2023-01-24 10:46:45
ᠰᠠᠢᠨ ᠤ᠋ ᠮᠡᠨᠳᠦ ᠲᠠᠢ ᠰᠠᠷ᠎ᠠ ᠰᠢᠨ᠎ᠠ ᠵᠢᠨ ᠵᠤᠯᠭᠠᠯᠳᠠ ᠪᠡᠷ ᠲᠦᠮᠡᠨ ᠤᠯᠠᠨ ᠮᠠᠩᠨᠠᠢ ᠲᠡᠨᠡᠢᠨ ᠪᠠᠶᠠᠰᠤᠯᠴᠠᠨ᠎ᠠ ᠃ ᠪᠠᠶᠠᠷ ᠲᠠᠬᠡᠷ᠎ᠠ ᠪᠠᠶᠠᠷ ᠪᠠᠮᠪᠡᠷ ᠲᠠᠬᠡᠷ᠎ᠠ ᠰᠢᠬᠦᠷ ᠬᠡᠳᠡᠭᠴᠢᠯᠡᠨ ᠂ ᠪᠦᠬᠦ ᠤᠷᠤᠨ ᠤ᠋ ᠡᠯ᠎ᠠ ᠭᠠᠵᠠᠷ ᠂ ᠬᠠᠮᠢᠶ᠎ᠠ ᠪᠦᠬᠦᠢ ᠮᠦᠽᠸᠢ ᠤᠷᠳᠤᠨ ᠳ᠋ᠤ ᠡᠯᠪᠡᠭ ᠪᠠᠶᠠᠯᠢᠭ ᠰᠤᠶᠤᠯ ᠤ᠋ᠨ ᠠᠵᠢᠯᠯᠠᠭ᠎ᠠ ᠡᠷᠴᠢ ᠬᠦᠴᠦ ᠲᠠᠢ ᠶᠠᠪᠤᠭᠳᠠᠵᠤ ᠂ ᠤᠯᠠᠮᠵᠢᠯᠠᠯᠳᠤ ᠴᠠᠭᠠᠨ ᠰᠠᠷ᠎ᠠ ᠳ᠋ᠤ ᠶᠡᠷᠤ ᠪᠤᠰᠤ ᠵᠢᠨ ᠤᠳᠬ᠎ᠠ ᠠᠭᠤᠯᠭ᠎ᠠ ᠨᠡᠮᠡᠷᠢᠯᠡᠨ ᠂ ᠦᠷᠬᠡᠨ ᠤᠯᠠᠨ ᠳ᠋ᠤ ᠶᠡᠷᠤ ᠪᠤᠰᠤ ᠵᠢᠨ ᠬᠦᠷ ᠬᠦᠭᠵᠢᠶᠡᠨ ᠠᠪᠴᠢᠷᠠᠯ᠎ᠠ ᠃
《ᠴᠠᠭᠠᠨ ᠰᠠᠷ᠎ᠠ ᠵᠢᠨ ᠰᠢᠨ᠎ᠠ ᠵᠢᠨ ᠬᠤᠶᠠᠷ ᠲᠦ᠍ ᠵᠤᠷᠢᠭᠰᠠᠨ ᠦᠢᠯᠡ ᠪᠠᠨ ᠡᠬᠢᠯᠡᠬᠦᠯᠪᠡᠯ ᠪᠦᠳᠦᠨ ᠵᠢᠯ ᠳ᠋ᠡᠬᠡᠨ ᠦᠬᠡᠳᠡ ᠲᠠᠢ ᠦᠩᠭᠡ ᠲᠠᠢ ᠭᠡᠳᠡᠭ ᠃ ᠨᠤᠮ ᠤ᠋ᠨ ᠰᠠᠩ ᠴᠠᠭᠠᠨ ᠰᠠᠷ᠎ᠠ ᠳ᠋ᠤ ᠴᠦ᠍ ᠡᠬᠦᠳᠡ ᠪᠠᠨ ᠲᠠᠷᠤᠳᠠᠭ ᠦᠬᠡᠢ ᠵᠢ ᠮᠡᠳᠡᠬᠡᠳ ᠪᠢᠳᠡ ᠬᠡᠤᠬᠡᠳ ᠵᠢᠡᠨ ᠲᠠᠭᠠᠭᠤᠯᠤᠨ ᠡᠨᠳᠡ ᠢᠷᠡᠬᠡᠳ ᠬᠠᠮᠳᠤ ᠪᠡᠷ ᠨᠤᠮ ᠦᠵᠡᠵᠤ ᠪᠠᠢᠨ᠎ᠠ ᠂ ᠨᠢᠭᠡ ᠳᠠᠯ᠎ᠠ ᠪᠡᠷ ᠨᠤᠮ ᠪᠢᠴᠢᠭ ᠲᠠᠢ ᠤᠢᠷᠠᠳᠤᠨ ᠴᠠᠭᠠᠨ ᠰᠠᠷ᠎ᠠ ᠵᠢ ᠤᠳᠬ᠎ᠠ ᠠᠭᠤᠯᠭ᠎ᠠ ᠲᠠᠢ ᠦᠩᠭᠡᠷᠡᠬᠦᠯᠵᠤ ᠂ ᠨᠦᠬᠦᠬᠡ ᠳᠠᠯ᠎ᠠ ᠪᠡᠷ ᠬᠡᠤᠬᠡᠳ ᠤ᠋ᠨ ᠵᠢᠡᠨ ᠴᠠᠭᠠᠨ ᠰᠠᠷ᠎ᠠ ᠵᠢᠨ ᠶᠤᠰᠤ ᠵᠠᠩᠰᠢᠯ ᠂ ᠰᠤᠶᠤᠯ ᠲᠡᠥᠬᠡ ᠵᠢᠨ ᠮᠡᠳᠡᠯᠭᠡ ᠮᠡᠳᠡᠴᠡ ᠵᠢ ᠨᠡᠮᠡᠭᠳᠡᠬᠦᠯᠬᠦ ᠵᠢ ᠵᠤᠷᠢᠭᠰᠠᠨ ᠶᠤᠮ》ᠭᠡᠵᠦ 1 ᠰᠠᠷ᠎ᠠ ᠵᠢᠨ 23 ᠤ᠋ ᠡᠳᠦᠷ ᠂ ᠦᠪᠦᠷ ᠮᠤᠨᠭᠭᠤᠯ ᠤ᠋ᠨ ᠨᠤᠮ ᠤ᠋ᠨ ᠰᠠᠩ ᠳ᠋ᠤ ᠬᠦᠦ ᠪᠠᠨ ᠳᠠᠭᠠᠭᠤᠯᠤᠨ ᠨᠤᠮ ᠦᠵᠡᠵᠦ ᠪᠠᠢᠭᠰᠠᠨ ᠰᠠᠷᠠᠨ᠎ᠠ ᠤᠷᠮᠠᠳᠠᠢ ᠶᠠᠷᠢᠨ᠎ᠠ ᠃ ᠳᠡᠳᠡᠨ ᠲᠠᠢ ᠠᠳᠠᠯᠢ ᠪᠡᠷ ᠤᠯᠠᠨ ᠬᠡᠥᠬᠡᠳ ᠠᠪᠤ ᠡᠵᠢ ᠪᠠᠨ ᠳᠠᠭᠠᠨ ᠨᠤᠮ ᠤᠩᠰᠢᠵᠦ ᠂ ᠦᠰᠦᠭ ᠳᠠᠭᠠᠯᠴᠠᠨ ᠪᠠᠶᠠᠷᠯᠠᠬᠤ ᠳ᠋ᠤ ᠪᠠᠰᠠ ᠵᠠᠷᠢᠮᠠᠳ ᠨᠢ ᠤᠷᠠᠨ ᠵᠢᠷᠤᠭ ᠤ᠋ᠨ ᠤᠷᠳᠤᠨ ᠂ ᠮᠦᠽᠧᠢ ᠂ ᠦᠵᠡᠰᠬᠦᠯᠡᠩ ᠤ᠋ᠨ ᠤᠷᠳᠤᠨ ᠵᠢᠡᠷ ᠲᠤᠭᠤᠷᠢᠨ ᠂ ᠴᠠᠭᠠᠰᠤᠨ ᠬᠠᠢᠴᠢᠯᠠᠮᠠᠯ ᠬᠠᠢᠴᠢᠯᠠᠬᠤ ᠵᠢ ᠰᠤᠨᠢᠷᠬᠠᠨ ᠬᠤᠤᠰ ᠤᠶᠠᠩᠭ᠎ᠠ ᠪᠢᠴᠢᠬᠦ ᠵᠢ ᠦᠵᠡᠵᠦ ᠂ ᠰᠢᠯᠦᠭ ᠳᠠᠭᠤᠯᠠᠯ ᠂ ᠵᠢᠷᠤᠭ ᠰᠡᠢᠯᠦᠮᠡᠯ ᠰᠤᠨᠢᠷᠬᠠᠨ ᠤᠯᠠᠮᠵᠢᠯᠠᠯᠳᠦ ᠰᠤᠶᠤᠯ ᠤ᠋ᠨ ᠰᠢᠮ᠎ᠠ ᠵᠢ ᠬᠦᠷᠳᠡᠵᠤ ᠂ ᠰᠠᠷᠠᠰᠢᠨᠠ ᠪᠠᠨ ᠤᠳᠬ᠎ᠠ ᠳᠡᠬᠦᠯᠳᠡᠷ ᠳᠡᠮᠳᠡᠭᠯᠡᠵᠦ ᠪᠠᠢᠯ᠎ᠠ ᠃
ᠴᠠᠭᠠᠨ ᠰᠠᠷ᠎ᠠ ᠵᠢᠨ ᠬᠤᠭᠤᠴᠠᠭᠠᠨ ᠳ᠋ᠤ ᠬᠦᠬᠡᠬᠤᠳᠠ ᠳᠡᠳᠦᠢ ᠦᠬᠡᠢ ᠂ ᠪᠦᠬᠦ ᠤᠷᠤᠨ ᠤ᠋ ᠡᠯ᠎ᠡ ᠠᠢᠮᠠᠭ ᠬᠤᠳᠠ ᠂ ᠬᠤᠰᠢᠭᠤ ᠰᠢᠶᠠᠨ ᠬᠦᠷᠳᠡᠯ᠎ᠠ ᠴᠦᠮ ᠴᠠᠭᠠᠨ ᠰᠠᠷ᠎ᠠ ᠳ᠋ᠤ ᠵᠤᠷᠢᠭᠤᠯᠤᠭᠰᠠᠨ ᠰᠢᠷᠢᠰ ᠰᠤᠶᠤᠯ ᠤ᠋ᠨ ᠠᠵᠢᠯᠯᠠᠭ᠎ᠠ ᠦᠷᠨᠢᠬᠦᠯᠵᠦ ᠂ ᠠᠷᠠᠳ ᠤᠯᠠᠨ ᠤ᠋ ᠰᠤᠶᠤᠯ ᠤ᠋ᠨ ᠠᠮᠢᠳᠤᠷᠠᠯ ᠢ᠋ ᠪᠠᠶᠠᠯᠢᠭᠵᠢᠭᠤᠯᠤᠨ ᠂ ᠪᠠᠶᠠᠷᠲᠦ ᠴᠠᠭᠠᠨ ᠰᠠᠷ᠎ᠠ ᠳ᠋ᠤ ᠬᠦᠷ ᠬᠦᠭᠵᠢᠶᠡᠨ ᠨᠡᠮᠡᠵᠦ ᠪᠠᠢᠨ᠎ᠠ ᠃
ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠵᠡᠬᠦᠯᠬᠡ ᠨᠢ ᠨᠡᠢᠳᠡ ᠤᠯᠠᠨ ᠳ᠋ᠤ ᠤᠯᠠᠮᠵᠢᠯᠠᠯᠳᠦ ᠰᠤᠶᠤᠯ ᠢ᠋ ᠲᠦᠬᠡᠬᠡᠨ ᠲᠡᠯᠭᠡᠷᠡᠬᠦᠯᠵᠦ ᠪᠠᠢᠨ᠎ᠠ ᠃ ᠬᠦᠬᠡᠬᠤᠳᠠ ᠵᠢᠨ ᠮᠤᠨᠢ ᠠᠭᠤᠯᠠ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠵᠢᠵᠢᠭ ᠪᠠᠯᠭᠠᠰᠤᠨ ᠳ᠋ᠤ ᠶᠠᠪᠤᠭᠳᠠᠭᠤᠯᠵᠦ ᠪᠠᠢᠭ᠎ᠠ ᠬᠠᠳᠤᠨ ᠭᠤᠤᠯ ᠳᠠᠭᠠᠤ ᠤᠷᠤᠨ ᠤ᠋ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠦᠵᠡᠬᠦᠯᠬᠡ ᠂ ᠪᠤᠭᠤᠮᠳᠠ ᠵᠢᠨ ᠭᠠᠳᠠᠨᠠᠬᠢ ᠬᠠᠭᠤᠴᠢᠨ ᠵᠡᠭᠡᠯᠢ ᠵᠢᠨ ᠰᠦᠮ᠎ᠠ ᠵᠢᠨ ᠴᠤᠭᠯᠠᠭᠠᠨ ᠂ ᠪᠤᠭᠤᠳᠤ ᠬᠤᠳᠠ ᠵᠢᠨ ᠳ᠋ᠦᠩ ᠾᠧ ᠲᠤᠭᠤᠷᠢᠭ ᠤ᠋ᠨ ᠴᠠᠭᠠᠰᠤᠨ ᠬᠠᠢᠴᠢᠯᠠᠮᠠᠯ ᠤ᠋ᠨ ᠦᠵᠡᠬᠦᠯᠭᠡ ᠂ ᠬᠦᠯᠦᠨ ᠪᠤᠢᠷ ᠬᠤᠳᠠ ᠵᠢᠨ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠠᠮᠳᠠᠳᠦ ᠢᠳᠡᠭᠡᠨ ᠤ᠋ ᠨᠠᠢᠷ ᠂ ᠤᠷᠳᠤᠰ ᠬᠤᠳᠠ ᠵᠢᠨ ᠬᠢᠶ᠎ᠠ ᠪᠠᠭᠰᠢ ᠲᠤᠭᠤᠷᠢᠭ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠠᠷᠠᠳ ᠤ᠋ᠨ ᠵᠠᠩ ᠦᠢᠯᠡ ᠰᠤᠶᠤᠯ ᠤ᠋ᠨ ᠠᠵᠢᠯᠯᠠᠭ᠎ᠠ ᠂ ᠰᠢᠯᠢ ᠵᠢᠨ ᠭᠤᠤᠯ ᠠᠢᠮᠠᠭ ᠤ᠋ᠨ ᠰᠢᠯᠤᠭᠤᠨ ᠬᠦᠬᠡ ᠬᠤᠰᠢᠭᠤᠨ ᠤ᠋ ᠪᠤᠳᠠᠰ ᠤ᠋ᠨ ᠪᠤᠰᠤ ᠰᠤᠶᠤᠯ ᠤ᠋ᠨ ᠦᠪ ᠴᠠᠭᠠᠨ ᠰᠠᠷ᠎ᠠ ᠵᠢᠨ ᠪᠠᠷᠠᠭᠠᠨ ᠤ᠋ ᠴᠤᠭᠯᠠᠭᠠᠨ ᠵᠡᠷᠭᠡ ᠤᠯᠠᠨ ᠤᠯᠠᠨ ᠠᠵᠢᠯᠯᠠᠭ᠎ᠠ ᠨᠢ ᠠᠷᠠᠳ ᠤᠯᠠᠨ ᠳ᠋ᠤ ᠰᠤᠶᠤᠯ ᠤ᠋ᠨ ᠰᠢᠮ᠎ᠠ ᠬᠦᠷᠳᠡᠭᠡᠵᠡᠢ ᠃
《ᠰᠤᠶᠤᠯ ᠢ᠋ ᠲᠦᠮᠡᠨ ᠡᠷᠦᠬᠡ ᠳ᠋ᠤ ᠬᠦᠷᠭᠡᠬᠦ》ᠠᠵᠢᠯᠯᠠᠭ᠎ᠠ ᠢᠳᠡ ᠬᠦᠭ ᠲᠠᠢ ᠶᠠᠪᠤᠭᠳᠠᠵᠦ ᠪᠠᠢᠨ᠎ᠠ ᠃ ᠲᠤᠰ ᠠᠵᠢᠯᠯᠠᠭ᠎ᠠ ᠨᠢ ᠵᠢᠯ ᠪᠤᠯᠭᠠᠨ ᠶᠠᠪᠤᠭᠳᠠᠳᠠᠭ ᠮᠠᠨ ᠤ᠋ ᠤᠷᠤᠨ ᠤ᠋ ᠤᠯᠠᠨ ᠨᠡᠢᠳᠡ ᠵᠢᠨ ᠰᠤᠶᠤᠯ ᠤ᠋ᠨ ᠦᠢᠯᠡᠴᠢᠯᠡᠬᠡᠨ ᠤ᠋ ᠨᠢᠭᠡᠨ ᠴᠢᠬᠤᠯᠠ ᠠᠭᠤᠯᠭ᠎ᠠ ᠪᠤᠯᠵᠦ ᠂ ᠨᠡᠢᠳᠡ ᠤᠯᠠᠨ ᠤ᠋ ᠬᠦᠷᠢᠶᠡᠯᠡᠯ ᠢ᠋ ᠤᠯᠤᠭᠰᠠᠭᠠᠷ ᠢᠷᠡᠵᠡᠢ ᠃ ᠡᠨᠡ ᠵᠢᠯ ᠪᠤᠭᠤᠳᠤ ᠬᠤᠳᠠ᠂ ᠬᠦᠯᠦᠨ ᠪᠤᠢᠷ ᠬᠤᠳᠠ ᠵᠢᠨ ᠨᠤᠮ ᠤ᠋ᠨ ᠰᠠᠩ ᠤᠷᠠᠨ ᠪᠢᠴᠢᠯᠭᠡᠳᠡᠳ ᠢ᠋ ᠴᠤᠭᠯᠠᠭᠤᠯᠤᠨ ᠬᠤᠳᠠ ᠵᠢᠨ ᠠᠷᠠᠳ ᠲᠦ᠍ ᠬᠤᠤᠰ ᠤᠶᠠᠩᠭ᠎ᠠ ᠬᠦᠷᠭᠡᠭᠰᠡᠨ ᠪᠤᠯ ᠂ ᠵᠠᠯᠠᠢᠳ ᠬᠤᠰᠢᠭᠤ ᠵᠢᠨ ᠬᠢᠨ ᠬᠦᠳᠡᠭᠡ ᠪᠠᠭᠤᠵᠦ《ᠪᠤᠶᠠᠨ》ᠦᠰᠦᠭ ᠬᠦᠷᠭᠡᠵᠦ ᠂ ᠲᠦᠩᠯᠢᠶᠤᠤ ᠬᠤᠳᠠ ᠵᠢᠨ ᠨᠤᠮ ᠤ᠋ᠨ ᠰᠠᠩ ᠠᠬᠤᠢ ᠳᠠᠯᠠᠪᠠᠢ ᠳ᠋ᠤ ᠤᠨᠢᠰᠤᠭ᠎ᠠ ᠳᠠᠭᠠᠯᠴᠠᠬᠤ ᠂ ᠴᠡᠴᠡᠭᠳᠦ ᠳ᠋ᠧᠩ ᠬᠢᠬᠦ ᠠᠵᠢᠯᠯᠠᠭ᠎ᠠ ᠦᠷᠨᠢᠬᠦᠯᠵᠦ ᠂ ᠤᠷᠳᠤᠰ ᠬᠤᠳᠠ ᠵᠢᠨ ᠰᠤᠶᠤᠯ ᠵᠢᠭᠤᠯᠴᠢᠯᠠᠯ ᠤᠨ ᠲᠤᠪᠴᠢᠶ᠎ᠠ ᠲᠤᠯᠤᠳᠤᠭᠠᠷ ᠬᠤᠭᠤᠴᠠᠭᠠᠨ ᠤ᠋ ᠤᠷᠳᠤᠰ ᠬᠤᠳᠠ ᠵᠢᠨ ᠴᠠᠭᠠᠨ ᠰᠠᠷ᠎ᠠ ᠵᠢᠨ ᠵᠠᠩ ᠦᠢᠯᠡ ᠰᠤᠶᠤᠯ ᠤ᠋ᠨ ᠰᠢᠷᠢᠰ ᠠᠵᠢᠯᠯᠠᠭ᠎ᠠ ᠦᠷᠨᠢᠬᠦᠯᠦᠭᠰᠡᠨ ᠪᠠᠢᠨ᠎ᠠ ᠃
ᠰᠤᠶᠤᠯ ᠵᠢᠡᠷ ᠠᠷᠠᠳ ᠲᠦ᠍ ᠠᠰᠢᠭ ᠬᠦᠷᠳᠡᠭᠡᠬᠦ ᠠᠵᠢᠯᠯᠠᠭ᠎ᠠ ᠨᠢ ᠴᠠᠭᠠᠨ ᠰᠠᠷ᠎ᠠ ᠳ᠋ᠤ ᠪᠠᠶᠠᠷ ᠬᠦᠷ ᠨᠡᠮᠡᠵᠡᠢ ᠃ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠵᠤᠬᠢᠶᠠᠨ ᠪᠠᠢᠭᠤᠯᠤᠭᠰᠠᠨ《ᠵᠠᠭᠤᠨ ᠪᠦᠯᠬᠦᠮ ᠮᠢᠩᠭᠠᠨ ᠳᠠᠯᠠᠪᠠᠢ》ᠦᠨᠳᠦᠰᠦᠨ ᠱᠠᠳᠤᠨ ᠳ᠋ᠤ ᠲᠤᠭᠯᠠᠯᠳᠠ ᠵᠢᠨ ᠦᠢᠯᠡᠴᠢᠯᠡᠭᠡ ᠦᠷᠨᠢᠬᠦᠯᠬᠦ ᠠᠵᠢᠯᠯᠠᠭ᠎ᠠ ᠂ ᠰᠢᠯᠢ ᠵᠢᠨ ᠭᠤᠤᠯ ᠠᠢᠮᠠᠭ ᠤ᠋ᠨ ᠤᠯᠠᠨ ᠲᠦᠮᠡᠨᠴᠢ ᠰᠤᠶᠤᠯ ᠤ᠋ᠨ ᠨᠠᠭᠠᠳᠤᠮ ᠭᠠᠴᠠᠭ᠎ᠠ ᠲᠤᠰᠬᠤᠨ ᠤ᠋ ᠦᠳᠡᠰᠢᠯᠡᠬᠡ ᠂ ᠲᠦᠩᠯᠢᠶᠤᠤ ᠬᠤᠳᠠ ᠵᠢᠨ 2023 ᠤᠨ ᠤ᠋ ᠴᠠᠭᠠᠨ ᠰᠠᠷ᠎ᠠ ᠪᠠᠨ ᠤᠭᠳᠤᠬᠤ ᠤᠯᠠᠨ ᠲᠦᠮᠡᠨᠴᠢ ᠰᠤᠶᠤᠯ ᠤ᠋ᠨ ᠠᠷᠠᠳ ᠲᠦ᠍ ᠠᠰᠢᠭ ᠬᠦᠷᠳᠡᠭᠡᠬᠦ ᠦᠳᠡᠰᠢᠯᠡᠭᠡ ᠂ ᠤᠷᠳᠤᠰ ᠬᠤᠳᠠ ᠵᠢᠨ ᠬᠢᠶ᠎ᠠ ᠪᠠᠭᠰᠢ ᠲᠤᠭᠤᠷᠢᠭ ᠤ᠋ᠨ ᠴᠠᠭᠠᠨ ᠰᠠᠷ᠎ᠠ ᠵᠢᠨ ᠰᠤᠶᠤᠯ ᠵᠢᠡᠷ ᠠᠷᠠᠳ ᠲᠦ᠍ ᠠᠰᠢᠭ ᠬᠦᠷᠳᠡᠭᠡᠬᠦ ᠠᠵᠢᠯᠯᠠᠭ᠎ᠠ ᠂ ᠦᠬᠠᠢ ᠬᠤᠳᠠ ᠵᠢᠨ ᠰᠢ ᠵᠦᠴᠦᠭᠡ ᠵᠢᠨ ᠰᠤᠶᠤᠯ ᠵᠢᠡᠷ ᠠᠷᠠᠳ ᠲᠦ᠍ ᠠᠰᠢᠭ ᠬᠦᠷᠳᠡᠭᠡᠬᠦ ᠲᠤᠭᠯᠠᠯᠳᠠ ᠵᠡᠷᠭᠡ ᠤᠯᠠᠨ ᠤᠯᠠᠨ ᠲᠤᠭᠯᠠᠯᠳᠠ ᠪᠠ ᠦᠵᠡᠬᠦᠯᠭᠡ ᠵᠢᠨ ᠠᠵᠢᠯᠯᠠᠭ᠎ᠠ ᠦᠷᠨᠢᠬᠦᠯᠪᠡ ᠃
ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠪᠠᠰᠠ ᠮᠥᠰᠥ᠍ ᠴᠠᠰᠤᠨ ᠤ᠋ ᠨᠠᠭᠠᠳᠤᠮ ᠂ ᠴᠠᠭᠠᠨ ᠰᠠᠷ᠎ᠠ ᠳ᠋ᠤ ᠵᠤᠷᠢᠭᠤᠯᠤᠭᠰᠠᠨ ᠦᠳᠡᠰᠢᠯᠡᠬᠡ ᠂ ᠰᠦᠯᠵᠢᠶᠡᠨ ᠳᠡᠬᠡᠷᠡᠬᠢ ᠰᠤᠶᠤᠯ ᠤ᠋ᠨ ᠦᠵᠡᠬᠦᠯᠭᠡ ᠂ ᠰᠦᠯᠵᠢᠶᠡᠨ ᠳᠡᠭᠡᠷᠡᠬᠢ ᠮᠡᠳᠡᠯᠭᠡ ᠵᠢᠨ ᠤᠷᠤᠯᠳᠤᠭᠠᠨ ᠂ ᠮᠦᠽᠧᠢ ᠵᠢᠨ ᠦᠵᠡᠬᠦᠯᠬᠡ ᠂ ᠶᠠᠩᠭᠠᠷ ᠪᠦᠵᠢᠭ ᠂ ᠤᠯᠠᠭᠠᠨᠮᠦ᠋ᠴᠢᠷ ᠤ᠋ᠨ ᠲᠤᠰᠬᠠᠢ ᠦᠳᠡᠰᠢᠯᠡᠭᠡ ᠂ ᠮᠠᠯᠴᠢᠨ ᠲᠠᠷᠢᠶᠠᠴᠢᠳ ᠤ᠋ᠨ ᠰᠢᠯᠦᠭ ᠳᠠᠭᠤᠤ ᠵᠢᠨ ᠦᠳᠡᠰᠢᠯᠡᠭᠡ ᠂ ᠵᠢᠷᠬᠢᠶ᠎ᠠ ᠬᠤᠯᠪᠤᠭᠠᠨ ᠤ᠋ ᠦᠳᠡᠰᠢᠯᠡᠬᠡ ᠂ ᠨᠣᠮ ᠤᠩᠱᠢᠯᠭ᠎ᠠ ᠂ ᠳ᠋ᠧᠩ ᠤ᠋ᠨ ᠦᠵᠡᠬᠦᠯᠬᠡ ᠂ ᠭᠠᠷ ᠤᠷᠠᠯᠠᠯ ᠤ᠋ᠨ ᠪᠦᠳᠦᠭᠡᠭᠳᠡᠬᠦᠨ ᠤ᠋ ᠦᠵᠡᠬᠦᠯᠬᠡ ᠂ ᠰᠤᠮᠤ ᠪᠠᠯᠭᠠᠰᠤ ᠵᠡᠭᠡᠯᠢ ᠲᠤᠭᠤᠷᠢᠭ ᠤ᠋ᠨ ᠰᠤᠶᠤᠯ ᠤ᠋ᠨ ᠬᠦᠳᠡᠯᠭᠡᠭᠡᠨ ᠂ ᠡᠪᠦᠯ ᠤ᠋ᠨ ᠠᠩᠨᠠᠯ ᠂ ᠮᠦᠰᠦᠨ ᠰᠡᠢᠯᠦᠮᠡᠯ ᠂ ᠪᠠᠭᠠᠴᠤᠳ ᠬᠡᠥᠬᠡᠳ ᠤ᠋ᠨ ᠤᠷᠠᠨ ᠵᠢᠷᠤᠭ ᠵᠡᠷᠭᠡ ᠬᠡᠯᠪᠡᠷᠢ ᠶᠠᠩᠵᠦ ᠤᠯᠠᠨ ᠂ ᠤᠳᠬ᠎ᠠ ᠠᠭᠤᠯᠭ᠎ᠠ ᠬᠦᠨ ᠰᠤᠶᠤᠯ ᠤ᠋ᠨ ᠠᠵᠢᠯᠯᠠᠭ᠎ᠠ ᠦᠷᠨᠢᠬᠦᠯᠵᠤ ᠂ ᠴᠠᠭᠠᠨ ᠰᠠᠷ᠎ᠠ ᠵᠢᠨ ᠰᠤᠶᠤᠯ ᠢ᠋ ᠤᠯᠠᠮ ᠪᠠᠶᠠᠯᠢᠭᠵᠢᠭᠤᠯᠤᠨ ᠂ ᠠᠷᠠᠳ ᠤᠯᠠᠨ ᠤ᠋ ᠰᠤᠶᠤᠯ ᠤ᠋ᠨ ᠬᠦᠷᠳᠡᠮᠵᠢ ᠵᠢᠨ ᠲᠦᠷᠦᠭᠳᠡᠯ ᠪᠠ ᠵᠢᠷᠭᠠᠯᠳᠦ ᠲᠦᠷᠦᠭᠳᠡᠯ ᠢ᠋ ᠤᠯᠠᠮ ᠨᠡᠮᠡᠭᠳᠡᠬᠦᠯᠦᠭᠰᠡᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃