ ᠵᠢᠭᠤᠯᠴᠢᠯᠠᠯ ᠂ ᠵᠢᠭᠠᠰᠤᠨ᠎ᠤ ᠦᠢᠯᠡᠰ ᠂ ᠰᠤᠷᠭᠠᠨ ᠬᠦᠮᠦᠵᠢᠯ ᠂ ᠡᠷᠡᠭᠦᠯ ᠬᠠᠮᠠᠭᠠᠯᠠᠯ ᠂ ᠰᠠᠭᠤᠷᠢ ᠲᠦᠬᠦᠭᠡᠷᠦᠮᠵᠢ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠶᠢ ᠴᠢᠩᠭᠠᠳᠬᠠᠬᠤ᠎ᠶᠢ ᠬᠦᠰᠡᠨ ᠬᠦᠯᠢᠶᠡᠵᠦ ᠪᠠᠢᠨ᠎ᠠ ᠃ ᠺᠢᠷᠢᠪᠠᠰᠢ᠎ᠶᠢᠨ ᠲᠠᠯ᠎ᠠ ᠳᠤᠮᠳᠠᠳᠤ ᠤᠯᠤᠰ᠎ᠤᠨ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠂ ᠬᠠᠮᠲᠤ᠎ᠶᠢᠨ ᠬᠦᠭᠵᠢᠯᠲᠡ᠎ᠶᠢ ᠠᠬᠢᠭᠤᠯᠬᠤ᠎ᠳ᠋ᠤ ᠦᠵᠡᠬᠦᠯᠦᠭᠰᠡᠨ ᠴᠢᠬᠤᠯᠠ ᠦᠢᠯᠡᠳᠦᠯ᠎ᠢ ᠳᠡᠭᠡᠳᠦ ᠬᠡᠮᠵᠢᠶ᠎ᠠ᠎ᠪᠠᠷ ᠮᠠᠬᠲᠠᠨ ᠰᠠᠢᠰᠢᠶᠠᠵᠤ ᠂ ᠳᠤᠮᠳᠠᠳᠤ ᠤᠯᠤᠰ᠎ᠤᠨ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤᠷᠠᠯᠴᠠᠭ᠎ᠠ᠎ᠳ᠋ᠤ ᠢᠳᠡᠪᠬᠢᠲᠡᠢ ᠬᠦᠴᠦᠯᠡᠵᠦ ᠂ ᠺᠢᠷᠢᠪᠠᠰᠢ ᠵᠡᠷᠭᠡ ᠳᠤᠮᠳᠠ ᠪᠠᠭ᠎ᠠ ᠬᠦᠭᠵᠢᠵᠦ ᠪᠠᠢᠭ᠎ᠠ ᠤᠯᠤᠰ᠎ᠤᠨ ᠬᠦᠭᠵᠢᠯᠲᠡ᠎ᠪᠠᠨ ᠲᠦᠷᠭᠡᠳᠭᠡᠬᠦ᠎ᠳ᠋ᠤ ᠬᠠᠪᠰᠤᠷᠴᠤ ᠂ ᠠᠭᠤᠷ ᠠᠮᠢᠰᠬᠤᠯ᠎ᠤᠨ ᠬᠤᠪᠢᠷᠠᠯᠲᠠ ᠵᠡᠷᠭᠡ ᠦᠷᠢᠰᠦᠯᠳᠦᠭᠡᠨ᠎ᠢ ᠬᠠᠮᠲᠤ᠎ᠪᠠᠷ ᠠᠷᠭᠠᠴᠠᠭᠠᠬᠰᠠᠨ᠎ᠳ᠋ᠤ ᠲᠠᠯᠠᠷᠬᠠᠵᠤ ᠪᠠᠢᠨ᠎ᠠ ᠃ ᠺᠢᠷᠢᠪᠠᠰᠢ᠎ᠶᠢᠨ ᠲᠠᠯ᠎ᠠ ᠳᠤᠷᠠᠲᠠᠶ᠎ᠠ ᠳᠤᠮᠳᠠᠳᠤ᠎ᠶᠢᠨ ᠲᠠᠯ᠎ᠠ᠎ᠯᠤᠭ᠎ᠠ ᠬᠠᠮᠲᠤ᠎ᠪᠠᠷ ᠂ ᠺᠢᠷᠢᠪᠠᠰᠢ ᠳᠤᠮᠳᠠᠳᠤ᠎ᠶᠢᠨ ᠬᠠᠷᠢᠯᠴᠠᠭ᠎ᠠ᠎ᠶᠢᠨ ᠲᠠᠰᠤᠷᠠᠯᠲᠠ ᠦᠭᠡᠢ ᠬᠦᠭᠵᠢᠵᠦ ᠂ ᠬᠤᠶᠠᠷ ᠤᠯᠤᠰ᠎ᠤᠨ ᠠᠷᠠᠳ ᠲᠦᠮᠡᠨ᠎ᠳ᠋ᠤ ᠪᠤᠶᠠᠨ ᠦᠢᠯᠡᠳᠬᠦ᠎ᠶᠢ ᠠᠬᠢᠭᠤᠯᠤᠨ᠎ᠠ ᠭᠡᠵᠦ ᠢᠯᠡᠳᠭᠡᠪᠡ ᠃
ᠬᠡᠯᠡᠯᠴᠡᠭᠡ ᠲᠡᠭᠦᠰᠦᠭᠰᠡᠡᠤ ᠳᠠᠷᠠᠭ᠎ᠠ ᠂ ᠬᠤᠶᠠᠷ ᠤᠯᠤᠰ᠎ᠤᠨ ᠲᠡᠷᠢᠭᠦᠨ ᠬᠤᠶᠠᠷ ᠤᠯᠤᠰ᠎ᠤᠨ ᠵᠠᠰᠠᠭ᠎ᠤᠨ ᠤᠷᠳᠤᠨ᠎ᠤ ︽ ᠨᠢᠭᠡ ᠪᠦᠰᠡ ᠨᠢᠭᠡ ᠵᠠᠮ ︾᠎ᠢ ᠬᠠᠮᠲᠤ᠎ᠪᠠᠷ ᠪᠦᠲᠦᠭᠡᠨ ᠪᠠᠢᠭᠤᠯᠬᠤ᠎ᠶᠢ ᠠᠬᠢᠭᠤᠯᠬᠤ ᠵᠡᠷᠭᠡ ᠤᠯᠠᠨ ᠲᠦᠷᠦᠯ᠎ᠤᠨ ᠬᠤᠶᠠᠷ ᠲᠠᠯᠠᠲᠤ ᠬᠠᠮᠲᠤᠷᠠᠯᠴᠠᠭᠠᠨ᠎ᠤ ᠪᠢᠴᠢᠭ ᠮᠠᠲᠸᠷᠢᠶᠠᠯ ᠳᠡᠭᠡᠷ᠎ᠠ ᠭᠠᠷᠤᠨ ᠦᠰᠦᠭ ᠵᠢᠷᠤᠬᠤ᠎ᠶᠢ ᠭᠡᠷᠡᠴᠢᠯᠡᠪᠡ ᠃
ᠬᠡᠯᠡᠯᠴᠡᠭᠡ ᠬᠢᠬᠦ᠎ᠡᠴᠠ ᠡᠮᠦᠨ᠎ᠠ ᠂ ᠰᠢ᠎ᠶᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠭᠢᠮ᠎ᠤᠨ ᠬᠤᠢᠳᠦ ᠶᠡᠬᠡ ᠲᠢᠩᠬᠢᠮ᠎ᠳ᠋ᠤ ᠮᠠᠮᠤᠤ᠎ᠶᠢ ᠤᠬᠲᠤᠬᠤ ᠶᠤᠰᠤᠯᠠᠯ ᠶᠠᠪᠤᠭᠤᠯᠪᠠ ᠃ ᠫᠸᠩ ᠯᠢ ᠶᠤᠸᠠᠨ ᠂ ᠶᠠᠩ ᠵᠢᠶᠸ ᡂᠢ ᠂ ᠵᠢᠢ ᠪᠢᠩ ᠰᠢᠤᠸᠠᠨ ᠂ ᠸᠠᠩ ᠢ ᠂ ᠾᠸ ᠯᠢ ᠹᠸᠩ ᠂ ᠯᠢᠦ ᠰᠢᠨ ᠴᠸᠩ ᠨᠠᠷ ᠤᠷᠤᠯᠴᠠᠪᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃