ᠮᠣᠩᠭᠣᠯ ᠨᠤᠲᠤᠭ > ᠬᠥᠳᠡᠭᠡ ᠨᠤᠲᠤᠭ᠎ᠤᠨ ᠴᠠᠭᠠᠨ ᠰᠠᠷ᠎ᠠ

2023-01-23 12:04:12

ᠵᠣᠬᠢᠶᠠᠭ᠍ᠴᠢ᠄ ᠬᠠᠨ ᠱᠢᠤᠸᠠᠢ ᠷᠦ᠋ ᠣᠩᠱᠢᠭ᠍ᠰᠠᠨ ᠣᠳᠠᠭ᠎ᠠ᠄ 3

3000 ᠰᠠᠭᠠᠯᠢ᠎ᠶ᠋ᠢᠨ ᠦᠨᠢᠶ᠎ᠡ ᠮᠸᠩ ᠨᠢᠦ᠍᠎ᠶ᠋ᠢᠨ ᠳᠤᠮᠳᠠᠳᠤ ᠤᠯᠤᠰ᠎ᠤᠨ ᠰᠦ ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ᠎ᠳᠦ ᠨᠤᠳᠤᠬᠰᠢᠪᠠ

1 ᠰᠠᠷ᠎ᠠ᠎ᠶ᠋ᠢᠨ 18 ᠎ᠤ᠋ ᠡᠳᠦᠷ᠂ ᠰᠠᠭᠠᠯᠢ᠎ᠶ᠋ᠢᠨ ᠦᠨᠢᠶ᠎ᠡ ᠳᠦᠭᠦᠷᠲᠡᠯ᠎ᠡ ᠠᠴᠢᠶᠠᠯᠠᠭᠰᠠᠨ ᠮᠠᠱᠢᠨ ᠲᠡᠷᠭᠡ᠎ᠨᠤᠬᠦᠳ ᠮᠸᠩ ᠨᠢᠤ ᠵᠢᠨ ᠳᠤᠮᠳᠠᠳᠤ ᠤᠯᠤᠰ᠎ᠤᠨ ᠰᠦ ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ᠎ᠤᠨ ᠬᠣᠷᠢᠨᠭᠡᠷ᠎ᠲᠡᠬᠢ 4 ᠲᠦᠮᠡᠨ ᠰᠠᠭᠠᠯᠢ᠎ᠶ᠋ᠢᠨ ᠦᠨᠢᠶ᠎ᠡ ᠵᠢᠨ ᠰᠦ ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠤᠨ ᠵᠧᠩ ᠶᠤᠸᠠᠨ ᠵᠢᠶᠠ ᠯᠢ ᠾᠧ ᠮᠠᠯᠵᠢᠯ᠎ᠤᠨ ᠲᠠᠯᠠᠪᠠᠶ᠎ᠳᠤ ᠬᠤᠢᠨ᠎ᠠ ᠬᠤᠢᠨ᠎ᠠ ᠡᠴᠡ ᠠᠯᠭᠤᠷᠬᠠᠨ ᠣᠷᠣᠵᠤ ᠢᠷᠡᠵᠦ ᠂ ᠭᠠᠳᠠᠭᠠᠳᠤ᠎ᠡᠴᠡ ᠣᠷᠣᠭᠤᠯᠤᠭ᠍ᠰᠠᠨ 3000 ᠰᠠᠭᠠᠯᠢ᠎ᠶ᠋ᠢᠨ ᠦᠨᠢᠶ᠎ᠡ ᠵᠢ ᠠᠮᠵᠢᠯᠲᠠ ᠲᠠᠢ᠎ᠪᠠᠷ ᠲᠡᠬᠡᠬᠡᠪᠤᠷᠢᠯᠡᠵᠤ ᠠᠪᠴᠢᠷᠠᠯ᠎ᠠ᠃ ᠦᠬᠡᠷ᠎ᠦᠨ ᠬᠠᠱᠢᠶᠠᠨ᠎ᠤ ᠡᠭᠦᠳᠡᠨ ᠡᠮᠦᠨ᠎ᠡ 《ᠱᠢᠨ᠎ᠡ ᠪᠦᠷᠢᠯᠳᠦᠬᠦᠨ》 ᠳᠡᠰ ᠳᠠᠷᠠᠭ᠎ᠠ᠎ᠲᠠᠶ᠎ᠪᠠᠷ ᠮᠥᠷᠯᠡᠨ ᠵᠢᠭ᠍ᠰᠠᠵᠤ᠂ ᠬᠠᠭᠤᠷᠠᠢ ᠡᠪᠡᠰᠦ ᠲᠦᠭᠦᠷᠲᠡᠯ᠎ᠡ ᠳᠡᠪᠢᠰᠦᠭ᠌ᠰᠡᠨ ᠵᠥᠭᠡᠯᠡᠬᠡᠨ ᠨᠠᠯᠠᠤ ᠵᠠᠮ᠎ᠢᠶᠡᠷ ᠲᠡᠳᠡᠨ᠎ᠳᠦ ᠨᠠᠷᠢᠨ ᠨᠢᠮᠪᠠᠢ ᠪᠡᠯᠡᠳᠭᠡᠵᠤ ᠥᠭ᠌ᠭᠦᠭ᠌ᠰᠡᠨ 《 ᠱᠢᠨ᠎ᠡ ᠭᠡᠷ》 ᠲᠦ᠍ ᠬᠦᠶᠦᠯᠳᠤᠨ ᠤᠷᠤᠵᠠᠭᠠᠯ᠎ᠠ᠃

2022 ᠣᠨ᠎ᠤ 7 ᠰᠠᠷ᠎ᠠ᠎ᠳᠤ᠂ ᠬᠣᠷᠢᠨᠭᠡᠷ ᠱᠢᠶᠠᠨ᠎ᠤ ᠵᠠᠰᠠᠭ᠎ᠤᠨ ᠣᠷᠳᠣᠨ᠂ ᠮᠧᠩ ᠨᠢᠤ ᠪᠦᠯᠦᠭ᠌ᠯᠡᠯ᠂ ᠲᠢᠶᠠᠨᠵᠢᠨ᠎ᠤ ᠢᠳᠡᠭᠡᠨ᠎ᠦ ᠪᠦᠯᠦᠭ᠌ᠯᠡᠯ᠂ ᠲᠢᠶᠠᠨᠵᠢᠨ᠎ᠤ ᠵᠢᠶᠠ ᠯᠢ ᠾᠧ ᠮᠠᠯ ᠠᠵᠤ ᠠᠬᠤᠶ᠎ᠶ᠋ᠢᠨ ᠪᠦᠯᠦᠭ᠌ᠯᠡᠯ᠂ ᠥᠪᠥᠷ ᠮᠣᠩᠭᠣᠯ᠎ᠤᠨ ᠵᠧᠩ ᠶᠤᠸᠠᠨ ᠲᠠᠷᠢᠶᠠᠯᠠᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ᠎ᠵᠡᠷᠭᠡ ᠲᠠᠪᠤᠨ ᠲᠠᠯ᠎ᠠ᠎ᠶ᠋ᠢᠨ᠎ᠬᠢᠨ ᠬᠠᠮᠲᠤᠷᠠᠬᠤ ᠬᠠᠮᠲᠤ᠎ᠶ᠋ᠢᠨ ᠲᠠᠨᠢᠯᠲᠠ᠎ᠲᠠᠶ ᠪᠣᠯᠵᠣ᠂ ᠵᠧᠩ ᠶᠤᠸᠠᠨ ᠵᠢᠶᠠ ᠯᠢ ᠾᠧ ᠮᠠᠯᠵᠢᠯ᠎ᠤᠨ ᠲᠠᠯᠠᠪᠠᠶ᠎ᠶ᠋ᠢᠨ ᠲᠥᠷᠥᠯ ᠵᠦᠶ᠋ᠯ᠎ᠢ ᠵᠢᠩᠬᠢᠨᠢ᠎ᠪᠡᠷ ᠡᠬᠢᠯᠡᠭᠦᠯᠵᠦ᠍᠂ ᠡᠯ᠎ᠡ ᠲᠠᠯ᠎ᠠ᠎ᠶ᠋ᠢᠨ᠎ᠬᠢᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠭᠠᠵᠠᠷ ᠱᠢᠷᠣᠶ᠎ᠶ᠋ᠢ ᠪᠠᠲᠤᠯᠠᠨ᠂ ᠪᠠᠯᠠ ᠮᠥᠩᠭᠥ᠌ ᠴᠤᠭ᠍ᠯᠠᠭᠤᠯᠤᠨ᠂ ᠦᠬᠡᠷ᠎ᠦᠨ ᠢᠷᠡᠯᠲᠡ᠎ᠶ᠋ᠢ ᠲᠣᠬᠢᠷᠠᠭᠤᠯᠤᠨ᠂ ᠠᠬᠢᠴᠠ᠎ᠶ᠋ᠢ ᠲᠦᠷᠭᠡᠳᠭᠡᠨ᠂ ᠠᠵᠢᠯ᠎ᠢᠶᠠᠨ ᠡᠬᠢᠯᠡᠭᠦᠯᠬᠦ᠌᠎ᠡᠴᠡ ᠦᠬᠡᠷ ᠵᠢᠡᠨ ᠣᠷᠣᠭᠤᠯᠬᠤ ᠪᠣᠯᠲᠠᠯ᠎ᠠ ᠵᠥᠪᠬᠡᠨ 7 ᠰᠠᠷ᠎ᠠ᠎ᠶ᠋ᠢᠨ ᠬᠤᠭᠤᠴᠠᠭ᠎ᠠ ᠬᠡᠷᠡᠭ᠌ᠰᠡᠵᠦ᠍᠂ ᠪᠥᠲᠥᠭᠡᠨ ᠪᠠᠢᠭᠤᠯᠬᠤ ᠬᠤᠭᠤᠴᠠᠭ᠎ᠠ᠎ᠶ᠋ᠢ ᠬᠠᠭᠠᠰ᠎ᠢᠶᠠᠷ ᠪᠣᠭᠣᠨᠢᠰᠭᠠᠵᠤ᠂ ᠲᠤᠬᠠᠶ᠎ᠶ᠋ᠢᠨ ᠵᠢᠯ᠎ᠳᠡᠭᠡᠨ ᠠᠵᠢᠯ᠎ᠢᠶᠠᠨ ᠡᠬᠢᠯᠡᠭᠦᠯᠬᠦ᠌ ᠂ ᠲᠤᠬᠠᠶ᠎ᠶ᠋ᠢᠨ ᠵᠢᠯ᠎ᠳᠡᠭᠡᠨ ᠦᠬᠡᠷ ᠵᠢᠡᠨ ᠣᠷᠣᠭᠤᠯᠬᠤ ᠵᠢ ᠪᠡᠶᠡᠯᠡᠭᠦᠯᠵᠦ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠭᠰᠡᠨ ᠪᠠᠢᠨ᠎ᠠ᠃

ᠣᠢᠯᠠᠭᠠᠭ᠍ᠰᠠᠨ᠎ᠢᠶᠠᠷ᠂ ᠮᠸᠩ ᠨᠢᠦ ᠵᠢᠨ ᠳᠤᠮᠳᠠᠳᠤ ᠤᠯᠤᠰ᠎ᠤᠨ ᠰᠦ ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ᠎ᠤᠨ ᠬᠣᠷᠢᠨᠭᠡᠷ᠎ᠲᠡᠬᠢ 4 ᠲᠦᠮᠡᠨ ᠰᠠᠭᠠᠯᠢ᠎ᠶ᠋ᠢᠨ ᠦᠨᠢᠶ᠎ᠡ ᠲᠠᠢ ᠰᠦ ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ 《ᠳᠠᠷᠢᠵᠤ ᠲᠡᠵᠢᠭᠡᠬᠦ᠌᠎ᠶ᠋ᠢ ᠤᠶᠠᠯᠳᠤᠭᠤᠯᠬᠤ᠂ ᠢᠯᠭᠠᠳᠠᠰᠤ ᠪᠣᠷᠲᠣᠭᠣᠷ᠎ᠢ ᠲᠠᠷᠢᠶᠠᠨ᠎ᠳᠤ ᠣᠷᠣᠭᠤᠯᠬᠤ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ》 ᠪᠣᠬᠢᠷᠲᠤᠯ ᠥᠬᠡᠶ ᠣᠷᠴᠢᠯᠳᠦ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠶᠡᠷᠦᠩᠬᠡᠢᠯᠡᠭ᠌ᠰᠡᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠢ ᠬᠦᠴᠦᠯᠡᠨ ᠪᠠᠢᠭᠤᠯᠵᠤ᠂ ᠶᠡᠷᠦᠩᠬᠡᠶ ᠪᠠᠯᠠ ᠣᠷᠣᠭᠤᠯᠤᠯᠲᠠ᠎ᠨᠢ 19 ᠳ᠋ᠦᠩᠱᠢᠭᠤᠷ ᠲᠥᠭᠥᠷᠢᠭ᠎ᠲᠦ ᠬᠦᠷᠴᠦ᠍᠂ 2700 ᠮᠥ᠍ ᠭᠠᠵᠠᠷ ᠡᠵᠡᠯᠡᠵᠤ ᠪᠠᠢᠨ᠎ᠠ᠃ ᠬᠦᠷᠢᠶᠡᠯᠡᠩ ᠲᠣᠭᠣᠷᠢᠭ᠎ᠲᠤ 4 ᠣᠳᠣᠬᠢᠴᠢᠯᠠᠭ᠍ᠰᠠᠨ ᠮᠠᠯᠵᠢᠯ᠎ᠤᠨ ᠲᠠᠯᠠᠪᠠᠢ ᠪᠠᠢᠭᠤᠯᠵᠤ᠂ ᠡᠷᠭᠢᠨ ᠲᠣᠭᠣᠷᠢᠨ᠎ᠳᠤᠨᠢ 7000 ᠮᠦ᠍ ᠣᠷᠭᠠᠨᠢᠭ ᠲᠡᠵᠢᠭᠡᠯ ᠡᠪᠡᠰᠦ᠎ᠶ᠋ᠢ ᠢᠵᠢ ᠪᠦᠷᠢᠳᠦᠭᠦᠯᠦᠨ ᠲᠠᠷᠢᠵᠤ᠂ ᠵᠢᠱ᠌ᠢᠯᠲᠡ᠎ᠪᠡᠷ 2025 ᠣᠨ ᠡᠴᠡ ᠬᠦᠷᠢᠶᠡᠯᠡᠩ ᠲᠣᠭᠣᠷᠢᠭ ᠪᠦᠬᠦ ᠬᠦᠴᠦᠨ᠎ᠢᠶᠡᠷ᠎ᠢᠶᠡᠨ ᠦᠢᠯᠡᠳᠪᠦᠷᠢᠯᠡᠬᠦ᠎ᠳᠤ ᠬᠦᠷᠪᠠᠯ ᠡᠳᠦᠷ᠎ᠤᠨ ᠰᠦ᠎ᠶ᠋ᠢᠨ ᠭᠠᠷᠤᠯᠲᠠ 800 ᠲᠣᠨ᠎ᠳᠤ ᠬᠦᠷᠬᠦ᠌ ᠪᠣᠯᠤᠨ᠎ᠠ᠃ ᠲᠣᠰ ᠬᠦᠷᠢᠶᠡᠯᠡᠩ ᠲᠣᠭᠣᠷᠢᠭ᠎ᠨᠢ 《ᠲᠠᠷᠢᠶᠠᠴᠢᠨ ᠪᠠ ᠠᠵᠤ ᠠᠬᠤᠢᠯᠠᠯ ᠬᠣᠯᠪᠣᠭᠠᠯᠠᠵᠤ᠂ ᠲᠦᠷᠢᠶᠡᠰᠦᠯᠡᠬᠦ᠌᠎ᠪᠡᠷ ᠪᠠᠢᠭᠤᠯᠬᠤ᠎ᠶ᠋ᠢ ᠣᠷᠣᠯᠠᠭᠤᠯᠬᠤ》 ᠵᠠᠭ᠍ᠪᠤᠷ᠎ᠢ ᠬᠡᠷᠡᠭ᠌ᠯᠡᠨ᠂ ᠥᠪᠥᠷ ᠮᠣᠩᠭᠣᠯ᠎ᠤᠨ ᠵᠧᠩ ᠶᠤᠸᠠᠨ ᠲᠠᠷᠢᠶᠠᠯᠠᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ᠎ᠨᠢ ᠮᠠᠯᠵᠢᠯ᠎ᠤᠨ ᠲᠠᠯᠠᠪᠠᠶ ᠪᠠᠢᠭᠤᠯᠤᠨ 《ᠲᠦᠯᠬᠢᠭᠦᠷ ᠲᠤᠱᠢᠶᠠᠬᠤ》 ᠢᠨᠵᠧᠨᠧᠷᠢᠩ᠎ᠢ ᠬᠡᠷᠡᠭ᠌ᠵᠢᠭᠦᠯᠵᠦ᠍᠂ ᠲᠢᠶᠠᠨᠵᠢᠨ᠎ᠤ ᠵᠢᠶᠠ ᠯᠢ ᠾᠧ ᠮᠠᠯ ᠠᠵᠤ ᠠᠬᠤᠶ᠎ᠶ᠋ᠢᠨ ᠪᠦᠯᠦᠭ᠌ᠯᠡᠯ᠎ᠨᠢ ᠲᠦᠷᠢᠶᠡᠰᠦᠯᠡᠨ ᠡᠵᠡᠩᠨᠡᠵᠦ᠍ ᠂ ᠵᠠᠰᠠᠭ᠎ᠤᠨ ᠣᠷᠳᠣᠨ᠎ᠡᠴᠡ ᠪᠥᠬᠥ᠌ ᠲᠠᠯ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠦᠵᠡᠭᠦᠯᠬᠦ ᠵᠢᠴᠢ ᠮᠧᠩ ᠨᠢᠤ ᠪᠦᠯᠦᠭ᠌ᠯᠡᠯ᠎ᠨᠢ ᠬᠤᠳᠠᠯᠳᠤᠨ ᠠᠪᠬᠤ᠎ᠶ᠋ᠢ ᠪᠠᠲᠤᠯᠠᠬᠤ᠎ᠶ᠋ᠢ ᠨᠠᠢᠳᠠᠪᠤᠷᠢᠵᠢᠭᠤᠯᠤᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ 《ᠵᠠᠰᠠᠭ ᠠᠵᠤ ᠠᠬᠤᠢᠯᠠᠯ ᠲᠠᠷᠢᠶᠠᠴᠢᠨ》 ᠭᠤᠷᠪᠠᠨ ᠲᠠᠯ᠎ᠠ᠎ᠶ᠋ᠢᠨ ᠠᠱᠢᠭ ᠲᠤᠰᠠ᠎ᠶ᠋ᠢ ᠨᠢᠭ᠍ᠲᠠ ᠬᠣᠯᠪᠣᠬᠤ᠎ᠶ᠋ᠢ ᠪᠡᠶᠡᠯᠡᠭᠦᠯᠵᠦ᠍᠂ ᠮᠠᠯᠴᠢᠨ ᠲᠠᠷᠢᠶᠠᠴᠢᠨ᠎ᠢ ᠪᠦᠲᠦᠮᠵᠢᠲᠡᠶ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠦᠨ ᠪᠠᠶᠠᠵᠢᠭᠤᠯᠵᠤ᠂ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃

《 ᠮᠸᠩ ᠨᠢᠤ ᠪᠦᠯᠦᠭ᠌ᠯᠡᠯ ᠥᠪᠡᠷᠲᠡᠭᠡᠨ ᠵᠠᠰᠠᠬᠤ ᠣᠷᠣᠨ᠎ᠤ 〈ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠶᠢᠰᠦᠨ ᠵᠦᠢᠯ〉 ᠤ᠋ᠨ ᠲᠦᠷᠦ᠍᠎ᠶ᠋ᠢᠨ ᠪᠤᠳᠤᠯᠭ᠎ᠠ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠰᠦ᠎ᠶ᠋ᠢᠨ ᠦᠢᠯᠡᠰ᠎ᠦᠨ ᠠᠵᠤ ᠦᠢᠯᠡᠰ᠎ᠦᠨ ᠬᠦᠷᠢᠶᠡᠯᠡᠩ᠎ᠦᠨ ᠲᠦᠷᠦᠯ ᠵᠦᠢᠯ᠎ᠢ ᠴᠣᠭ᠍ᠴᠠᠯᠠᠵᠤ᠂ ᠰᠦ᠎ᠶ᠋ᠢᠨ ᠢᠷᠡᠯᠲᠡ᠎ᠶ᠋ᠢᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠪᠠ᠃ 2025 ᠣᠨ ᠪᠣᠯᠬᠤ᠎ᠳᠤ ᠂ 46 ᠮᠠᠯᠵᠢᠯ᠎ᠤᠨ ᠲᠠᠯᠠᠪᠠᠶ᠎ᠶ᠋ᠢ ᠱᠢᠨ᠎ᠡ᠎ᠪᠡᠷ ᠪᠠᠢᠭᠤᠯᠬᠤ᠎ᠶ᠋ᠢ ᠠᠬᠢᠭᠤᠯᠵᠤ᠂ ᠲᠡᠵᠢᠭᠡᠵᠦ ᠪᠠᠢᠭ᠎ᠠ ᠰᠠᠭᠠᠯᠢ᠎ᠶ᠋ᠢᠨ ᠦᠨᠢᠶ᠎ᠡ᠎ᠶ᠋ᠢᠨ ᠲᠤᠭ᠎ᠠ ᠲᠤᠯᠤᠭᠠᠢ ᠵᠢ 47 ᠲᠦᠮᠡ ᠪᠤᠯᠭᠠᠨ ᠨᠡᠮᠡᠭ᠌ᠳᠡᠭᠦᠯᠬᠦ᠌᠎ᠪᠡᠷ ᠲᠥᠯᠥᠪᠯᠡᠵᠦ᠍ ᠪᠣᠶ᠃ ᠣᠳᠣᠬᠠᠨ᠎ᠳᠤ ᠨᠢᠭᠡᠨᠲᠡ ᠪᠠᠢᠭᠤᠯᠤᠭ᠍ᠳᠠᠭ᠍ᠰᠠᠨ ᠪᠠ ᠪᠠᠢᠭᠤᠯᠵᠤ ᠪᠠᠢᠭ᠎ᠠ ᠮᠠᠯᠵᠢᠯ᠎ᠤᠨ ᠲᠠᠯᠠᠪᠠᠢ 44 ᠪᠠᠢᠨ᠎ᠠ》 ᠭᠡᠵᠦ᠍ ᠮᠧᠩ ᠨᠢᠤ ᠪᠦᠯᠦᠭ᠌ᠯᠡᠯ᠎ᠦᠨ ᠳᠡᠳ᠋ ᠶᠡᠷᠦᠩᠬᠡᠢ ᠵᠠᠬᠢᠷᠤᠭ᠍ᠴᠢ ᠭᠦᠸᠧ ᠱᠢᠶᠤᠤ ᠪᠢᠨ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面