ᠮᠣᠩᠭᠣᠯ ᠨᠤᠲᠤᠭ > ᠬᠥᠳᠡᠭᠡ ᠨᠤᠲᠤᠭ᠎ᠤᠨ ᠴᠠᠭᠠᠨ ᠰᠠᠷ᠎ᠠ

2023-01-25 13:24:45

ᠵᠣᠬᠢᠶᠠᠭ᠍ᠴᠢ᠄ ᠱᠤᠸᠠᠢ ᠵᠧᠩ ᠭᠣᠣ ᠬᠤᠢ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠵᠢᠨ ᠰᠢᠨ᠎ᠠ ᠵᠢᠨ ᠬᠤᠶᠠᠷ᠎ᠲᠦ ᠂ ᠪᠠᠶᠠᠷ᠎ᠤᠨ ᠡᠳᠦᠷ᠎ᠤᠨ ᠠᠭᠤᠷ ᠠᠮᠢᠰᠭᠤᠯ ᠥᠳᠭᠡᠨ ᠪᠠᠢᠯ᠎ᠠ᠃ ᠬᠥᠬᠡᠬᠣᠲᠠ᠎ᠶ᠋ᠢᠨ ᠸᠠᠩ ᠹᠦ᠋ ᠵᠢᠩ ᠤ᠋ᠨ ᠤ᠌ᠤ ᠯᠠᠶ ᠵᠦᠩ ᠱᠠᠨ ᠵᠠᠮ ᠤ᠋ᠨ ᠳᠡᠯᠭᠡᠭᠦᠷ᠎ᠲᠦ ᠵᠡᠭᠡᠯᠢ ᠲᠣᠭᠣᠷᠢᠵᠤ ᠪᠠᠷᠠᠭ᠎ᠠ ᠠᠪᠬᠤ᠎ᠪᠠᠷ ᠢᠷᠡᠭ᠌ᠰᠡᠨ ᠰᠠᠭᠤᠭᠠᠯᠢ ᠠᠷᠠᠳ ᠬᠣᠢᠨ᠎ᠠ ᠬᠣᠢᠨ᠎ᠠ᠎ᠡᠴᠡ᠎ᠪᠠᠨ ᠴᠤᠪᠤᠷᠠᠵᠤ᠂ ᠳᠡᠯᠭᠡᠭᠦᠷ ᠳᠤᠳᠤᠷᠠᠬᠢ ᠪᠤᠷᠤᠯᠠᠭᠤᠯᠭ᠎ᠠ ᠵᠤᠴᠢᠳ ᠤ᠋ᠨ ᠬᠠᠷᠠᠭ᠎ᠠ ᠵᠢ ᠪᠤᠯᠢᠶᠠᠵᠤ᠂ ᠬᠥᠭ᠌ᠵᠢᠶᠡᠨ ᠨᠠᠷᠭᠢᠶᠠᠨ᠎ᠢᠶᠠᠷ ᠪᠢᠯᠬᠠᠨ᠎ᠠ᠃

ᠨᠢᠭᠡ ᠱᠢᠵᠢᠷ ᠠᠯᠳᠠ ᠰᠤᠪᠤᠳ ᠡᠷᠳᠡᠨᠢ᠎ᠶ᠋ᠢᠨ ᠳᠡᠯᠭᠡᠭᠦᠷ᠎ᠲᠦ᠂ ᠬᠡᠷᠡᠭ᠌ᠯᠡᠭ᠌ᠴᠢᠳ ᠯᠠᠩᠭᠦᠶ᠎ᠶ᠋ᠢᠨ ᠡᠮᠦᠨ᠎ᠡ ᠪᠠᠷᠠᠭ᠎ᠠ ᠬᠤᠳᠠᠯᠳᠤᠨ ᠠᠪᠴᠤ᠌᠂ ᠯᠠᠩᠭᠦᠶ ᠳᠣᠲᠣᠷ᠎ᠠ ᠲᠠᠤᠯᠠᠢ᠎ᠶ᠋ᠢᠨ ᠬᠡᠯᠪᠡᠷᠢ ᠲᠠᠢ ᠱᠢᠵᠢᠷ ᠠᠯᠲᠠᠨ ᠴᠢᠮᠡᠭ᠌ᠯᠡᠯ ᠤᠯᠠᠨ ᠪᠠᠢᠯ᠎ᠠ᠃ ᠪᠣᠷᠣᠯᠠᠭᠤᠯᠤᠭ᠍ᠴᠢ᠎ᠡᠴᠡ᠄ 《 ᠡᠨᠡ ᠵᠢᠯ ᠠᠷᠪᠠᠨ ᠬᠣᠶᠠᠷ ᠵᠢᠯ᠎ᠦᠨ ᠵᠠᠰᠠᠯ ᠴᠢᠮᠡᠭ᠌ᠯᠡᠯ ᠣᠨᠴᠠᠭᠠᠶ ᠪᠣᠷᠣᠯᠠᠭᠤᠯᠭ᠎ᠠ ᠰᠠᠢᠲᠠᠶ ᠪᠠᠢᠨ᠎ᠠ》 ᠭᠡᠵᠤ ᠲᠠᠨᠢᠯᠴᠠᠭᠤᠯᠤᠯ᠎ᠠ᠃

《 ᠴᠠᠭᠠᠨ ᠰᠠᠷ᠎ᠠ ᠵᠢᠨ ᠠᠵᠤ ᠠᠬᠤᠶ 》 ᠲᠠᠰᠤᠷᠠᠯᠲᠠ ᠦᠭᠡᠢ ᠬᠦᠭᠵᠢᠶᠠᠨᠳᠠᠢ ᠪᠤᠯᠵᠤ ᠬᠤᠳᠠᠯᠳᠤᠭᠠᠴᠢᠳ ᠤ᠋ᠨ ᠢᠲᠡᠭᠡᠯ᠎ᠢ ᠨᠡᠮᠡᠭ᠌ᠳᠡᠭᠦᠯᠪᠡ᠃ 《ᠴᠠᠭᠠᠨ ᠰᠠᠷ᠎ᠠ᠎ᠶ᠋ᠢᠨ ᠵᠠᠬ᠎ᠠ ᠳᠡᠯᠭᠡᠭᠦᠷ ᠲᠸ᠋ ᠵᠤᠷᠢᠭᠤᠯᠤᠨ ᠂ ᠪᠢᠳᠡ ᠭᠦᠶ᠋ᠴᠡᠳ ᠪᠡᠯᠡᠳᠭᠡᠯ ᠬᠢᠵᠦ᠍᠂ ᠴᠠᠭᠠᠨ ᠰᠠᠷ᠎ᠠ᠎ᠶ᠋ᠢᠨ ᠪᠠᠷᠠᠭᠠᠨ᠎ᠤ ᠨᠠᠢᠷ᠂ ᠡᠪᠦᠯ᠎ᠦᠨ ᠭᠤᠲᠤᠯ᠎ᠤᠨ ᠨᠠᠢᠷ᠂ ᠬᠤᠨᠢ ᠢᠮᠠᠭᠠᠨ ᠨᠣᠤᠯᠤᠭᠤᠷ᠎ᠤᠨ ᠨᠠᠢᠷ᠂ ᠰᠤᠪᠤᠳ ᠡᠷᠳᠡᠨᠢ ᠴᠠᠭ᠎ᠤᠨ ᠨᠠᠢᠷ ᠵᠡᠷᠭᠡ ᠡᠯᠪᠡᠭ ᠪᠠᠶᠠᠯᠢᠭ ᠴᠠᠭᠠᠨ ᠰᠠᠷ᠎ᠠ᠎ᠶ᠋ᠢᠨ ᠪᠣᠷᠣᠯᠠᠭᠤᠯᠭ᠎ᠠ ᠵᠢᠨ ᠬᠦᠳᠡᠯᠭᠡᠭᠡᠨ ᠥᠷᠨᠢᠭᠦᠯᠵᠦ᠍᠂ ᠳᠡᠯᠭᠡᠭᠦᠷ ᠡᠴᠡ ᠪᠠᠰᠠ ᠪᠠᠷᠠᠭᠠᠨ ᠤ᠋ ᠦᠨ᠎ᠠ ᠪᠠᠨ ᠲᠦᠢᠯ ᠤ᠋ᠨ ᠶᠡᠬᠡ ᠪᠡᠷ ᠬᠢᠮᠳᠠᠷᠠᠭᠤᠯᠪᠠ᠃ ᠲᠣᠭ᠎ᠠ ᠪᠠᠷᠢᠮᠲᠠ᠎ᠡᠴᠡ ᠦᠵᠡᠪᠡᠯ᠂ ᠣᠢᠷ᠎ᠠ᠎ᠶ᠋ᠢᠨ ᠬᠤᠭᠤᠴᠠᠭᠠᠨ᠎ᠤ ᠬᠤᠳᠠᠯᠳᠤᠭᠠᠨ᠎ᠤ ᠲᠠᠯᠠᠪᠤᠷ᠎ᠤᠨ ᠠᠶᠠᠨᠴᠢᠳ᠎ᠤᠨ ᠲᠣᠭ᠎ᠠ ᠦᠨᠳᠦᠰᠦᠨ᠎ᠳᠡᠭᠡᠨ ᠨᠢᠳᠤᠨᠤᠨ᠎ᠤ ᠠᠳᠠᠯᠢ ᠬᠤᠭᠤᠴᠠᠭᠠᠨ᠎ᠤ ᠲᠦᠪᠱᠢᠨ᠎ᠳᠦ ᠬᠦᠷᠴᠡᠶ᠃ ᠡᠨᠡ ᠵᠢᠯ᠂ ᠪᠢᠳᠡ ᠵᠠᠬ᠎ᠠ ᠳᠡᠯᠭᠡᠭᠦᠷ᠎ᠦᠨ ᠰᠡᠷᠭᠦᠯᠲᠡ᠎ᠳᠦ ᠢᠲᠡᠭᠡᠯ ᠳᠦᠭᠦᠷᠡᠩ ᠪᠠᠢᠨ᠎ᠠ》 ᠭᠡᠵᠦ᠍ ᠸᠠᠩ ᠹᠦ᠋ ᠵᠢᠩ ᠤ᠋ᠨ ᠤ᠌ᠤ ᠯᠠᠢ ᠵᠦᠩ ᠱᠠᠨ ᠵᠠᠮ ᠤ᠋ᠨ ᠳᠡᠯᠭᠡᠭᠦᠷ᠎ᠦᠨ ᠳᠡᠳ᠋ ᠶᠡᠷᠦᠩᠬᠡᠢ ᠳᠠᠭᠠᠭᠠᠮᠠᠯ ᠸᠠᠩ ᠺᠦᠨ ᠬᠡᠯᠡᠪᠡ᠃

ᠺᠢᠨᠣ᠋᠎ᠶ᠋ᠢᠨ ᠣᠷᠳᠣᠨ ᠨᠢ ᠬᠤᠳᠠᠯᠳᠤᠭᠠᠨ ᠎ᠤ ᠲᠠᠯᠠᠪᠤᠷ᠎ᠲᠠᠶ ᠠᠳᠠᠯᠢ ᠬᠥᠭ᠌ᠵᠢᠶᠡᠨᠲᠡᠢ ᠪᠠᠢᠯ᠎ᠠ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨᠬᠤᠸᠠ ᠵᠡᠭᠦᠨ ᠵᠡᠭᠡᠯᠢ᠎ᠶ᠋ᠢᠨ ᠸᠠᠨ ᠳ᠋ᠠ ᠠᠭᠤᠳᠠᠮ ᠲᠠᠯᠠᠪᠠᠢ᠎ᠶ᠋ᠢᠨ ᠸᠠᠨ ᠳ᠋ᠠ ᠺᠢᠨᠣ᠋᠎ᠶ᠋ᠢᠨ ᠬᠤᠳᠠ᠎ᠳᠤ ᠬᠦᠷᠬᠦ᠌᠎ᠳᠦ ᠴᠠᠭᠠᠨ ᠰᠠᠷ᠎ᠠ᠎ᠶ᠋ᠢᠨ ᠠᠭᠤᠷ ᠠᠮᠢᠰᠭᠤᠯ ᠵᠢᠡᠷ ᠪᠢᠯᠬᠠᠨ᠎ᠠ᠃ ᠬᠦᠭᠵᠢᠯ ᠪᠠᠶᠠᠷ ᠢ᠋ ᠪᠡᠯᠭᠡᠳᠡᠭᠰᠡᠨ ᠤᠯᠠᠭᠠᠨ ᠦᠩᠭᠡ ᠲᠠᠢ ᠬᠦᠰᠢᠭᠡ ᠵᠢᠨ ᠡᠮᠦᠨ᠎ᠠ᠂ ᠺᠢᠨᠣ᠋ ᠦᠵᠡᠬᠦ᠌᠎ᠪᠡᠷ ᠢᠷᠡᠭ᠌ᠰᠡᠨ ᠤᠯᠠᠨ ᠲᠦᠮᠡᠨ ᠡᠮᠬᠢ ᠵᠢᠷᠤᠮ᠎ᠲᠠᠶ᠎ᠪᠠᠷ ᠪᠢᠯᠧᠲ ᠬᠤᠳᠠᠯᠳᠤᠨ ᠠᠪᠴᠤ᠌᠂ ᠡᠨᠡ ᠵᠢᠯ᠎ᠦᠨ 《 ᠴᠠᠭᠠᠨ ᠰᠠᠷ᠎ᠠ᠎ᠶ᠋ᠢᠨ ᠬᠤᠭᠤᠴᠠᠭᠠᠨ ᠤ᠋ ᠺᠢᠨᠦ᠌》 ᠵᠢ ᠦᠵᠡᠬᠦ ᠬᠡᠮᠡᠨ ᠬᠦᠭᠰᠡᠨ ᠬᠦᠯᠢᠶᠡᠵᠤ ᠪᠠᠢᠯ᠎ᠠ᠃

《ᠴᠠᠭᠠᠨ ᠰᠠᠷ᠎ᠠ᠎ᠳᠤ ᠺᠢᠨᠣ᠋ ᠦᠵᠡᠬᠦ᠌ ᠪᠣᠯ ᠮᠠᠨ᠎ᠤ ᠭᠡᠷ᠎ᠦᠨ ᠵᠠᠩᠰᠢᠯ ᠪᠣᠯᠤᠨ᠎ᠠ᠂ ᠳᠡᠭᠡᠷ᠎ᠠ ᠤᠳᠠᠭ᠎ᠠ ᠬᠡᠦᠬᠡᠳ᠎ᠢᠶᠡᠨ ᠳᠠᠭᠠᠭᠤᠯᠤᠨ ᠺᠢᠨᠣ᠋ ᠦᠵᠡᠭ᠌ᠰᠡᠨ ᠨᠢ ᠨᠢᠳᠤᠨᠤᠨ᠎ᠤ ᠴᠠᠭᠠᠨ ᠰᠠᠷ᠎ᠠ ᠶᠤᠮ᠂ ᠡᠨᠡ ᠨᠢ ᠨᠢᠭᠡᠨᠲᠡ ᠮᠠᠨ᠎ᠤ ᠪᠥᠬᠥ᠌ ᠬᠡᠷ᠎ᠦᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠣᠯᠤᠭ᠍ᠰᠠᠨ ᠪᠠᠢᠨ᠎ᠠ》 ᠭᠡᠵᠤ ᠯᠢ ᠠᠪᠠᠬᠠᠢ ᠬᠡᠯᠡᠨ᠎ᠠ᠃

ᠺᠢᠨᠣ᠋᠎ᠶ᠋ᠢᠨ ᠣᠷᠳᠣᠨ᠎ᠤ ᠬᠠᠷᠢᠭᠤᠴᠠᠯᠭᠠᠲᠠᠨ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠺᠢᠨᠣ᠋ ᠦᠵᠡᠬᠦ᠌ ᠬᠥᠮᠦᠰ ᠭᠤᠤᠯᠳᠠᠭᠤ ᠬᠡᠷ ᠪᠦᠯᠢ᠎ᠪᠡᠷ ᠵᠢᠡᠨ ᠢᠷᠡᠳᠡᠭ᠂ ᠮᠠᠰᠢ ᠣᠯᠠᠨ ᠺᠢᠨᠦ᠌ ᠵᠢᠨ ᠪᠢᠯᠸᠲ ᠢ᠋ ᠤᠯᠬᠤ ᠳ᠋ᠤ ᠬᠦᠴᠢᠷ ᠪᠠᠢᠵᠤ᠂ ᠺᠢᠨᠣ᠋᠎ᠶ᠋ᠢᠨ ᠣᠷᠳᠣᠨ᠎ᠤ ᠡᠳᠦᠷ ᠳᠤᠮᠳᠠᠴᠢ᠎ᠶ᠋ᠢᠨ ᠪᠢᠯᠧᠲ ᠬᠤᠲᠠᠯᠲᠤᠬᠤ ᠬᠡᠮᠵᠢᠶ᠎ᠡ ᠴᠦ᠍ ᠵᠠᠯᠭᠠᠭ᠎ᠠ ᠎ᠪᠠᠷ ᠳᠡᠭᠡᠭ᠌ᠰᠢᠯᠡᠪᠡ᠃ ᠲᠣᠰ ᠤᠳᠠᠭᠠᠨ᠎ᠤ 《ᠴᠠᠭᠠᠨ ᠰᠠᠷ᠎ᠠ᠎ᠶ᠋ᠢᠨ ᠬᠤᠭᠤᠴᠠᠭ᠎ᠠ》 ᠵᠢ ᠤᠭ᠍ᠲᠤᠬᠤ᠎ᠶ᠋ᠢᠨ ᠲᠥᠯᠥᠭᠡ᠂ ᠺᠢᠨᠣ᠋᠎ᠶ᠋ᠢᠨ ᠣᠷᠳᠣᠨ ᠠᠯᠢ ᠡᠷᠳᠡ ᠡᠴᠡ ᠲᠣᠨᠣᠭ ᠲᠥᠬᠥᠭᠡᠷᠦᠮᠵᠢ᠎ᠶ᠋ᠢ ᠰᠠᠢᠳᠤᠷ ᠠᠷᠠᠴᠢᠯᠠᠬᠤ ᠵᠢᠨ ᠬᠠᠮᠲᠤ ᠣᠷᠴᠢᠨ ᠲᠣᠭᠣᠷᠢᠨ ᠎ᠢ ᠠᠷᠢᠭᠤᠳᠭᠠᠬᠤ ᠵᠢᠴᠢ ᠰᠠᠯᠬᠢ ᠨᠡᠪᠲᠡᠷᠡᠭᠦᠯᠬᠦ᠌ ᠠᠵᠢᠯ ᠢ᠋ ᠰᠠᠢᠲᠤᠷ ᠨᠠᠢᠳᠠᠪᠤᠷᠢᠵᠢᠭᠤᠯᠵᠤ᠂ ᠦᠵᠡᠭ᠌ᠴᠢᠳ᠎ᠦᠨ ᠺᠢᠨᠣ᠋ ᠦᠵᠡᠬᠦ᠌ ᠠᠮᠤᠷ ᠲᠦᠪᠱᠢᠨ ᠪᠠ ᠬᠠᠨᠤᠮᠵᠢ ᠵᠢ ᠪᠠᠲᠤᠯᠠᠪᠠ ᠭᠡᠵᠤ ᠲᠠᠨᠢᠯᠴᠠᠭᠤᠯᠵᠠᠢ᠃

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶ᠋ᠢ ᠦᠨᠳᠦᠰᠦᠯᠡᠪᠡᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠮᠠᠨ᠎ᠤ ᠣᠷᠣᠨ ᠠᠷᠠᠳ᠎ᠲᠤ ᠠᠱᠢᠭ ᠬᠦᠷᠲᠡᠭᠡᠬᠦ᠌ ᠬᠡᠷᠡᠭ᠌ᠯᠡᠭᠡᠨ᠎ᠦ ᠲᠡᠮᠳᠡᠭ᠌ᠲᠦ (ᠨᠥᠬᠥᠪᠥᠷᠢ) ᠵᠢ 7000 ᠲᠦᠮᠡ ᠱᠢᠬᠠᠮ ᠲᠥᠭᠥᠷᠢᠭ ᠲᠠᠷᠬᠠᠭᠠᠵᠤ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠪᠥᠬᠥ᠌ ᠲᠠᠯ᠎ᠠ᠎ᠪᠠᠷ ᠬᠥᠭ᠌ᠵᠢᠭᠡᠪᠡ᠃ ᠡᠭᠦᠨ᠎ᠡᠴᠡ ᠭᠠᠳᠠᠨ᠎ᠠ᠂ ᠡᠯ᠎ᠡ ᠠᠢᠮᠠᠭ ᠬᠣᠲᠠ ᠲᠣᠰ ᠲᠣᠰ᠎ᠤᠨ ᠣᠨᠴᠠᠯᠢᠭ᠎ᠲᠠᠶ᠂ ᠣᠯᠠᠨ ᠬᠡᠯᠪᠡᠷᠢ ᠶᠠᠩᠵᠤ᠎ᠶ᠋ᠢᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ 300 ᠭᠠᠷᠤᠶ ᠲᠠᠯᠠᠪᠤᠷ ᠡᠷᠭᠢᠯᠡᠵᠦ᠍᠂ ᠬᠡᠷᠡᠭ᠌ᠯᠡᠭᠡᠨ᠎ᠦ ᠵᠠᠬ᠎ᠠ ᠳᠡᠯᠭᠡᠭᠦᠷ ᠬᠥᠭ᠌ᠵᠢᠶᠡᠨᠲᠡᠶ ᠪᠣᠯᠪᠠ᠃

《ᠲᠣᠰ ᠤᠳᠠᠭᠠᠨ ᠎ᠤ ᠴᠠᠭᠠᠨ ᠰᠠᠷ᠎ᠠ᠎ᠶ᠋ᠢᠨ ᠱᠢᠷᠢᠰ ᠠᠵᠢᠯᠯᠠᠭ᠎ᠠ ᠎ᠨᠢ 〈ᠪᠦᠷᠢᠨ ᠪᠠᠷᠠᠭ᠎ᠠ ᠵᠢᠨ ᠪᠣᠷᠣᠯᠠᠭᠤᠯᠭ᠎ᠠ᠂ ᠠᠮᠲᠠᠲᠤ ᠢᠳᠡᠭᠡᠨ᠎ᠢᠶᠡᠷ ᠴᠠᠭᠠᠨ ᠰᠠᠷ᠎ᠠ᠎ᠶ᠋ᠢ ᠤᠭ᠍ᠲᠤᠬᠤ᠂ ᠴᠠᠭᠠᠨ ᠰᠠᠷ᠎ᠠ᠎ᠶ᠋ᠢᠨ ᠦᠨᠦᠷ ᠠᠮᠲᠠ᠎ᠶ᠋ᠢ ᠭᠡᠷ ᠲᠤᠨᠢ ᠬᠦᠷᠭᠡᠬᠦ᠌᠂ ᠱᠢᠨ᠎ᠡ ᠮᠠᠱᠢᠨ ᠲᠡᠷᠭᠡ ᠠᠪᠴᠤ ᠴᠠᠭᠠᠨ ᠰᠠᠷ᠎ᠠ᠎ᠶ᠋ᠢ ᠥᠩᠭᠡᠷᠡᠭᠦᠯᠬᠦ᠌᠂ ᠬᠡᠷ᠎ᠦᠨ ᠴᠠᠬᠢᠯᠭᠠᠨ ᠬᠡᠷᠡᠭ᠌ᠰᠡᠯ ᠠᠪᠴᠤ ᠴᠠᠭᠠᠨ ᠰᠠᠷ᠎ᠠ ᠪᠠᠨ ᠪᠡᠯᠭᠡᠯᠡᠬᠦ᠌᠂ ᠰᠦᠯᠵᠢᠶᠡᠨ ᠳᠡᠭᠡᠷᠡᠬᠢ ᠴᠠᠭᠠᠨ ᠰᠠᠷ᠎ᠠ᠎ᠶ᠋ᠢᠨ ᠪᠠᠷᠠᠭᠠᠨ᠎ᠤ ᠨᠠᠢᠷ᠂ ᠰᠥᠨᠢ᠎ᠶ᠋ᠢᠨ ᠬᠡᠷᠡᠭ᠌ᠯᠡᠭᠡ ᠵᠢ ᠠᠬᠢᠭᠤᠯᠬᠤ᠂ ᠮᠥᠰᠥ᠍ ᠴᠠᠰᠤᠨ ᠤ᠋ ᠨᠠᠢᠷ〉 ᠵᠡᠷᠭᠡ ᠨᠠᠶ᠋ᠮᠠᠨ ᠶᠡᠬᠡ ᠭᠤᠤᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭᠠᠨ᠎ᠤ ᠲᠣᠭᠣᠷᠢᠭ᠎ᠤᠨ ᠠᠵᠤ ᠠᠬᠤᠶ᠂ ᠲᠠᠪᠴᠠᠩ᠎ᠤᠨ ᠠᠵᠤ ᠠᠬᠤᠶ᠂ ᠠᠮᠠᠷᠠᠯᠲᠠ᠎ᠶ᠋ᠢᠨ ᠡᠳᠦᠷ᠎ᠦᠨ ᠠᠵᠤ ᠠᠬᠤᠶ ᠵᠡᠷᠭᠡ ᠭᠤᠷᠪᠠᠨ ᠶᠡᠬᠡ ᠬᠡᠷᠡᠭ᠌ᠯᠡᠭᠡᠨ᠎ᠦ ᠬᠠᠯᠠᠮᠱᠢᠯ ᠢ᠋ ᠳᠣᠪᠣᠢᠯᠭᠠᠵᠤ᠂ ᠬᠡᠷᠡᠭ᠌ᠯᠡᠭᠡᠨ᠎ᠦ ᠲᠠᠯᠠᠪᠤᠷ᠎ᠤᠨ ᠱᠢᠨ᠎ᠡ᠎ᠶ᠋ᠢ ᠡᠭᠦᠳᠬᠦ᠌᠂ ᠬᠡᠷᠡᠭ᠌ᠯᠡᠭᠡᠨ᠎ᠦ ᠬᠠᠩᠭᠠᠯᠭ᠎ᠠ᠎ᠶ᠋ᠢ ᠪᠠᠶᠠᠯᠢᠭ᠍ᠵᠢᠭᠤᠯᠬᠤ᠂ ᠬᠡᠷᠡᠭ᠌ᠯᠡᠭᠡᠨ᠎ᠦ ᠠᠭᠤᠷ ᠠᠮᠢᠰᠭᠤᠯ᠎ᠢ ᠪᠣᠶ ᠪᠣᠯᠭᠠᠬᠤ ᠲᠠᠯ᠎ᠠ᠎ᠪᠠᠷ ᠬᠦᠴᠦᠯᠡᠵᠦ᠍᠂ ᠬᠡᠷᠡᠭ᠌ᠯᠡᠭ᠌ᠴᠢᠳ᠎ᠦᠨ ᠥᠪᠡᠷᠮᠢᠴᠡ᠂ ᠣᠯᠠᠨ ᠶᠠᠩᠵᠤᠲᠤ᠂ ᠶᠠᠰᠤ ᠴᠢᠨᠠᠷ᠎ᠤᠨ ᠬᠡᠷᠡᠭ᠌ᠴᠡᠭᠡ᠎ᠶ᠋ᠢ ᠬᠦᠴᠦᠯᠡᠨ ᠬᠠᠩᠭᠠᠵᠠᠢ》 ᠭᠡᠵᠤ ᠥᠪᠡᠷᠲᠡᠭᠡᠨ ᠵᠠᠰᠠᠬᠤ ᠣᠷᠣᠨ ᠎ᠤ ᠬᠤᠳᠠᠯᠳᠤᠭᠠᠨ ᠎ᠤ ᠶᠠᠪᠤᠳᠠᠯ᠎ᠤᠨ ᠲᠢᠩᠬᠢᠮ᠎ᠦᠨ ᠵᠠᠬ᠎ᠠ ᠳᠡᠯᠭᠡᠭᠦᠷ᠎ᠦᠨ ᠠᠵᠢᠯᠯᠠᠭᠠᠨ ᠪᠠ ᠬᠡᠷᠡᠭ᠌ᠯᠡᠭᠡ᠎ᠶ᠋ᠢ ᠠᠬᠢᠭᠤᠯᠬᠤ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面