ᠮᠣᠩᠭᠣᠯ ᠨᠤᠲᠤᠭ > ᠬᠥᠳᠡᠭᠡ ᠨᠤᠲᠤᠭ᠎ᠤᠨ ᠴᠠᠭᠠᠨ ᠰᠠᠷ᠎ᠠ

2023-01-08 19:38:56

ᠵᠣᠬᠢᠶᠠᠭ᠍ᠴᠢ᠄ ᠱᠢᠤᠸᠠᠢ ᠢ ᠴᠢᠶᠦ᠋ᠨ ᠂ ᠳᠠᠳᠤᠯᠭ᠎ᠠ᠎ᠶ᠋ᠢᠨ ᠰᠣᠷᠣᠭ᠍ᠴᠢ ᠸᠠᠩ ᠶᠠᠩ ᠰᠥᠩ ᠂ ᠱᠢᠶᠤᠤ ᠸᠧᠶ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠣᠢᠷᠠᠲᠤᠵᠤ 《ᠴᠠᠭᠠᠨ ᠰᠠᠷ᠎ᠠ᠎ᠶ᠋ᠢᠨ ᠪᠠᠷᠠᠭᠠᠨ᠎ᠤ ᠲᠦᠷᠭᠡᠨ ᠬᠦᠷᠭᠡᠯᠲᠡ 》 ᠤᠯᠠᠮ ᠣᠯᠠᠱᠢᠷᠠᠵᠤ᠂ ᠲᠦᠩᠯᠢᠶᠣᠤ ᠬᠣᠲᠠ᠎ᠶ᠋ᠢᠨ ᠨᠠᠶ᠋ᠮᠠᠨ ᠬᠣᠱᠢᠭᠤᠨ᠎ᠤ ᠱᠢᠨ᠎ᠡ ᠪᠠᠯᠭᠠᠰᠤᠨ᠎ᠤ ᠱᠠᠨ ᠽᠦᠶ ᠲᠣᠰᠭᠣᠨ᠎ᠤ ᠱᠠᠨ ᠽᠦᠶ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠲᠠᠷᠢᠮᠠᠯ ᠤ᠋ᠨ ᠲᠤᠰᠭᠠᠶ ᠬᠣᠷᠱᠢᠶ᠎ᠠ᠎ᠳᠤ᠂ ᠤᠭᠤᠳᠠ ᠤᠭᠤᠳᠠ ᠪᠡᠷ ᠰᠠᠯᠭᠠᠵᠤ ᠪᠤᠭᠤᠳᠠᠯᠯᠠᠬᠰᠠᠨ ᠨᠠᠷᠢᠮᠤ᠎ᠶ᠋ᠢ ᠶᠠᠭ ᠪᠥᠬᠥ᠌ ᠤᠯᠤᠰ᠎ᠤᠨ ᠡᠯ᠎ᠡ ᠭᠠᠵᠠᠷ᠎ᠲᠤ ᠭᠤᠪᠢᠭᠤᠯᠬᠤ᠎ᠪᠠᠷ ᠪᠡᠯᠡᠳᠭᠡᠵᠦ᠍ ᠪᠠᠢᠯ᠎ᠠ᠃

ᠱᠠᠨ ᠽᠦᠢ ᠲᠣᠰᠭᠣᠨ ᠭᠤᠷᠪᠠᠨ ᠲᠠᠯ᠎ᠠ᠎ᠪᠠᠷ᠎ᠢᠶᠠᠨ ᠪᠤᠳᠠᠭᠠᠨ ᠴᠢᠯᠠᠭᠤᠨ ᠠᠭᠤᠯᠠᠨ᠎ᠳᠤ ᠬᠦᠷᠢᠶᠡᠯᠡᠭ᠌ᠳᠡᠵᠦ᠍᠂ ᠬᠣᠶᠠᠷ ᠬᠠᠪᠴᠢᠯ ᠨᠢᠭᠡ 《ᠠᠮᠠ》 ᠲᠠᠢ᠂ ᠬᠣᠲᠣᠭᠣᠷ ᠭᠠᠵᠠᠷ ᠪᠠᠢᠷᠢᠯᠠᠵᠤ᠂ ᠶᠠᠭ ᠨᠢᠭᠡᠨ ᠭᠡᠷᠡᠯᠲᠦ ᠰᠤᠪᠤᠳ ᠱᠢᠭ᠋᠎ᠢᠶᠡᠷ ᠠᠭᠤᠯᠠ ᠨᠢᠷᠤᠭᠤᠳ᠎ᠢ ᠴᠢᠮᠡᠭ᠌ᠯᠡᠨ᠎ᠡ᠃ ᠣᠢᠯᠠᠭᠠᠭ᠍ᠰᠠᠨ᠎ᠢᠶᠠᠷ᠂ ᠱᠠᠨ ᠽᠦᠶ ᠲᠣᠰᠭᠣᠨ᠎ᠳᠤ ᠡᠯᠪᠡᠭ ᠪᠠᠶᠠᠯᠢᠭ ᠳᠤᠮᠳᠠᠳᠤ᠎ᠶ᠋ᠢᠨ ᠪᠤᠳᠠᠭᠠᠨ ᠴᠢᠯᠠᠭᠤ᠎ᠶ᠋ᠢᠨ ᠡᠬᠢ ᠪᠠᠶᠠᠯᠢᠭ ᠬᠠᠳᠠᠭᠠᠯᠠᠭ᠍ᠳᠠᠵᠤ᠂ ᠨᠡᠢᠲᠡ᠎ᠳᠦ ᠮᠡᠳᠡᠷᠡᠭ᠌ᠳᠡᠭ᠌ᠰᠡᠨ ᠴᠢᠨᠠᠷ ᠰᠠᠢᠲᠠᠶ ᠨᠠᠷᠢᠮᠤ ᠤᠷᠭᠤᠬᠤ ᠱᠢᠵᠢᠷ ᠠᠯᠲᠠᠨ ᠣᠷᠣᠨ ᠪᠦᠰᠡ ᠪᠣᠯᠤᠨ᠎ᠠ᠃ ᠣᠨᠴᠠᠭᠠᠢ ᠡᠳᠡᠭᠡᠳ ᠪᠠᠢᠭᠠᠯᠢ᠎ᠶ᠋ᠢᠨ ᠣᠷᠴᠢᠨ ᠲᠣᠭᠣᠷᠢᠨ᠂ ᠪᠤᠳᠠᠭᠠᠨ ᠴᠢᠯᠠᠭᠤᠨ ᠤ᠋ ᠤᠰᠤ ᠱᠢᠷᠣᠶ᠎ᠶ᠋ᠢᠨ ᠱᠢᠮ᠎ᠡ ᠲᠡᠵᠢᠭᠡᠯ᠎ᠨᠢ ᠱᠠᠨ ᠽᠦᠢ ᠨᠠᠷᠢᠮᠤ᠎ᠵᠢ ᠥᠩᠭᠡ ᠨᠢ ᠠᠯᠲᠠᠨ ᠱᠢᠷᠭᠠᠯ᠂ ᠣᠯᠠᠨ ᠵᠦᠶ᠋ᠯ᠎ᠦᠨ ᠪᠢᠴᠢᠯ ᠡᠯᠧᠮᠧᠨ᠋ᠲ ᠠᠭᠤᠯᠤᠬᠳᠠᠵᠤ᠂ ᠱᠢᠬᠢᠷᠯᠢᠭ ᠱᠢᠯᠦᠬᠡᠶ ᠦᠨᠦᠷ ᠵᠡᠷᠭᠡ ᠣᠨᠴᠠᠯᠢᠭ ᠲᠠᠢ ᠪᠣᠯᠭᠠᠵᠤ᠂ ᠬᠡᠷᠡᠭ᠌ᠯᠡᠭ᠌ᠴᠢᠳ᠎ᠦᠨ ᠪᠠᠬᠠᠷᠬᠠᠯ᠎ᠢ ᠶᠡᠬᠡᠳᠡ ᠣᠯᠤᠭ᠍ᠰᠠᠨ ᠪᠠᠢᠨ᠎ᠠ᠃

ᠥᠩᠭᠡᠷᠡᠭ᠌ᠰᠡᠨ᠎ᠦ ᠱᠠᠨ ᠽᠦᠢ ᠲᠣᠰᠭᠣᠨ᠎ᠤ ᠬᠦᠮᠦᠰ᠎ᠤᠨ ᠤᠷᠤᠯᠭ᠎ᠠ ᠵᠢᠨ ᠢᠷᠡᠯᠳᠡ ᠨᠢ ᠲᠠᠩ ᠴᠤᠯᠭᠤᠢ᠂ ᠣᠷᠴᠢᠨ ᠲᠣᠭᠣᠷᠢᠨ ᠨᠢ ᠮᠠᠭᠤ᠂ 《ᠲᠩᠷᠢ᠎ᠶ᠋ᠢᠨ ᠴᠢᠷᠠᠢ᠎ᠶ᠋ᠢ ᠬᠠᠷᠠᠵᠤ ᠪᠤᠳᠠᠭ᠎ᠠ ᠢᠳᠡᠵᠤ》 ᠪᠠᠢᠬᠰᠠᠨ ᠪᠦᠬᠡᠳ ᠡᠷᠳᠡᠨᠢ ᠱᠢᠰᠢ᠂ ᠨᠠᠷᠢᠮᠤ ᠲᠠᠷᠢᠬᠤ ᠪᠣᠯ ᠲᠣᠰᠭᠣᠨ᠎ᠤ ᠠᠷᠠᠳ᠎ᠤᠨ ᠣᠷᠣᠯᠭ᠎ᠠ᠎ᠶ᠋ᠢᠨ ᠭᠤᠤᠯ ᠢᠷᠡᠯᠳᠡ ᠪᠠᠢᠪᠠ᠃ ᠵᠠᠬ᠎ᠠ ᠳᠡᠯᠭᠡᠭᠦᠷᠴᠢᠯᠡᠭ᠌ᠰᠡᠨ᠂ ᠠᠵᠤ ᠦᠢᠯᠡᠰᠵᠢᠭ᠌ᠰᠡᠨ ᠬᠡᠮᠵᠢᠶ᠎ᠡ ᠳᠤᠤᠷ᠎ᠠ᠂ ᠲᠣᠰᠭᠣᠨ᠎ᠤ ᠬᠠᠮᠲᠤ᠎ᠶ᠋ᠢᠨ ᠣᠷᠣᠯᠭ᠎ᠠ ᠳᠤᠤᠷ᠎ᠠ᠂ ᠲᠣᠰᠭᠣᠨ᠎ᠤ ᠠᠷᠠᠳ᠎ᠤᠨ ᠠᠵᠢᠯ ᠤᠯᠬᠤ ᠠᠷᠭ᠎ᠠ ᠵᠠᠮ ᠴᠥᠭᠡᠨ᠂ ᠶᠠᠳᠠᠭᠤ ᠬᠦᠴᠢᠷᠳᠡᠯᠲᠡᠶ ᠦᠵᠡᠭ᠌ᠳᠡᠯ ᠣᠯᠠᠨ ᠡᠭᠦᠰᠭᠦ᠎ᠡᠴᠡ ᠪᠣᠯᠵᠣ᠂ ᠱᠠᠨ ᠽᠦᠶ ᠲᠣᠰᠭᠣᠨ᠎ᠢ ᠨᠢᠭᠡᠨ ᠦᠶ᠎ᠡ ᠬᠣᠱᠢᠭᠤᠨ᠎ᠤ ᠲᠠᠰ᠎ᠤᠨ ᠭᠤᠤᠯᠳᠠᠯᠭ᠎ᠠ᠎ᠲᠠᠶ ᠶᠠᠳᠠᠭᠤ᠎ᠶ᠋ᠢ ᠲᠡᠳᠬᠦᠬᠦ᠌ ᠲᠣᠰᠭᠣᠨ ᠪᠣᠯᠭᠠᠵᠠᠶ᠃

ᠱᠠᠨ ᠽᠦᠢ ᠲᠣᠰᠭᠣᠨ᠎ᠤ ᠨᠠᠮ᠎ᠤᠨ ᠡᠭᠦᠷ᠎ᠦᠨ ᠱᠦᠵᠢ ᠢᠦᠢ ᠬᠠᠢ ᠳ᠋ᠸ ᠄ 《 ᠱᠠᠨ ᠽᠦᠢ ᠨᠠᠷᠢᠮᠤ ᠪᠣᠯ ᠪᠤᠳᠠᠭᠠᠨ ᠴᠢᠯᠠᠭᠤ᠎ᠪᠠᠷ ᠤᠮᠳᠠᠯᠠᠭ᠍ᠰᠠᠨ ᠬᠥᠷᠥᠰᠥ᠍ ᠱᠢᠷᠣᠢ᠎ᠲᠡᠭᠡᠷ᠎ᠡ ᠤᠷᠭᠤᠭ᠍ᠰᠠᠨ ᠨᠠᠷᠢᠮᠤ ᠪᠣᠯᠤᠨ᠎ᠠ᠂ ᠨᠠᠷᠢᠮᠤ᠎ᠶ᠋ᠢᠨ ᠪᠦᠷᠢᠯᠳᠦᠬᠦᠨ᠎ᠳᠦ ᠪᠤᠳᠠᠭᠠᠨ ᠴᠢᠯᠠᠭᠤ᠎ᠶ᠋ᠢᠨ ᠤᠯᠠᠨ ᠵᠦᠢᠯ᠎ᠦᠨ ᠡᠯᠧᠮᠧᠨ᠋ᠲ ᠪᠣᠯᠤᠨ ᠡᠷᠦᠳᠡᠰᠦ ᠠᠭᠤᠯᠵᠤ ᠪᠤᠢ᠂ ᠶᠡᠷᠦ᠍᠎ᠳᠡᠭᠡᠨ ᠤᠷᠳᠤ ᠨᠠᠰᠤᠯᠠᠬᠤ ᠨᠠᠷᠢᠮᠤ ᠭᠡᠳᠡᠭ᠂ ᠲᠡᠭᠦᠨ᠎ᠦ ᠤᠨᠠᠯᠲᠠ ᠨᠢ ᠥᠨᠳᠥᠷ ᠪᠢᠰᠢ᠂ ᠮᠦ᠍ ᠪᠦᠷᠢ ᠳ᠋ᠤ ᠲᠦᠷᠪᠡ ᠲᠠᠪᠤᠨ ᠵᠠᠭᠤᠨ ᠵᠢᠩ ᠪᠠᠢᠳᠠᠭ ᠪᠤᠯᠬᠤᠷ ᠡᠷᠬᠡᠪᠰᠢ ᠴᠢᠨᠡᠷ ᠰᠠᠢᠳᠠᠢ ᠨᠠᠷᠢᠮᠤ ᠵᠢ ᠲᠠᠷᠢᠵᠤ ᠬᠤᠷᠢᠶᠠᠬᠤ ᠬᠡᠷᠡᠭ᠌ᠲᠡᠢ》 ᠬᠡᠵᠤ ᠲᠠᠨᠢᠯᠴᠠᠭᠤᠯᠪᠠ᠃

2019 ᠣᠨ᠎ᠡᠴᠡ ᠨᠠᠭᠠᠰᠢ᠂ ᠱᠠᠨ ᠽᠦᠢ ᠲᠣᠰᠭᠣᠨ ᠤ᠋ ᠬᠢᠨ《 ᠬᠥᠳᠡᠭᠡ ᠠᠵᠤ ᠠᠬᠤᠢ ᠬᠦᠴᠦᠷᠬᠡᠭ᠂ ᠬᠥᠳᠡᠭᠡ ᠲᠣᠰᠭᠣᠨ ᠦᠵᠡᠰᠭᠦᠯᠡᠩᠲᠦ ᠰᠠᠢᠬᠠᠨ᠂ ᠲᠠᠷᠢᠶᠠᠴᠢᠨ ᠪᠠᠶᠠᠨ ᠴᠢᠨᠡᠭᠡᠯᠢᠭ》 ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠵᠢᠨ ᠲᠤᠭᠤᠷᠢᠨ ᠳ᠋ᠤ᠂ ᠱᠢᠶᠠ ᠵᠢᠶᠠ ᠳ᠋ᠢᠶᠠᠨ᠎ᠤ ᠲᠡᠦᠬᠡ ᠰᠣᠶᠣᠯ᠂ ᠪᠣᠬᠢᠷᠲᠤᠯ ᠦᠭᠡᠢ ᠠᠮᠢ ᠠᠬᠤᠢ᠎ᠶ᠋ᠢᠨ ᠰᠣᠶᠣᠯ᠂ ᠳᠤᠮᠳᠠᠳᠤ᠎ᠶ᠋ᠢᠨ ᠪᠤᠳᠠᠭᠠᠨ ᠴᠢᠯᠠᠭᠤᠨ᠎ᠤ ᠰᠣᠶᠣᠯ ᠵᠡᠷᠭᠡ ᠳᠠᠪᠠᠭᠤᠯᠢᠭ ᠡᠬᠢ ᠪᠠᠶᠠᠯᠢᠭ᠎ᠢ ᠭᠦᠢᠴᠡᠳ ᠪᠠᠳᠠᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠤᠨᠴᠠᠯᠢᠬ᠍ᠳᠤ ᠠᠵᠤ ᠦᠢᠯᠡᠰ᠎ᠢ ᠬᠦᠴᠦ᠍᠎ᠪᠡᠨ ᠲᠥᠪᠯᠡᠷᠡᠭᠦᠯᠦᠨ ᠬᠥᠭ᠌ᠵᠢᠭᠦᠯᠵᠦ᠍᠂ ᠨᠠᠮ᠎ᠤᠨ ᠡᠭᠦᠷ᠎ᠦᠨ ᠳᠠᠭᠠᠭᠤᠯᠤᠨ ᠡᠷᠬᠢᠯᠡᠭ᠌ᠰᠡᠨ ᠱᠠᠨ ᠽᠦᠢ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠠᠷᠢᠮᠠᠯ᠎ᠤᠨ ᠲᠤᠰᠭᠠᠢ ᠬᠤᠷᠱᠢᠶ᠎ᠠ᠎ᠶ᠋ᠢ ᠪᠠᠢᠭᠤᠯᠵᠤ᠂ ᠴᠢᠨᠡᠷ ᠰᠠᠢᠳᠠᠢ ᠨᠠᠷᠢᠮᠤ᠎ᠪᠠᠷ ᠣᠨᠴᠠᠯᠢᠭ ᠪᠣᠯᠭᠠᠭ᠍ᠰᠠᠨ ᠪᠣᠬᠢᠷᠲᠤᠯ ᠦᠭᠡᠢ ᠲᠠᠷᠢᠶᠠᠯᠠᠩ᠎ᠤᠨ ᠲᠤᠰᠠᠯᠠᠬᠤ ᠠᠵᠤ ᠠᠬᠤᠢ᠎ᠶ᠋ᠢᠨ ᠪᠦᠲᠦᠭᠡᠭ᠌ᠳᠡᠬᠦᠨ᠎ᠦ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠪᠡ᠃ ᠣᠬᠣᠷᠬᠠᠨ ᠬᠡᠳᠦᠨ ᠵᠢᠯ᠎ᠳᠦ᠂ ᠬᠣᠷᠱᠢᠶ᠎ᠠ᠎ᠶ᠋ᠢᠨ ᠬᠡᠪᠴᠢᠶ᠎ᠡ ᠲᠠᠰᠤᠷᠠᠯᠲᠠ ᠥᠬᠡᠶ ᠪᠤᠵᠠᠭᠠᠢᠷᠠᠵᠤ᠂ ᠬᠣᠷᠱᠢᠶ᠎ᠠ᠎ᠶ᠋ᠢᠨ ᠪᠦᠲᠦᠭᠡᠭ᠌ᠳᠡᠬᠦᠨ᠎ᠢ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠵᠢᠷᠭᠤᠳᠤᠭᠠᠷ ᠪᠦᠯᠦᠭ᠎ᠦᠨ ᠶᠠᠳᠠᠭᠤ᠎ᠶ᠋ᠢ ᠲᠡᠳᠬᠦᠬᠦ᠌ ᠦᠶ᠋ᠯᠡᠳᠬᠦᠨ᠎ᠦ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠤᠭ᠍ᠰᠠᠨ ᠪᠥᠭᠡᠳ ᠭᠠᠷᠤᠯᠲᠠ᠎ᠶ᠋ᠢᠨ ᠣᠷᠣᠨ᠎ᠤ ᠨᠠᠷᠢᠮᠤ᠎ᠶ᠋ᠢᠨ ᠪᠣᠬᠢᠷᠲᠤᠯ ᠥᠬᠡᠶ ᠢᠳᠡᠭᠡᠨ᠎ᠦ ᠦᠨᠡᠮᠯᠡᠯ᠎ᠢ ᠣᠯᠤᠭ᠍ᠰᠠᠨ ᠪᠠᠢᠨ᠎ᠠ᠃

ᠡᠳᠤᠬᠡ᠂ ᠲᠣᠰ ᠬᠣᠷᠱᠢᠶ᠎ᠠ ᠨᠢ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠶ᠋ᠢᠨ 6 ᠡᠷᠦᠬᠡ ᠭᠡᠱᠢᠭᠦᠨ ᠲᠠᠢ ᠪᠠᠢᠬᠰᠠᠨ᠎ᠡᠴᠡ᠎ᠪᠡᠨ ᠣᠲᠣ 101 ᠡᠷᠦᠬᠡ ᠪᠣᠯᠵᠣ᠂ ᠨᠠᠷᠢᠮᠤ ᠳᠠᠷᠢᠬᠤ ᠰᠠᠭᠤᠷᠢᠨ᠎ᠤ ᠲᠠᠯᠠᠪᠠᠶ ᠨᠢ 5000 ᠮᠥ᠍ ᠬᠦᠷᠲᠡᠯ᠎ᠡ ᠨᠡᠮᠡᠭᠳᠡᠵᠤ᠂ ᠬᠣᠷᠱᠢᠶ᠎ᠠ ᠨᠢ ᠴᠡᠪᠡᠷ ᠠᠱᠢᠭ ᠤᠷᠤᠯᠭ᠎ᠠ᠎ᠪᠠᠨ ᠬᠤᠪᠢᠶᠠᠷᠢᠯᠠᠬᠤ ᠳ᠋ᠠᠭᠠᠨ ᠲᠣᠰᠭᠣᠨ᠎ᠤ ᠬᠠᠮᠲᠤ 10%᠂ ᠭᠡᠱᠢᠭᠦᠨ 35%᠂ ᠬᠣᠷᠱᠢᠶ᠎ᠠ 55% ᠵᠢ ᠡᠵᠡᠯᠡᠬᠦ ᠬᠠᠷᠢᠴᠠᠯ᠎ᠢᠶᠠᠷ ᠠᠱᠢᠭ ᠬᠤᠪᠢᠶᠠᠵᠤ᠂ ᠭᠡᠱᠢᠭᠦᠳ᠎ᠦᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠬᠠᠮᠲᠤ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ ᠪᠠᠢᠨ᠎ᠠ᠃ ᠬᠣᠷᠱᠢᠶ᠎ᠠ᠎ᠵᠢᠨ ᠬᠢᠨ ᠨᠡᠢᠭᠡᠮ᠎ᠦᠨ ᠬᠠᠷᠢᠭᠤᠴᠠᠯᠭ᠎ᠠ᠎ᠶ᠋ᠢ ᠢᠳᠡᠪᠬᠢᠲᠡᠶ ᠡᠭᠦᠷᠭᠡᠯᠡᠵᠦ᠍᠂ ᠲᠣᠰᠭᠣᠨ᠎ᠤ ᠳᠣᠲᠣᠷᠠᠬᠢ ᠶᠠᠳᠠᠭᠤ᠎ᠡᠴᠡ ᠠᠩᠭᠢᠵᠢᠷᠠᠭ᠍ᠰᠠᠨ ᠡᠷᠦᠬᠡ᠎ᠶ᠋ᠢ ᠭᠤᠤᠯᠳᠠᠯᠭ᠎ᠠ᠎ᠲᠠᠶ ᠳᠠᠢᠴᠢᠯᠠᠨ ᠪᠠᠶᠠᠵᠢᠭᠤᠯᠵᠤ᠂ ᠣᠲᠣ ᠨᠢᠭᠡᠨᠲᠡ 7 ᠡᠷᠦᠬᠡ 22 ᠬᠥᠮᠦᠨ᠎ᠢ ᠣᠷᠳᠣ᠂ ᠣᠬᠣᠷ ᠬᠤᠭᠤᠴᠠᠭᠠᠨ᠎ᠤ ᠠᠵᠢᠯᠲᠠᠨ ᠠᠵᠢᠯᠴᠢᠨ ᠪᠣᠯᠭᠠᠪᠠ᠃

《ᠪᠦᠳᠦᠭᠡᠭᠳᠡᠬᠦᠨ᠎ᠢᠶᠡᠨ ᠲᠠᠨᠢᠯᠴᠠᠭᠤᠯᠬᠤ ᠳ᠋ᠠᠭᠠᠨ ᠲᠣᠰᠭᠣᠨ ᠳ᠋ᠤ ᠯᠡ ᠬᠢᠵᠠᠭᠠᠷᠯᠠᠬᠳᠠᠵᠤ ᠪᠣᠯᠬᠤ ᠥᠬᠡᠶ᠂ ᠣᠳᠣᠬᠠᠨ᠎ᠤ ᠭᠤᠤᠯ ᠪᠣᠯᠬᠤ ᠰᠦᠯᠵᠢᠶᠡᠨ᠎ᠦ ᠲᠠᠪᠴᠠᠩ᠎ᠢ ᠢᠯᠡᠭᠦᠬᠡᠨ ᠠᠱᠢᠭ᠍ᠯᠠᠨ ᠡᠵᠡᠩᠨᠡᠨ ᠪᠣᠷᠣᠯᠠᠭᠤᠯᠵᠤ᠂ ᠠᠵᠤ ᠦᠶ᠋ᠯᠡᠰ᠎ᠢ ᠰᠠᠢᠲᠤᠷ ᠡᠷᠬᠢᠯᠡᠬᠦ᠌᠎ᠶ᠋ᠢᠨ ᠬᠠᠮᠲᠤ ᠰᠠᠢᠲᠤᠷ ᠤᠬᠠᠭᠤᠯᠵᠤ᠂ ᠲᠤᠬᠠᠶ᠎ᠶ᠋ᠢᠨ ᠭᠠᠵᠠᠷ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠨᠡᠨ ᠬᠦ᠌ 〈 ᠭᠠᠳᠠᠭ᠍ᠰᠢ ᠭᠠᠷᠭᠠᠵᠤ 〉᠂ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠦᠨᠡᠨ ᠬᠦ᠌ ᠪᠠᠲᠤᠯᠠᠬᠤ ᠬᠡᠷᠡᠭ᠌ᠲᠡᠶ》᠃ ᠢᠦᠶ ᠬᠠᠶ ᠳ᠋ᠸ ᠵᠢᠨ ᠲᠠᠨᠢᠯᠴᠠᠭᠤᠯᠤᠬᠰᠠᠨ ᠵᠢᠨᠷ᠂ 2022 ᠣᠨ᠎ᠳᠤ ᠱᠢᠨ᠎ᠡ ᠪᠠᠯᠭᠠᠰᠤᠨ᠎ᠤ ᠨᠠᠮ᠎ᠤᠨ ᠬᠣᠷᠢᠶᠠᠨ ᠤ᠋ ᠬᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠵᠣᠯᠭᠠᠭᠤᠯᠬᠤ ᠪᠠᠯᠠ ᠮᠥᠩᠭᠥ᠎ᠶ᠋ᠢ 313 ᠲᠦᠮᠡᠨ ᠲᠥᠭᠥᠷᠢᠭ ᠲᠤᠬᠢᠷᠠᠭᠤᠯᠵᠤ᠂ 500 ᠲᠡᠭ᠌ᠰᠢ ᠳᠥᠷᠪᠡᠯᠵᠢᠨ ᠮᠧᠲ᠋ᠷ ᠨᠠᠷᠢᠮᠤ ᠠᠮᠤ ᠡᠳ᠋ᠰᠢᠬᠦᠯᠬᠦ ᠦᠶ᠋ᠯᠡᠳᠪᠦᠷᠢ᠎ᠶ᠋ᠢᠨ ᠬᠡᠷ ᠵᠢᠴᠢ ᠢᠵᠢ ᠪᠥᠷᠢᠳᠦᠭᠦᠯᠬᠦ᠌ ᠲᠥᠬᠥᠭᠡᠷᠦᠮᠵᠢ᠎ᠶ᠋ᠢ ᠱᠢᠨ᠎ᠡ᠎ᠪᠡᠷ ᠪᠠᠢᠭᠤᠯᠵᠤ᠂ ᠱᠠᠨ ᠽᠦᠶ ᠨᠠᠷᠢᠮᠤ ᠶ᠋ᠢᠨ ᠲᠥᠷᠥᠯ ᠲᠡᠮᠳᠡᠭ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠳᠡᠮᠵᠢᠵᠦ᠍᠂ ᠨᠠᠷᠢᠮᠤ᠎ᠶ᠋ᠢᠨ ᠦᠶ᠋ᠯᠡᠳᠪᠦᠷᠢᠯᠡᠯ ᠡᠳ᠋ᠰᠢᠬᠦᠯᠤᠯᠳᠠ᠎ᠶ᠋ᠢᠨ ᠠᠵᠤ ᠦᠢᠯᠡᠰᠵᠢᠯᠲᠡ᠂ ᠬᠡᠪᠴᠢᠶᠡᠵᠢᠯᠲᠡ᠂ ᠲᠥᠷᠥᠯ ᠲᠡᠮᠳᠡᠭ᠌ᠵᠢᠯᠲᠡ᠎ᠶ᠋ᠢ ᠠᠬᠢᠭᠤᠯᠪᠠ᠃ ᠲᠣᠰ ᠵᠢᠯ᠎ᠦᠨ 6 ᠰᠠᠷ᠎ᠠ᠎ᠳᠤ᠂ ᠪᠥᠬᠥ᠌ ᠬᠣᠲᠠ᠎ᠶ᠋ᠢᠨ 《 ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠲᠦᠷᠦᠯ ᠲᠡᠮᠳᠡᠭ᠌ᠲᠦ ᠲᠠᠷᠢᠶᠠᠯᠠᠩ᠎ᠤᠨ ᠪᠦᠲᠦᠭᠡᠭ᠌ᠳᠡᠬᠦᠨ》 ᠤ᠋ ᠨᠡᠢᠲᠡ᠎ᠶ᠋ᠢᠨ ᠠᠰᠠᠷᠠᠮᠵᠢ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠱᠢᠷᠢᠰ ᠠᠵᠢᠯᠯᠠᠭ᠎ᠠ ᠱᠠᠨ ᠽᠦᠶ ᠲᠣᠰᠭᠣᠨ᠎ᠳᠤ ᠵᠢᠩᠬᠢᠨᠢ᠎ᠪᠡᠷ ᠡᠬᠢᠯᠡᠵᠦ᠍᠂ 《ᠳᠤᠮᠳᠠᠳᠤ᠎ᠶ᠋ᠢᠨ ᠪᠤᠳᠠᠭᠠᠨ ᠴᠢᠯᠠᠭᠤᠨ᠎ᠤ ᠨᠤᠲᠤᠭ·ᠨᠠᠶ᠋ᠮᠠᠨ᠎ᠤ ᠱᠠᠨ ᠽᠦᠶ ᠨᠠᠷᠢᠮᠤ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠲᠤᠰᠭᠠᠶ ᠲᠠᠯᠠᠪᠠᠶ》 ᠠᠩᠬ᠎ᠠ ᠤᠳᠠᠭ᠎ᠠ ᠰᠠᠢᠨ ᠡᠬᠢᠯᠡᠯᠲᠡ᠎ᠲᠡᠶ ᠪᠣᠯᠵᠣ᠂ ᠱᠢᠭᠤᠳ ᠨᠡᠪᠲᠡᠷᠡᠭᠦᠯᠭᠡ᠎ᠵᠢ ᠬᠦᠯᠢᠶᠡᠨ ᠠᠪᠴᠤ ᠦᠵᠡᠭᠰᠡᠨ ᠶᠡᠷᠦᠩᠬᠡᠶ ᠬᠡᠮᠵᠢᠶ᠎ᠡ 100 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠡᠶ᠃

ᠠᠯᠲᠠᠨ ᠱᠢᠷᠭᠠᠯ ᠨᠠᠷᠢᠮᠤ ᠨᠢ ᠡᠯᠪᠡᠭ ᠵᠤᠵᠠᠭᠠᠨ ᠰᠣᠶᠣᠯ᠎ᠤᠨ ᠠᠭᠤᠯᠤᠭ᠍ᠳᠠᠬᠤᠨ᠎ᠢ ᠠᠴᠢᠶᠠᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠯᠭᠠᠭᠤᠷᠢ ᠠᠵᠤ ᠦᠢᠯᠡᠰ ᠪᠤᠯᠪᠠ᠃ 2022 ᠣᠨ᠎ᠳᠤ᠂ ᠱᠠᠨ ᠽᠦᠢ ᠲᠣᠰᠭᠣᠨ᠎ᠤ ᠬᠠᠮᠲᠤ᠎ᠶ᠋ᠢᠨ ᠣᠷᠣᠯᠭ᠎ᠠ 10 ᠲᠦᠮᠡᠨ ᠲᠥᠭᠥᠷᠢᠭ᠎ᠲᠦ ᠬᠦᠷᠴᠦ᠍᠂ ᠲᠣᠰᠭᠣᠨ᠎ᠤ ᠠᠷᠠᠳ᠎ᠤᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 1 ᠲᠦᠮᠡᠨ ᠲᠥᠭᠥᠷᠢᠭ᠎ᠢ ᠳᠠᠪᠠᠵᠠᠢ᠃ ᠲᠤᠬᠠᠶ᠎ᠶ᠋ᠢᠨ ᠭᠠᠵᠠᠷ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠲᠥᠯᠥᠪᠵᠢᠭᠦᠯᠭᠡ ᠶᠣᠰᠣᠭᠠᠷ᠂ 2023 ᠣᠨ᠎ᠳᠤ ᠱᠠᠨ ᠽᠦᠶ ᠲᠣᠰᠭᠣᠨ ᠡᠯᠧᠺᠲ᠋ᠷᠣᠨ ᠬᠤᠳᠠᠯᠳᠤᠭᠠᠨ᠎ᠤ ᠪᠣᠷᠣᠯᠠᠭᠤᠯᠭ᠎ᠠ᠎ᠶ᠋ᠢᠨ ᠵᠠᠭ᠍ᠪᠤᠷ᠎ᠢ ᠣᠷᠣᠭᠤᠯᠤᠨ ᠠᠪᠴᠢᠷᠠᠵᠤ᠂ ᠱᠢᠨ᠎ᠡ ᠵᠠᠭᠤᠴᠢᠯᠠᠭᠤᠷ᠎ᠤᠨ ᠲᠠᠪᠴᠠᠩ᠎ᠢ ᠠᠱᠢᠭ᠍ᠯᠠᠨ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠵᠤ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ ᠬᠢᠭᠡᠳ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠤᠶᠠᠯᠳᠤᠭᠤᠯᠵᠤ᠂ ᠲᠦᠷᠦᠯ ᠲᠡᠮᠳᠡᠭ᠎ᠦᠨ ᠠᠯᠳᠠᠷ ᠨᠡᠷ᠎ᠡ ᠪᠠᠨ ᠠᠯᠤᠰ ᠲᠤ᠌ ᠲᠠᠭᠤᠷᠢᠰᠤᠭᠤᠯᠬᠤ ᠪᠡᠷ ᠴᠢᠷᠮᠠᠢᠨ ᠠᠵᠢᠯᠯᠠᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面