ᠮᠣᠩᠭᠣᠯ ᠨᠤᠲᠤᠭ > ᠬᠥᠳᠡᠭᠡ ᠨᠤᠲᠤᠭ᠎ᠤᠨ ᠴᠠᠭᠠᠨ ᠰᠠᠷ᠎ᠠ

2023-01-22 15:05:17

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

ᠬᠥᠬᠡᠭᠡ ᠡᠪᠦᠯ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠴᠠᠷᠠᠰᠤᠨ ᠪᠠᠯᠭᠠᠰᠤᠨ ᠤ᠋ ᠮᠦᠰᠦᠨ ᠳᠠᠯᠠᠢ ᠦᠵᠡᠮᠵᠢ᠎ᠶ᠋ᠢᠨ ᠣᠷᠣᠨ ᠬᠦᠷ ᠬᠥᠭ᠌ᠵᠢᠶᠡᠨ᠎ᠢᠶᠡᠷ ᠪᠢᠯᠬᠠᠵᠤ᠂ ᠮᠥᠰᠥᠨ ᠲᠡᠭᠡᠷᠡᠬᠢ ᠯᠤᠤᠲᠤ ᠤᠡᠭᠭᠤᠴᠠᠨ ᠤ᠋ ᠤᠷᠤᠯᠳᠤᠭᠠᠨ᠂ ᠡᠷᠬᠢᠯᠳᠤᠨ ᠨᠠᠭᠠᠳᠬᠤ ᠤᠷᠤᠯᠳᠤᠭᠠᠨ᠂ ᠮᠥᠰᠥᠨ ᠳᠡᠭᠡᠷᠡᠬᠢ ᠳᠡᠭᠡᠰᠦ ᠲᠠᠲᠠᠬᠤ ᠤᠷᠤᠯᠳᠤᠭᠠᠨ᠂ ᠮᠥᠰᠥ᠍ ᠴᠠᠰᠤᠨ ᠲᠡᠭᠡᠷᠡᠬᠢ ᠮᠠᠱᠢᠨ ᠲᠡᠷᠭᠡᠨ᠎ᠦ ᠤᠷᠤᠯᠳᠤᠭᠠᠨ ᠵᠡᠷᠭᠡ ᠮᠥᠰᠥ᠍ ᠴᠠᠰᠤᠨ ᠤ᠋ ᠵᠤᠭ᠎ᠠ ᠴᠡᠩᠭᠡᠯ ᠤ᠋ᠨ ᠲᠦᠷᠦᠯ ᠵᠦᠢᠯ ᠬᠦᠮᠦᠰ ᠤ᠋ᠨ ᠠᠡᠭᠬᠠᠷᠤᠯ ᠢ᠋ ᠶᠠᠬᠡᠲᠠ ᠲᠡᠲᠡᠵᠤ ᠪᠠᠢᠯ᠎ᠠ᠃ ᠤᠢᠷ᠎ᠠ ᠵᠢᠨ ᠡᠳᠦᠷ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ 2023 ᠣᠨ ᠤ᠋ ᠮᠥᠰᠥ᠍ ᠴᠠᠰᠤᠨ ᠤ᠋ ᠨᠠᠢᠷ ᠡᠬᠢᠯᠡᠬᠦ᠌᠎ᠶ᠋ᠢ ᠳᠠᠭᠠᠯᠳᠤᠨ᠂ ᠮᠦᠰᠤᠲᠤᠵᠤ ᠬᠦᠯᠳᠡᠭᠰᠡᠨ ᠴᠠᠷᠠᠰᠤᠨ ᠨᠠᠭᠤᠷ ᠪᠠᠢᠭᠠᠯᠢᠯᠢᠭ 《ᠲᠠᠮᠢᠷ ᠤ᠋ᠨ ᠲᠠᠯᠠᠪᠤᠷ》 ᠪᠤᠯᠵᠠᠢ᠃

ᠶᠢᠰᠤ ᠢ᠋ᠢᠨ ᠬᠦᠢᠲᠡᠨ ᠴᠤ᠌ ᠵᠢᠭᠤᠯᠴᠢᠯᠠᠭᠰᠠᠤᠨ ᠎ᠤᠨ ᠮᠥᠰᠥ᠍ ᠴᠠᠰᠤ ᠰᠣᠨᠢᠷᠬᠠᠬᠤ ᠰᠡᠳᠭᠢᠯ ᠢ᠋ ᠬᠤᠷᠢᠵᠤ ᠳᠡᠢᠯᠬᠦ᠌ ᠦᠭᠡᠢ ᠪᠠᠢᠯ᠎ᠠ᠃ 《ᠡᠨᠳᠡᠬᠢ ᠵᠤᠭ᠎ᠠ ᠴᠡᠩᠭᠡᠯ ᠤ᠋ᠨ ᠲᠥᠷᠥᠯ ᠵᠦᠶ᠋ᠯ ᠮᠠᠰᠢ ᠣᠯᠠᠨ᠂ ᠪᠢᠳᠡ ᠲᠤᠰᠭᠠᠢᠯᠠᠨ ᠬᠣᠶᠠᠷ ᠬᠡᠦᠬᠡᠳ ᠢ᠋ᠢᠡᠨ ᠳᠠᠭᠠᠭᠤᠯᠵᠤ ᠢᠷᠡᠭᠡᠳ ᠪᠠᠭ᠎ᠠ᠎ᠶ᠋ᠢᠨ ᠦᠶ᠎ᠡ᠎ᠶ᠋ᠢᠨ ᠪᠠᠶᠠᠷ ᠴᠡᠩᠭᠡᠯ ᠢ᠋ ᠭᠡᠦᠭᠡᠳ ᠲᠡᠭᠡᠨ ᠪᠠᠶᠠᠳᠠᠨ ᠤᠢᠯᠠᠭᠠᠭᠤᠯᠵᠤ ᠪᠠᠢᠨ᠎ᠠ᠂ ᠢᠯᠠᠩᠭᠤᠶ᠎ᠠ ᠮᠥᠰᠥᠨ᠎ᠳᠦ ᠲᠡᠱᠢᠬᠦ᠌ ᠲᠡᠷᠭᠡ᠎ᠢ᠋ᠢ ᠬᠡᠦᠬᠡᠳ᠎ᠦᠳ ᠮᠠᠰᠢ ᠪᠠᠶᠠᠷᠲᠠᠶ ᠨᠠᠭᠠᠳᠴᠤ ᠪᠠᠢᠨ᠎ᠠ》 ᠭᠡᠵᠦ᠍ ᠤᠯᠠᠭᠠᠨᠬᠣᠲᠠ᠎ᠡᠴᠡ ᠢᠷᠡᠭᠰᠡᠨ ᠵᠢᠭᠤᠯᠴᠢᠯᠠᠭᠴᠢ ᠯᠢ ᠵᠢᠶᠠ ᠬᠡᠯᠡᠨ᠎ᠠ᠃

ᠮᠥᠰᠥ᠍ ᠴᠠᠰᠤᠨ ᠤ᠋ ᠨᠠᠢᠷ ᠤ᠋ᠨ ᠬᠤᠪᠢᠶᠠᠷᠢ ᠲᠠᠯᠠᠪᠠᠢ᠎ᠶ᠋ᠢᠨ ᠨᠢᠭᠡ ᠪᠣᠯᠬᠤ ᠵᠢᠷᠦᠬᠡ ᠪᠠᠯᠭᠠᠰᠤ᠎ᠶ᠋ᠢᠨ ᠴᠠᠰᠤᠲᠤ ᠲᠣᠰᠭᠣᠨ ᠤ᠋ ᠴᠠᠨᠠᠯᠠᠯᠳᠠ᠎ᠶ᠋ᠢᠨ ᠲᠠᠯᠠᠪᠠᠢ᠎ᠳᠤ ᠵᠠᠷᠢᠮ ᠨᠢ ᠡᠷᠳᠡᠮ ᠴᠢᠳᠠᠪᠤᠷᠢ᠎ᠪᠠᠨ ᠭᠠᠢᠬᠠᠭᠤᠯᠵᠤ᠂ ᠵᠠᠷᠢᠮ ᠨᠢ ᠣᠢᠴᠢᠭ᠍ᠰᠠᠨ ᠴᠤ᠌ ᠪᠠᠶᠠᠷ ᠬᠦᠷ ᠲᠠᠢ ᠲᠤᠭᠯᠠᠨ᠎ᠠ᠃ ᠡᠨᠳᠡ ᠶᠠᠪᠤᠭ᠍ᠳᠠᠭ᠍ᠰᠠᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ 2023 ᠣᠨ ᠤ᠋ ᠮᠥᠰᠥ᠍ ᠴᠠᠰᠤᠨ ᠤ᠋ ᠨᠠᠢᠷ ᠵᠢᠴᠢ ᠬᠢᠩᠭᠠᠨ ᠠᠢᠮᠠᠭ ᠤ᠋ᠨ ᠵᠢᠷᠭᠤᠳᠤᠭᠠᠷ ᠬᠤᠭᠤᠴᠠᠭᠠᠨ ᠤ᠋ ᠺᠠᠳ᠋ᠷ ᠠᠵᠢᠯᠲᠠᠨ ᠤ᠋ ᠴᠡᠨᠡᠯᠡᠯᠲᠡ ᠢ᠋ᠢᠨ ᠤᠷᠤᠯᠳᠤᠭᠠᠨ᠎ᠳ᠋ᠤ ᠬᠢᠩᠭᠠᠨ ᠠᠢᠮᠠᠭ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠪᠣᠯᠤᠨ ᠬᠢᠩᠭᠠᠨ ᠠᠢᠮᠠᠭ ᠤ᠋ᠨ ᠡᠯ᠎ᠡ ᠬᠣᠱᠢᠭᠤ ᠱᠢᠶᠠᠨ ᠬᠣᠲᠠ᠎ᠶ᠋ᠢᠨ 90 ᠭᠠᠷᠤᠶ ᠲᠠᠮᠢᠷᠴᠢᠳ ᠣᠷᠣᠯᠴᠠᠵᠠᠶ᠃

ᠤᠷᠤᠯᠳᠤᠭᠠᠨ ᠤ᠋ ᠳᠤᠮᠳᠠ᠂ ᠥᠩᠭᠡ ᠢᠯᠭᠠᠷᠠᠭᠰᠠᠨ ᠴᠠᠨᠡᠯᠡᠯᠲᠡ ᠢ᠋ᠢᠨ ᠬᠤᠪᠴᠠᠰᠤ ᠡᠮᠦᠰᠦᠭ᠌ᠰᠡᠨ ᠴᠠᠨᠡᠯᠡᠯᠲᠡ ᠢ᠋ᠢᠨ ᠪᠠᠬᠠᠲᠠᠳ ᠥᠨᠳᠥᠷ ᠠᠭᠤᠯᠠᠨ ᠤᠷᠤᠢ᠎ᠠᠴᠠ ᠱᠤᠤᠬᠢᠨ ᠪᠠᠭᠤᠵᠦ᠂ ᠴᠠᠪ ᠴᠠᠭᠠᠨ ᠴᠠᠰᠤᠨ ᠵᠠᠮ ᠢ᠋ᠢᠡᠷ ᠴᠠᠨᠠᠯᠠᠨ ᠤᠳᠴᠤ᠂ ᠦᠪᠴᠢ ᠴᠠᠰᠤᠨ ᠳ᠋ᠤ ᠬᠤᠴᠢᠭᠳᠠᠭᠰᠠᠨ ᠡᠪᠦᠯ ᠤ᠋ᠨ ᠤᠯᠠᠷᠢᠯ ᠤ᠋ᠨ ᠬᠢᠩᠭᠠᠨ ᠳ᠋ᠤ ᠬᠢᠵᠠᠭᠠᠯᠠᠰᠢ ᠦᠭᠡᠢ ᠠᠮᠢᠵᠢᠷᠠᠯ ᠤ᠋ᠨ ᠬᠦᠴᠦᠨ᠎ᠠᠪᠴᠢᠷᠠᠨ᠎ᠠ᠃ 《ᠪᠢ ᠨᠠᠢᠵᠠ ᠨᠠᠷ ᠲᠠᠢ ᠪᠡᠨ ᠦᠷᠭᠦᠯᠵᠢ ᠴᠠᠰᠤᠨ᠎ᠳᠤ ᠴᠠᠨᠠᠯᠠᠬᠤ ᠪᠡᠷ ᠡᠨᠳᠡ ᠪᠣᠯᠵᠣᠳᠠᠭ᠂ ᠨᠡᠩ ᠤᠯᠠᠨ ᠬᠥᠮᠦᠰ ᠴᠠᠰᠤᠨ᠎ᠳᠤ ᠴᠠᠨᠠᠯᠠᠬᠤ ᠲᠠᠯᠠᠪᠠᠢ᠎ᠳᠤ ᠢᠷᠡᠵᠤ᠂ ᠴᠠᠰᠤ ᠮᠦᠰᠦᠨ ᠤ᠋ ᠲᠠᠮᠢᠷ ᠤ᠋ᠨ ᠬᠥᠳᠡᠯᠭᠡᠭᠡᠨ᠎ᠦ ᠬᠠᠪᠤ ᠴᠡᠩᠭᠡᠯ᠎ᠢ ᠡᠳ᠋ᠯᠡᠬᠦ ᠢ᠋ᠢ ᠬᠦᠰᠡᠵᠦ᠍ ᠪᠠᠢᠨ᠎ᠠ》 ᠭᠡᠵᠦ᠍ ᠤᠯᠠᠭᠠᠨᠬᠣᠲᠠ᠎ᠶ᠋ᠢᠨ ᠴᠠᠨᠡᠯᠡᠯᠲᠡ ᠢ᠋ᠢᠨ ᠪᠠᠬᠠᠲᠠᠨ ᠹᠠᠨ ᠱ᠌ᠢ ᠴᠠᠩ ᠬᠡᠯᠡᠨ᠎ᠠ᠃

ᠬᠣᠷᠴᠢᠨ ᠪᠠᠯᠭᠠᠰᠤᠨ ᠤ᠋ ᠹᠠᠨ ᠴᠢᠶᠸ ᠨᠢᠭᠡᠳᠦᠯ᠎ᠳᠦ 《ᠬᠣᠷᠴᠢᠨ ᠭᠡᠷ ᠪᠦᠯᠢ ᠢ᠋ᠢᠨ ᠬᠥᠳᠡᠯᠭᠡᠭᠡᠨ᠎ᠦ ᠴᠤᠭ᠍ᠯᠠᠭᠠᠨ》 ᠬᠥᠭ᠌ᠵᠢᠶᠡᠨᠲᠡᠢ ᠶᠠᠪᠤᠭ᠍ᠳᠠᠵᠤ ᠪᠠᠢᠯ᠎ᠠ᠃ ᠴᠠᠰᠤᠨ ᠲᠡᠭᠡᠷ᠎ᠡ᠎ᠬᠠᠢᠷᠴᠠᠭ᠎ᠡᠷᠢᠬᠦ᠌᠂ ᠮᠥᠰᠥᠨ ᠭᠠ ᠴᠣᠬᠢᠬᠤ᠂ ᠴᠠᠰᠤᠨ ᠴᠠᠭᠠᠷᠢᠭ᠎ᠢ ᠲᠠᠲᠠᠬᠤ ᠤᠷᠤᠯᠳᠤᠭᠠᠨ ᠵᠡᠷᠭᠡ ᠡᠯ᠎ᠡ ᠵᠦᠶ᠋ᠯ ᠤ᠋ᠨ ᠮᠥᠰᠥᠨ ᠳᠡᠭᠡᠷᠡᠬᠢ ᠰᠣᠨᠢᠷᠬᠠᠯᠲᠤ ᠠᠵᠢᠯᠯᠠᠭ᠎ᠠ ᠨᠢ ᠵᠢᠭᠤᠯᠴᠢᠯᠠᠵᠤ ᠨᠠᠭᠠᠳᠭᠤ᠎ᠪᠠᠷ ᠢᠷᠡᠭ᠌ᠰᠡᠨ ᠬᠡᠷ ᠤ᠋ᠨ ᠠᠬᠠᠮᠠᠳ ᠪᠣᠯᠤᠨ ᠬᠡᠦᠬᠡᠳ᠎ᠦᠳ᠎ᠲᠦ ᠭᠡᠷ ᠪᠦᠯᠢ ᠪᠠᠷ ᠵᠢᠡᠨ ᠬᠠᠮᠳᠤ ᠪᠡᠷ ᠴᠡᠩᠭᠡᠬᠦ ᠴᠠᠭ ᠢ᠋ ᠬᠠᠨᠲᠠᠯ᠎ᠠ ᠡᠳ᠋ᠯᠡᠭᠦᠯᠵᠦ᠍᠂ ᠬᠠᠬᠢᠷ ᠡᠪᠦᠯ ᠤ᠋ᠨ ᠬᠦᠢᠲᠡᠨ᠎ᠢ ᠬᠠᠯᠠᠭᠤᠨ ᠬᠠᠢᠷ᠎ᠠ ᠪᠡᠷ ᠳᠤᠯᠠᠭᠠᠯᠠᠨ᠎ᠠ᠃

《ᠡᠨᠡ ᠡᠪᠦᠯ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠮᠥᠰᠥ᠍ ᠴᠠᠰᠤᠨ ᠤ᠋ ᠲᠥᠷᠥᠯ ᠵᠦᠶ᠋ᠯ ᠤ᠋ᠨ ᠠᠭᠤᠷ ᠠᠮᠢᠰᠬᠤᠯ ᠱᠢᠨᠡᠳᠴᠦ᠍᠂ ᠮᠥᠰᠥ᠍ ᠴᠠᠰᠤᠨ ᠤ᠋ ᠠᠵᠤ ᠠᠬᠤᠶ ᠦᠷᠭᠦᠯᠵᠢᠯᠡᠨ ᠰᠠᠢᠵᠢᠷᠠᠪᠠ》 ᠭᠡᠵᠤ ᠬᠣᠱᠢᠭᠤᠨ ᠤ᠋ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠤ᠋ᠨ ᠲᠣᠪᠴᠢᠶᠠᠨ᠎ᠳᠠᠷᠤᠭ᠎ᠠ ᠴᠧᠨ ᠯᠢᠩ ᠲᠠᠨᠢᠯᠴᠠᠭᠤᠯᠪᠠ᠃ ᠲᠠᠨᠢᠯᠴᠠᠭᠤᠯᠤᠭᠰᠠᠨ ᠢ᠋ᠢᠡᠷ᠂ ᠡᠨᠡ ᠵᠢᠯ ᠤ᠋ᠨ ᠮᠥᠰᠥ᠍ ᠴᠠᠰᠤᠨ ᠤ᠋ ᠤᠯᠠᠷᠢᠯ 2 ᠰᠠᠷ᠎ᠠ᠎ᠶ᠋ᠢᠨ 10 ᠤ᠋ ᠡᠳᠦᠷ ᠪᠣᠯᠲᠠᠯ᠎ᠠ ᠦᠷᠭᠦᠯᠵᠢᠯᠡᠨ᠎ᠡ᠂ ᠡᠨᠡ ᠬᠤᠭᠤᠴᠠᠭᠠᠨ᠎ᠳᠤ ᠴᠠᠷᠠᠰᠤᠨ ᠪᠠᠯᠭᠠᠰᠤᠨ ᠤ᠋ ᠵᠢᠭᠠᠰᠤ ᠠᠩᠨᠠᠬᠤ ᠰᠣᠶᠣᠯ ᠵᠢᠭᠤᠯᠴᠢᠯᠠᠯ ᠤ᠋ᠨ ᠨᠠᠢᠷ᠂ ᠴᠠᠰᠤᠲᠤ ᠲᠣᠰᠭᠣᠨ ᠤ᠋ ᠴᠠᠰᠤᠨ᠎ᠳᠤ ᠴᠠᠨᠠᠯᠠᠬᠤ ᠲᠠᠯᠠᠪᠤᠷ ᠤ᠋ᠨ ᠠᠵᠢᠯᠲᠠᠨ ᠠᠵᠢᠯᠴᠢᠨ ᠤ᠋ ᠴᠠᠰᠤᠨ᠎ᠳᠤ ᠴᠠᠨᠠᠯᠠᠬᠤ ᠤᠷᠤᠯᠳᠤᠭᠠᠨ᠂ ᠬᠣᠲᠠ᠎ᠶ᠋ᠢᠨ ᠳᠤᠮᠳᠠᠬᠢ ᠲᠠᠯ᠎ᠠ ᠨᠤᠲᠤᠭ ᠤ᠋ᠨ ᠪᠠᠶᠠᠰᠤᠯ ᠴᠡᠡᠭᠭᠡᠯ ᠤ᠋ᠨ ᠤᠯᠠᠷᠢᠯ ᠵᠡᠷᠭᠡ ᠮᠥᠰᠥ᠍ ᠴᠠᠰᠤᠨ ᠤ᠋ ᠭᠢᠯᠠᠰ ᠴᠡᠭ᠎ᠢᠶᠡᠷ ᠭᠤᠤᠯ ᠰᠡᠳᠦᠪ ᠪᠣᠯᠭᠠᠵᠤ᠂ 《ᠮᠦᠰᠤᠨ ᠤ᠋ ᠪᠣᠯᠵᠣᠭ᠎ᠠ᠂ ᠴᠠᠰᠤᠨ ᠤ᠋ ᠴᠤᠭ᠍ᠯᠠᠭᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠳᠤ ᠢᠷᠡᠵᠦ᠍ ᠮᠥᠰᠥ᠍ ᠴᠠᠰᠤᠨ᠎ᠳ᠋ᠤ ᠪᠤᠯᠵᠤᠶ᠎ᠠ》 ᠪᠠᠷ ᠭᠤᠤᠯ ᠰᠡᠳᠦᠪ ᠪᠣᠯᠭᠠᠵᠤ᠂ 《ᠮᠥᠰᠥ ᠴᠠᠰᠤᠨ ᠳ᠋ᠤ ᠴᠠᠨᠠᠯᠠᠶ᠎ᠠ ᠭᠡᠪᠡᠯ ᠡᠮᠦᠨᠡᠲᠦ ᠬᠣᠱᠢᠭᠤᠨ ᠳ᠋ᠤ ᠢᠷᠡᠭᠡᠷᠡᠢ ᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭᠠᠴᠢᠨ᠎ᠲᠠᠶ ᠬᠠᠮᠲᠤ ᠱᠢᠨ᠎ᠡ ᠵᠢᠯ᠎ᠢᠶᠡᠨ ᠪᠡᠯᠭᠡᠯᠡᠶ᠎ᠠ》 ᠭᠡᠬᠦ ᠨᠡᠷ᠎ᠡ᠎ᠶ᠋ᠢᠨ ᠬᠠᠭᠤᠳᠠᠰᠤ᠎ᠶ᠋ᠢ ᠴᠤᠭᠴᠠᠯᠠᠵᠤ ᠪᠠᠢᠨ᠎ᠠ᠃

ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠮᠥᠰᠥ᠍ ᠴᠠᠰᠤᠨ ᠤ᠋ ᠡᠬᠢ ᠪᠠᠶᠠᠯᠢᠭ ᠦᠪᠡᠷᠮᠢᠴᠡ᠃ ᠤᠢ᠍ᠢᠷ᠎ᠠ᠎ᠶ᠋ᠢᠨ ᠵᠢᠯ᠎ᠡᠴᠡ ᠲᠤᠰ ᠬᠣᠱᠢᠭᠤ ᠮᠥᠰᠥ᠍ ᠴᠠᠰᠤᠨ ᠤ᠋ ᠡᠬᠢ ᠪᠠᠶᠠᠯᠢᠭ ᠪᠣᠯᠤᠨ ᠮᠥᠰᠥ᠍ ᠴᠠᠰᠤᠨ ᠤ᠋ ᠠᠵᠤ ᠦᠢᠯᠡᠰ ᠤ᠋ᠨ ᠭᠦᠨᠵᠡᠭᠡᠢ ᠠᠭᠤᠰᠤᠯᠴᠠᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠠᠬᠢᠭᠤᠯᠵᠤ᠂ 《ᠬᠦᠢᠳᠡᠨ ᠡᠬᠢ ᠪᠠᠶᠠᠯᠢᠭ》 ᠢ᠋ 《ᠬᠠᠯᠠᠮᠱᠢᠯ ᠠᠵᠤ ᠠᠬᠤᠢ》 ᠪᠣᠯᠭᠠᠨ ᠬᠤᠪᠢᠷᠠᠭᠤᠯᠬᠤ᠎ᠪᠠᠷ ᠴᠢᠷᠮᠠᠢᠪᠠ᠃ ᠣᠳᠣᠬᠠᠨ᠎ᠳᠤ ᠪᠦᠬᠦ᠌ ᠬᠣᠱᠢᠭᠤᠨ ᠤ᠋ ᠮᠥᠰᠥ᠍ ᠴᠠᠰᠤᠨ ᠤ᠋ ᠪᠦᠬᠦ᠌ ᠡᠵᠡᠩᠨᠡᠯᠲᠡ᠎ᠶ᠋ᠢᠨ ᠬᠡᠯᠪᠡᠷᠢ ᠂ ᠪᠦᠬᠦ᠌ ᠡᠯᠧᠮᠧᠨ᠋ᠲ᠂ ᠪᠦᠬᠦ᠌ ᠬᠡᠯᠬᠢᠶ᠎ᠠ ᠢ᠋ᠢᠨ ᠬᠥᠭ᠌ᠵᠢᠯᠲᠡ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠍᠂ ᠠᠩᠬ᠎ᠠ ᠠᠯᠬᠤᠮ ᠦᠷ᠎ᠡ ᠪᠦᠲᠦᠮᠵᠢ ᠣᠯᠵᠤ᠂ ᠡᠯᠪᠡᠭ ᠳᠡᠯᠪᠡᠭ ᠨᠥᠭᠡᠴᠡ᠎ᠲᠡᠶ᠂ ᠠᠱᠢᠭ᠍ᠲᠠᠢ ᠪᠠᠢᠳᠠᠯ᠎ᠢ ᠳᠠᠭᠠᠨ ᠤᠷᠤᠭ᠍ᠰᠢᠯᠠᠬᠤ ᠂ ᠬᠥᠭᠡᠭᠡᠵᠦ᠍ ᠭᠦᠢᠴᠡᠨ ᠲᠠᠪᠠᠵᠦ ᠭᠠᠷᠬᠤ ᠰᠠᠢᠨ ᠰᠠᠢᠬᠠᠨ ᠪᠠᠢᠳᠠᠯ ᠢ᠋ ᠪᠤᠢ ᠪᠤᠯᠭᠠᠵᠤ ᠪᠠᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面