ᠮᠣᠩᠭᠣᠯ ᠨᠤᠲᠤᠭ > ᠬᠥᠳᠡᠭᠡ ᠨᠤᠲᠤᠭ᠎ᠤᠨ ᠴᠠᠭᠠᠨ ᠰᠠᠷ᠎ᠠ

2023-01-24 10:53:32

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠵᠢᠨ ᠡᠮᠤᠨᠡᠬᠡᠨ ᠂ ᠦᠦᠰᠢᠨ ᠬᠤᠰᠢᠭᠤᠨ ᠤ᠋ ᠪᠦᠳᠦᠭᠡᠯᠴᠢ ᠰᠤᠶᠤᠯ ᠤ᠋ᠨ ᠠᠵᠤ ᠦᠢᠯᠡᠰ ᠤ᠋ᠨ ᠬᠦᠷᠢᠶᠡᠯᠡᠩ ᠳ᠋ᠤ ᠤᠯᠠᠭᠠᠨ ᠳ᠋ᠧᠩᠯᠦ ᠦᠨᠳᠦᠷ ᠲᠤ᠌ ᠡᠯᠭᠦᠭᠳᠡᠨ᠂ ᠪᠤᠶᠠᠨ ᠦᠰᠦᠭ ᠰᠠᠯᠬᠢᠨ ᠤ᠋ ᠠᠶ᠎ᠠ ᠪᠡᠷ ᠨᠠᠮᠢᠷᠠᠵᠤ᠂ ᠭᠠᠵᠠᠷ ᠰᠠᠢ ᠦᠭᠡᠢ ᠰᠢᠨ᠎ᠡ ᠶ᠋ᠢᠨ ᠪᠠᠷᠠᠭ᠎ᠠ ᠳᠡᠯᠭᠡᠭᠳᠡᠨ᠂ ᠬᠦᠮᠦᠨ ᠬᠠᠷ᠎ᠠ ᠨᠠᠭᠠᠰᠢ ᠴᠠᠭᠠᠰᠢ ᠰᠦᠯᠵᠢᠯᠳᠤᠨ ᠂ ᠴᠤᠭᠯᠠᠭ᠎ᠠ ᠮᠠᠢᠮᠠᠢ ᠬᠦᠷ ᠬᠦᠭᠵᠢᠶᠡᠨ ᠶ᠋ᠢᠡᠷ ᠪᠢᠯᠬᠠᠵᠤ᠂ ᠴᠠᠭᠠᠨ ᠰᠠᠷ᠎ᠠ ᠵᠢᠨ ᠠᠭᠤᠷ ᠠᠮᠢᠰᠬᠤᠯ ᠦᠳᠬᠡᠨ ᠪᠠᠢᠯ᠎ᠠ᠃

《ᠪᠢᠳᠠᠨ ᠤ᠋ ᠬᠤᠳᠠᠯᠳᠤᠵᠤ ᠪᠠᠢᠭ᠎ᠠ ᠴᠠᠭᠠᠨ ᠢᠳᠡᠭᠡᠨ ᠪᠤᠯ ᠮᠠᠨ ᠤ᠋ ᠭᠠᠴᠠᠭᠠᠨ ᠤ᠋ ᠴᠠᠭᠠᠨ ᠢᠳᠡᠭᠡᠨ ᠤ᠋ ᠦᠢᠯᠡᠳᠬᠡᠯ ᠤ᠋ᠨ ᠭᠠᠵᠠᠷ ᠡᠴᠡ ᠦᠢᠯᠡᠳᠪᠦᠷᠢᠯᠡᠭᠰᠡᠨ ᠶᠤᠮ ᠂ ᠶᠠᠮᠠᠷ ᠴᠤ᠌ ᠦᠯᠦ ᠢᠯᠵᠢᠷᠡᠭᠦᠯᠦᠭᠴᠢ ᠡᠳ᠋ ᠨᠡᠮᠡᠭᠰᠡᠨ ᠦᠭᠡᠢ ᠰᠢᠦ᠂ ᠦᠷᠦᠮ᠎ᠡ ᠂ ᠠᠢᠷᠠᠭ ᠂ ᠰᠢᠷ᠎ᠠ ᠳᠤᠰᠤ ᠵᠡᠷᠭᠡ ᠴᠠᠭᠠᠨ ᠢᠳᠡᠭᠡᠨ ᠪᠦᠷ ᠰᠢᠨ᠎ᠡ ᠰᠤᠷᠭᠤᠭ᠂ ᠠᠮᠳᠠ ᠰᠠᠢᠳᠠᠢ᠂ ᠤᠯᠠᠨ ᠤ᠋ ᠳᠤᠷ᠎ᠠ ᠪᠠᠬ᠎ᠠ ᠵᠢ ᠳᠠᠳᠠᠵᠤ ᠪᠠᠢᠨ᠎ᠠ ᠰᠢᠦ!》᠂ 《ᠡᠨᠡ ᠡᠳᠦᠷ ᠪᠢᠳᠠ ᠠᠪᠴᠢᠷᠠᠭᠰᠠᠨ ᠴᠠᠭᠠᠨ ᠢᠳᠡᠭᠡᠨ ᠶ᠋ᠢᠡᠨ ᠨᠢᠭᠡᠨᠳᠡ ᠬᠤᠳᠠᠯᠳᠤᠭᠠᠳ ᠳᠠᠭᠤᠰᠴᠢᠬᠠᠭᠰᠠᠨ ᠂ ᠪᠤᠷᠤᠯᠠᠭᠤᠯᠭ᠎ᠠ ᠶ᠋ᠢᠨ ᠤᠷᠤᠯᠭ᠎ᠠ ᠪᠠᠷᠤᠭ ᠬᠤᠶᠠᠷ ᠲᠦᠮᠡᠨ ᠲᠦᠭᠦᠷᠢᠭ ᠢ᠋ ᠳᠠᠪᠠᠪᠠ᠂ ᠵᠠᠷᠢᠮ ᠵᠠᠬᠢᠶᠠᠯᠠᠭᠰᠠᠳ ᠮᠠᠷᠭᠠᠰᠢ ᠢᠷᠡᠵᠦ ᠪᠠᠷᠠᠭ᠎ᠠ ᠪᠡᠨ ᠠᠪᠤᠨ᠎ᠠ》 ᠭᠡᠵᠦ ᠭᠠᠯᠠᠭᠤᠳᠤ ᠪᠠᠯᠭᠠᠰᠤ ᠵᠢᠨ ᠰᠠᠷᠠᠭᠤᠯᠨᠤᠳᠤᠭ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠵᠦᠩᠨᠡᠯᠲᠦ ᠰᠤᠷᠪᠤᠯᠵᠢᠯᠠᠭᠴᠢ ᠳ᠋ᠤ ᠳᠠᠨᠢᠯᠴᠠᠭᠤᠯᠬᠤ ᠶ᠋ᠢᠨ ᠳᠠᠭᠠᠤ ᠪᠠᠷᠠᠭ᠎ᠠ ᠪᠡᠨ ᠬᠤᠳᠠᠯᠳᠤᠵᠤ ᠶᠠᠭᠠᠷᠠᠨ᠎ᠠ᠃

《ᠪᠠᠭ᠎ᠠ ᠪᠠᠢᠬᠤ ᠳ᠋ᠤ ᠰᠢᠨᠡᠯᠡᠬᠦ ᠪᠤᠯᠤᠭᠰᠠᠭᠠᠷ᠂ ᠴᠤᠭᠯᠠᠭ᠎ᠠ ᠮᠠᠢᠮᠠᠢ ᠶ᠋ᠢᠨ ᠵᠠᠬ᠎ᠠ ᠳ᠋ᠤ ᠤᠴᠢᠬᠤ ᠬᠠᠮᠤᠭ ᠤ᠋ᠨ ᠳᠤᠷᠠᠳᠠᠢ᠂ ᠠᠮᠳᠠᠳᠤ ᠢᠳᠡᠭᠡᠨ ᠂ ᠰᠠᠢᠬᠠᠨ ᠳᠤᠭᠯᠠᠭᠠᠮ ᠪᠦᠷ ᠪᠠᠢᠨ᠎ᠠ᠂ ᠨᠢᠭᠡ ᠤᠴᠢᠪᠠᠯ ᠬᠡᠳᠦᠨ ᠡᠳᠦᠷ ᠬᠦᠭᠰᠡᠳᠡᠭ ᠰᠢᠦ! ᠡᠨᠡ ᠡᠳᠦᠷ ᠰᠢᠨ᠎ᠡ ᠶ᠋ᠢᠨ ᠪᠠᠷᠠᠭ᠎ᠠ ᠪᠡᠨ ᠪᠡᠯᠡᠳᠬᠡᠬᠦ ᠪᠡᠷ ᠡᠷᠳᠡ ᠢᠷᠡᠭᠰᠡᠨ᠂ ᠪᠠᠰᠠ ᠴᠤ᠌ ᠪᠠᠭ᠎ᠠ ᠶ᠋ᠢᠨ ᠦᠶ᠎ᠡ ᠶ᠋ᠢᠨ ᠴᠠᠭᠠᠨ ᠰᠠᠷ᠎ᠠ ᠵᠢᠨ ᠳᠤᠷᠠᠳᠬᠠᠯ ᠶ᠋ᠢᠡᠨ ᠡᠷᠢᠬᠦ ᠪᠡᠷ ᠢᠷᠡᠭᠰᠡᠨ ᠰᠢᠦ!》ᠭᠡᠵᠦ ᠦᠦᠰᠢᠨ ᠬᠤᠰᠢᠭᠤᠨ ᠤ᠋ ᠭᠠᠯᠠᠭᠤᠳᠤ ᠪᠠᠯᠭᠠᠰᠤ ᠵᠢᠨ ᠬᠤᠩ ᠯᠢᠩ ᠰᠤᠷᠪᠤᠯᠵᠢᠯᠠᠭᠴᠢ ᠳ᠋ᠤ ᠲᠠᠨᠢᠯᠴᠠᠭᠤᠯᠬᠤ ᠶ᠋ᠢᠨ ᠬᠠᠮᠳᠤ ᠯᠠᠩᠭᠦᠢ ᠶ᠋ᠢᠨ ᠡᠮᠦᠨ᠎ᠡ ᠰᠢᠨ᠎ᠡ ᠶ᠋ᠢᠨ ᠪᠠᠷᠠᠭ᠎ᠠ ᠰᠤᠨᠭᠭᠤᠨ᠎ᠠ᠃

ᠳᠤᠰ ᠤᠳᠠᠭᠠᠨ ᠤ᠋ ᠰᠢᠨ᠎ᠡ ᠶ᠋ᠢᠨ ᠪᠠᠷᠠᠭᠠᠨ ᠤ᠋ ᠪᠤᠷᠤᠯᠠᠭᠤᠯᠭ᠎ᠠ ᠳ᠋ᠤ᠂ ᠪᠠᠷᠠᠭ᠎ᠠ ᠲᠠᠸᠠᠷ ᠤ᠋ᠨ ᠲᠦᠷᠦᠯ ᠵᠦᠢᠯ ᠤᠯᠠᠨ ᠪᠠᠢᠵᠤ᠂ ᠰᠢᠨ᠎ᠡ ᠰᠤᠷᠭᠤᠭ ᠢᠳᠡᠭᠡᠨ ᠤᠮᠳᠠᠭᠠᠨ ᠤ᠋ ᠳᠡᠯᠭᠡᠨ ᠦᠵᠡᠬᠦᠯᠭᠡ ᠶ᠋ᠢᠨ ᠳᠠᠯᠠᠪᠠᠢ ᠳ᠋ᠤ ᠰᠢᠨ᠎ᠡ ᠰᠤᠷᠭᠤᠭ ᠢᠳᠡᠰᠢᠨ ᠨᠤᠭᠤᠭ᠎ᠠ᠂ ᠬᠦᠳᠡᠭᠡ ᠶ᠋ᠢᠨ ᠲᠠᠬᠢᠶᠠᠨ ᠦᠨᠳᠡᠭᠡ᠂ ᠪᠠᠯ᠂ ᠴᠠᠭᠠᠨ ᠢᠳᠡᠭᠡᠨ ᠂ ᠪᠠᠳᠤ ᠶ᠋ᠢᠨ ᠲᠤᠬᠤᠢ ᠶ᠋ᠢᠨ ᠵᠢᠭᠠᠰᠤ ᠵᠡᠷᠭᠡ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠳᠡᠯᠭᠡᠭᠳᠡᠵᠦ᠂ ᠰᠤᠶᠤᠯ ᠤ᠋ᠨ ᠳᠡᠯᠭᠡᠨ ᠦᠵᠡᠬᠦᠯᠭᠡ ᠶ᠋ᠢᠨ ᠠᠬᠤᠢ ᠳᠠᠯᠠᠪᠠᠢ ᠳ᠋ᠤ ᠭᠠᠷ ᠤᠷᠠᠯᠢᠭᠴᠢᠳ ᠲᠤᠬᠠᠢ ᠶ᠋ᠢᠨ ᠳᠠᠯᠠᠪᠤᠷ ᠲᠤ᠌ ᠴᠠᠭᠠᠰᠤᠨ ᠬᠠᠢᠴᠢᠯᠠᠮᠠᠯ ᠬᠠᠢᠴᠢᠯᠠᠵᠤ ᠥᠭᠬᠦ᠂ ᠬᠤᠤᠰ ᠤᠶᠠᠩᠭ᠎ᠠ ᠪᠢᠴᠢᠵᠦ ᠥᠭᠬᠦ ᠵᠡᠷᠭᠡ ᠠᠵᠢᠯᠯᠠᠭ᠎ᠠ ᠶᠠᠪᠤᠭᠳᠠᠵᠤ᠂ ᠲᠤᠬᠠᠢ ᠶ᠋ᠢᠨ ᠳᠠᠯᠠᠪᠤᠷ ᠲᠤ᠌ ᠪᠦᠬᠦᠯᠢ ᠬᠤᠨᠢ ᠰᠢᠷᠠᠵᠤ᠂ ᠬᠤᠳᠠ ᠶ᠋ᠢᠨ ᠠᠷᠠᠳ ᠲᠤ᠌ ᠲᠦᠯᠦᠪᠦᠷᠢ ᠦᠭᠡᠢ ᠪᠡᠷ ᠠᠮᠳᠠᠯᠠᠭᠤᠯᠵᠤ᠂ ᠰᠢᠨ᠎ᠡ ᠵᠢᠯ ᠤ᠋ᠨ ᠦᠨᠦᠷ ᠠᠮᠳᠠ ᠦᠳᠬᠡᠨ ᠪᠠᠢᠯ᠎ᠠ᠃ ᠲᠤᠰ ᠤᠳᠠᠭᠠᠨ ᠤ᠋ ᠠᠵᠢᠯᠯᠠᠭ᠎ᠠ ᠨᠢ ᠬᠤᠳᠠ ᠶ᠋ᠢᠨ ᠠᠷᠠᠳ ᠲᠤ᠌ ᠰᠢᠨ᠎ᠡ ᠶ᠋ᠢᠨ ᠪᠠᠷᠠᠭ᠎ᠠ ᠬᠤᠳᠠᠯᠳᠤᠨ ᠠᠪᠬᠤ ᠵᠠᠪᠰᠢᠶᠠᠨ ᠬᠠᠨᠭᠭᠠᠭᠰᠠᠨ ᠪᠦᠭᠡᠳ ᠬᠤᠳᠠ ᠶ᠋ᠢᠨ ᠠᠷᠠᠳ ᠢ᠋ ᠬᠡᠷᠡᠭᠯᠡᠭᠡ ᠳ᠋ᠤ ᠤᠷᠤᠯᠴᠠᠭᠤᠯᠵᠤ᠂ ᠮᠠᠯᠴᠢᠳ ᠲᠠᠷᠢᠶᠠᠴᠢᠨ᠎ᠳᠤ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠵᠢᠨᠨ ᠳᠡᠯᠭᠡᠨ ᠪᠤᠷᠤᠯᠠᠭᠤᠯᠬᠤ ᠵᠠᠬ᠎ᠠ ᠳᠡᠯᠭᠡᠭᠦᠷ ᠬᠠᠨᠭᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面