2023-02-02 11:26:09
《ᠳᠡᠭᠦᠵᠢᠯᠡ᠂ ᠡᠷᠬᠦ ᠁》ᠤᠢ᠍ᠢᠷ᠎ᠠ᠎ᠶ᠋ᠢᠨ ᠡᠳᠦᠷ᠂ ᠬᠥᠯᠥᠨ ᠪᠤᠢ᠌ᠷ ᠬᠤᠳᠠ᠎ᠶ᠋ᠢᠨ ᠠᠷᠤᠨ ᠬᠣᠱᠢᠭᠤᠨ᠎ᠤ 1.7 ᠲᠦᠮᠡᠨ ᠺᠢᠯᠤᠸᠠᠲ᠎ᠤᠨ ᠲᠠᠷᠠᠬᠠᠢ ᠮᠠᠶᠢᠭ᠎ᠤᠨ ᠰᠠᠯᠬᠢᠨ ᠬᠦᠴᠦ᠍᠎ᠪᠡᠷ ᠴᠠᠬᠢᠯᠭᠠᠨ ᠭᠠᠷᠭᠠᠬᠤ ᠵᠢᠴᠢ 35 ᠺᠢᠯᠤᠸᠠᠲ᠎ᠤᠨ ᠴᠠᠬᠢᠯᠭᠠᠨ ᠬᠦᠷᠭᠡᠯᠲᠡ᠎ᠶ᠋ᠢᠨ ᠱᠤᠭᠤᠮ᠎ᠤᠨ ᠢᠨᠵᠧᠨᠧᠷᠢᠩ᠎ᠦᠨ ᠲᠤᠬᠠᠢ᠎ᠶ᠋ᠢᠨ ᠲᠠᠯᠠᠪᠠᠢ᠎ᠳᠤ᠂ 360 ᠲᠣᠨ ᠬᠦᠨᠳᠦ ᠲᠤᠮᠤ ᠬᠡᠯᠪᠡᠷᠢ᠎ᠶ᠋ᠢᠨ ᠪᠦᠷᠢᠨ ᠡᠷᠭᠢᠯᠲᠡ᠎ᠶ᠋ᠢᠨ ᠡᠷᠭᠦᠭᠦᠷ ᠮᠠᠱᠢᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠰᠡᠷᠬᠢᠷᠠᠭᠤᠯᠢ ᠳᠡᠭᠦᠵᠢᠯᠡᠨ ᠤᠭ᠍ᠰᠠᠷᠠᠪᠠ᠃
3 ᠳ᠋ᠤᠭᠠᠷ ᠨᠤᠮᠸᠷᠳᠤ ᠦᠯᠢᠶᠡᠭᠦᠷ ᠮᠠᠱᠢᠨ ᠪᠤᠯ ᠱᠢᠶᠠᠩ ᠶᠠᠩ ᠢᠦᠶ ᠪᠠᠯᠭᠠᠰᠤᠨ᠎ᠤ ᠶᠠᠩ ᠼᠤᠤ ᠭᠧᠦ ᠲᠣᠰᠭᠣᠨ᠎ᠤ ᠭᠠᠳᠠᠨᠠᠬᠢ ᠠᠭᠤᠯᠠᠨ ᠣᠷᠣᠶ᠎ᠳᠤ ᠪᠠᠢᠷᠢᠯᠠᠵᠤ᠂ ᠬᠠᠬᠢᠷ ᠡᠪᠦᠯ ᠯᠡ ᠰᠠᠷ᠎ᠠ᠎ᠶ᠋ᠢᠨ ᠶᠠᠰᠤ ᠵᠢᠩᠭᠢᠨᠡᠮ᠎ᠡ ᠬᠦᠢᠲᠡᠨ ᠰᠠᠯᠬᠢ ᠨᠢ ᠠᠵᠢᠯᠴᠢᠳ᠎ᠤᠨ ᠪᠠᠷᠢᠯᠭ᠎ᠠ᠎ᠶ᠋ᠢᠨ ᠠᠵᠢᠯ ᠬᠢᠬᠦ ᠬᠠᠯᠠᠭᠤᠨ ᠰᠡᠳᠭᠢᠯᠭᠡ ᠵᠢ ᠬᠣᠷᠢᠭ᠍ᠯᠠᠵᠤ ᠳᠡᠢᠯᠬᠦ᠌ ᠦᠭᠡᠶ ᠪᠠᠢᠯ᠎ᠠ᠃ ᠭᠣᠭ᠍ᠴᠣᠭ᠎ᠠ ᠨᠢᠭᠡ ᠪᠦᠷᠢᠵᠥᠪ ᠣᠨᠣᠪᠴᠢᠲᠠᠶ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠲᠥᠷᠥᠯ ᠵᠦᠶ᠋ᠯ᠎ᠦᠨ ᠬᠡᠯᠲᠡᠰ᠎ᠦᠨ ᠳᠠᠭᠠᠭᠠᠮᠠᠯ ᠹᠠᠨ ᠶᠤᠸᠠᠢ ᠱᠧᠩ ᠲᠤᠬᠠᠶ᠎ᠶ᠋ᠢᠨ ᠲᠠᠯᠠᠪᠠᠶ᠎ᠳᠤ ᠵᠢᠯᠤᠭᠤᠳᠤᠨ ᠠᠵᠢᠯᠯᠠᠵᠤ᠂ ᠠᠵᠢᠯᠴᠢᠳ᠎ᠢ ᠳᠠᠭᠠᠭᠤᠯᠤᠨ ᠭᠣᠭ᠍ᠴᠣᠭ᠎ᠠ ᠨᠢᠭᠡ ᠪᠦᠷᠢ᠎ᠶ᠋ᠢ ᠨᠠᠷᠢᠨ ᠪᠠᠢᠴᠠᠭᠠᠵᠤ᠂ ᠲᠣᠭ᠎ᠠ ᠪᠠᠷᠢᠮᠲᠠ᠎ᠶ᠋ᠢ ᠬᠠᠷᠭᠤᠭᠤᠯᠤᠨ ᠦᠵᠡᠨ᠎ᠠ᠃
ᠠᠷᠤᠨ ᠬᠣᠱᠢᠭᠤᠨ᠎ᠤ ᠹᠧᠩ ᠷᠦᠨ᠂ ᠹᠧᠩ ᠲᠧᠩ ᠲᠠᠷᠠᠬᠠᠶ ᠮᠠᠶᠢᠭ᠎ᠤᠨ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠦᠨ ᠶᠡᠷᠦᠩᠬᠡᠶ ᠳᠠᠭᠠᠭᠠᠮᠠᠯ ᠬᠤᠸᠠᠩ ᠶᠠ ᠱᠢᠨ᠂ ᠲᠣᠰ ᠢᠨᠵᠧᠨᠧᠷᠢᠩ᠎ᠦᠨ ᠹᠸᠨᠭ ᠷᠦᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ 10 ᠮᠸᠭ᠎ᠠ ᠸᠠᠲ ᠪᠠᠢᠵᠤ᠂ ᠵᠢᠯ ᠪᠦᠷᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ᠎ᠨᠢ 3000 ᠲᠦᠮᠡᠨ ᠭᠷᠠᠳᠦ᠋ᠰ ᠪᠣᠯᠤᠨ᠎ᠠ; ᠹᠸᠨᠭ ᠲᠸᠨᠭ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ 7 ᠮᠸᠭ᠎ᠠ ᠸᠠᠲ ᠪᠠᠢᠵᠤ᠂ ᠵᠢᠯ ᠪᠦᠷᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ᠎ᠨᠢ 2400 ᠲᠦᠮᠡᠨ ᠭᠷᠠᠳᠦ᠋ᠰ᠎ᠲᠦ ᠬᠦᠷᠴᠦ᠍᠂ ᠡᠨᠡ ᠵᠢᠯ᠎ᠦᠨ 2 ᠰᠠᠷ᠎ᠠ᠎ᠶ᠋ᠢᠨ ᠳᠤᠮᠳᠠᠴᠢ᠎ᠪᠠᠷ ᠪᠣᠶ ᠪᠥᠬᠥᠶ ᠲᠥᠬᠥᠭᠡᠷᠦᠮᠵᠢ᠎ᠶ᠋ᠢ ᠤᠭ᠍ᠰᠠᠷᠠᠵᠤ᠂ 3 ᠰᠠᠷ᠎ᠠ᠎ᠶ᠋ᠢᠨ ᠰᠡᠭᠦᠯᠴᠢ᠎ᠪᠡᠷ ᠳᠤᠲᠠᠭ᠍ᠳᠠᠯ᠎ᠢ ᠵᠠᠰᠠᠵᠤ ᠱᠢᠯᠭᠠᠨ ᠦᠨᠡᠯᠡᠵᠤ᠌᠂ 4 ᠰᠠᠷ᠎ᠠ᠎ᠶ᠋ᠢᠨ ᠰᠡᠭᠦᠯᠴᠢ᠎ᠪᠡᠷ ᠲᠤᠤᠷ᠎ᠲᠤ ᠨᠡᠢᠯᠡᠭᠦᠯᠵᠦ᠍ ᠲᠣᠬᠢᠷᠠᠭᠤᠯᠤᠨ ᠲᠤᠷᠱᠢᠬᠤ ᠠᠵᠢᠯ᠎ᠢ ᠪᠡᠶᠡᠯᠡᠭᠦᠯᠦᠨ᠎ᠡ᠃ ᠲᠦᠷᠦᠯ ᠵᠦᠢᠯ ᠪᠠᠢᠭᠤᠯᠤᠭ᠍ᠳᠠᠭ᠍ᠰᠠᠨ᠎ᠤ ᠲᠠᠷᠠᠭ᠎ᠠ᠂ ᠵᠢᠯ ᠪᠦᠷᠢ 5000 ᠭᠠᠷᠤᠢ ᠲᠦᠮᠡᠨ ᠺᠢᠯᠤᠸᠠᠲ ᠴᠠᠭ᠎ᠤᠨ ᠴᠡᠪᠡᠷ ᠴᠠᠬᠢᠯᠭᠠᠨ᠎ᠢ ᠬᠦᠷᠭᠡᠵᠦ᠍᠂ 2 ᠲᠦᠮᠡᠨ ᠲᠣᠨ ᠱᠢᠬᠠᠮ ᠪᠠᠷᠢᠮᠵᠢᠶ᠎ᠠ ᠨᠡᠭᠦᠷᠡᠰᠦ ᠵᠢ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ 5 ᠲᠦᠮᠡ ᠭᠠᠷᠤᠢ ᠲᠣᠨ ᠪᠠᠭᠠᠰᠭᠠᠨ᠎ᠠ ᠭᠡᠯᠡ᠃
ᠴᠢᠬᠤᠯᠠ ᠶᠡᠬᠡ ᠲᠥᠷᠥᠯ ᠵᠦᠶ᠋ᠯ᠎ᠢ ᠢᠳᠡ ᠬᠦᠭ ᠲᠠᠢ ᠶᠠᠪᠤᠬᠳᠠᠭᠤᠯᠬᠤ ᠵᠢᠨ ᠵᠡᠷᠭᠡ ᠪᠡᠷ᠂ ᠠᠷᠤᠨ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ ᠴᠤ᠌ ᠬᠦᠭᠵᠢᠶᠠᠨ ᠲᠠᠢ ᠶᠠᠪᠤᠬᠳᠠᠨ᠎ᠠ᠃
ᠱᠢᠶᠠᠩ ᠶᠠᠩ ᠢᠦᠢ ᠪᠠᠯᠭᠠᠰᠤᠨ᠎ᠤ ᠰᠦᠩ ᠲᠠ ᠭᠸᠤ ᠲᠣᠰᠭᠣᠨ᠎ᠤ ᠵᠢᠮᠢᠰ ᠢᠳᠡᠱᠢᠨ ᠨᠣᠭᠣᠭ᠎ᠠ ᠲᠡᠭᠦᠬᠦ᠌ ᠬᠦᠷᠢᠶᠡᠯᠡᠩ ᠨᠣᠭᠣᠭᠠᠨ ᠦᠩᠬᠡ᠎ᠪᠡᠷ ᠬᠦᠬᠡᠷᠡᠵᠤ᠂ ᠲᠥᠪᠡᠳ ᠬᠠᠰᠢ ᠰᠠᠯᠠᠭ᠎ᠠ ᠳᠦᠭᠦᠷᠡᠩ ᠤᠨᠵᠢᠢᠵᠤ᠂ ᠭᠦᠵᠡᠯᠵᠡᠭᠡᠨ᠎ᠡ ᠨᠢ ᠪᠣᠯᠪᠠᠰᠤᠷᠠᠵᠤ᠂ ᠴᠤᠭᠤᠷ ᠨᠣᠭᠣᠭ᠎ᠠ᠂ ᠥᠷᠭᠡᠰᠦᠲᠦ ᠨᠣᠭᠣᠭ᠎ᠠ ᠵᠡᠷᠭᠡ ᠡᠯ᠎ᠡ ᠵᠦᠢᠯ᠎ᠦᠨ ᠨᠣᠭᠣᠭᠠᠨ ᠨᠠᠪᠴᠢᠲᠤ ᠢᠳᠡᠱᠢᠨ ᠨᠣᠭᠣᠭ᠎ᠠ ᠨᠣᠭᠣᠭᠠᠷᠠᠨ᠎ᠠ᠃ ᠵᠢᠮᠢᠰ ᠲᠡᠭᠦᠬᠦ᠌ ᠬᠦᠷᠢᠶᠡᠯᠡᠩ᠎ᠦᠨ ᠬᠠᠷᠢᠭᠤᠴᠠᠯᠭᠠᠲᠠᠨ ᠦ᠋ ᠠᠶ ᠭᠦᠸᠧ ᠡᠳᠦᠷ ᠪᠦᠷᠢ ᠡᠯ᠎ᠡ ᠬᠦᠯᠡᠮᠵᠢ᠎ᠪᠡᠷ ᠶᠠᠪᠤᠵᠤ᠂ ᠬᠣᠲᠠ᠎ᠶ᠋ᠢᠨ ᠠᠷᠠᠳ᠎ᠤᠨ ᠵᠢᠮᠢᠰ ᠲᠡᠭᠦᠬᠦ᠌᠎ᠳᠤ ᠰᠠᠢᠲᠤᠷ ᠪᠡᠯᠡᠳᠭᠡᠯ ᠬᠢᠨ᠎ᠠ᠃
ᠡᠦ᠍ ᠠᠶ ᠭᠦᠸᠧ᠂ ᠵᠢᠮᠢᠰ ᠢᠳᠡᠱᠢᠨ ᠨᠣᠭᠣᠭ᠎ᠠ᠎ᠶ᠋ᠢᠨ ᠬᠦᠷᠢᠶᠡᠯᠡᠩ᠎ᠳᠦ ᠨᠡᠢᠲᠡ 15 ᠲᠣᠮᠣ ᠬᠦᠯᠡᠮᠵᠢ᠎ᠲᠡᠶ᠂ ᠵᠢᠯ᠎ᠦᠨ ᠳᠥᠷᠪᠡᠨ ᠤᠯᠠᠷᠢᠯ᠎ᠳᠤ ᠴᠥᠮ ᠱᠢᠨ᠎ᠡ ᠰᠣᠷᠭᠣᠭ ᠢᠳᠡᠱᠢᠨ ᠨᠣᠭᠣᠭ᠎ᠠ ᠭᠤᠸ᠎ᠠ ᠵᠢᠮᠢᠰ ᠭᠠᠷᠳᠠᠭ᠂ ᠢᠯᠠᠩᠭᠤᠶ᠎ᠠ ᠡᠪᠦᠯ᠎ᠦᠨ ᠤᠯᠠᠷᠢᠯ᠎ᠳᠤ ᠭᠦᠵᠡᠯᠵᠡᠭᠡᠨ᠎ᠡ᠂ ᠲᠥᠪᠡᠳ ᠬᠠᠰᠢ᠂ ᠡᠯ᠎ᠡ ᠵᠦᠶ᠋ᠯ᠎ᠦᠨ ᠨᠣᠭᠣᠭᠠᠨ ᠨᠠᠪᠴᠢᠲᠤ ᠨᠣᠭᠣᠭ᠎ᠠ ᠵᠡᠷᠭᠡ ᠵᠠᠬ᠎ᠠ ᠳᠡᠯᠭᠡᠭᠦᠷ᠎ᠲᠦ ᠭᠠᠷᠴᠤ᠌᠂ ᠠᠷᠤᠨ ᠬᠣᠱᠢᠭᠤᠨ᠎ᠤ ᠪᠠᠶᠠᠷ᠎ᠤᠨ ᠡᠳᠦᠷ᠎ᠦᠨ ᠵᠠᠬ᠎ᠠ ᠳᠡᠯᠭᠡᠭᠦᠷ᠎ᠢ ᠲᠤᠢᠯ᠎ᠤᠨ ᠶᠡᠬᠡᠪᠡᠷ ᠪᠠᠶᠠᠯᠢᠭ᠍ᠵᠢᠭᠤᠯᠪᠠ ᠭᠡᠵᠦ ᠲᠠᠨᠢᠯᠴᠠᠭᠤᠯᠵᠠᠢ᠃
ᠶᠢᠨ ᠾᠧ ᠱᠢᠶᠠᠩ᠎ᠤᠨ ᠱᠢᠨ ᠯᠢ ᠲᠣᠰᠭᠣᠨ᠎ᠳᠤ᠂ ᠲᠠᠷᠢᠶᠠᠴᠢᠨ ᠯᠢᠦ ᠴᠦᠨ ᠬᠤᠸᠠ ᠰᠠᠶᠢᠬᠠᠨ ᠳᠤᠰᠤᠭᠰᠠᠨ ᠬᠤᠷᠠᠭ᠎ᠠ ᠪᠠᠨ ᠰᠦᠨ ᠲᠠᠯᠬ᠎ᠠ ᠪᠡᠷ ᠤᠭᠵᠢᠬᠤ᠎ᠵᠢᠨ ᠳᠠᠭᠠᠤ᠄《ᠤᠳᠤ ᠪᠣᠯ ᠶᠠᠭ ᠰᠠᠢᠬᠠᠨ ᠲᠦᠯ ᠲᠤᠰᠬᠤ ᠬᠠᠮᠤᠭ᠎ᠤᠨ ᠰᠠᠢ᠌ᠨ ᠴᠠᠭ ᠦᠶ᠎ᠡ ᠪᠣᠯᠤᠨ᠎ᠠ᠂ ᠬᠤᠷᠠᠭ᠎ᠠ ᠬᠥᠬᠥᠭᠦᠯᠬᠦ᠌ ᠡᠴᠡ ᠠᠪᠤᠭᠠᠳ ᠳᠤᠯᠠᠭᠠᠯᠠᠬᠤ᠂ ᠡᠪᠡᠰᠦ ᠪᠣᠷᠳᠣᠭ᠎ᠠ ᠦᠭᠬᠦ ᠬᠦᠷᠲᠡᠯ᠎ᠡ᠂ ᠬᠤᠷᠠᠭ᠎ᠠ ᠵᠢ ᠨᠢᠯᠬ᠎ᠠ ᠬᠡᠤᠭᠡᠳ ᠬᠠᠷᠠᠭᠠᠯᠵᠠᠵᠤ ᠪᠠᠢᠬᠤ ᠱᠢᠭ᠋ ᠰᠡᠳᠭᠢᠯ ᠲᠠᠯᠪᠢᠨ ᠠᠷᠠᠴᠢᠯᠠᠬᠤ ᠬᠡᠷᠡᠭ᠌ᠲᠡᠢ》ᠭᠡᠵᠦ ᠬᠡᠯᠡᠵᠦ ᠪᠠᠢᠯ᠎ᠠ᠃ ᠣᠳᠣᠬᠠᠨ᠎ᠳᠤ᠂ ᠯᠢᠦ ᠴᠦᠨ ᠬᠤᠸᠠ᠎ᠶ᠋ᠢᠨ ᠬᠤᠨᠢ ᠨᠢ ᠨᠢᠭᠡᠨᠲᠡ 300 ᠭᠠᠷᠤᠶ ᠪᠣᠯᠵᠣ᠂ ᠠᠵᠤ ᠠᠬᠤᠶ᠎ᠶ᠋ᠢᠨ ᠦᠷ᠎ᠡ ᠠᠱᠢᠭ᠎ᠨᠢ ᠮᠠᠰᠢ ᠰᠠᠢᠨ ᠪᠠᠢᠨ᠎ᠠ᠃
ᠠᠷᠤᠨ ᠬᠣᠱᠢᠭᠤ《ᠮᠥᠰᠥ᠍ ᠴᠠᠰᠤᠨ᠎ᠳᠤ ᠬᠤᠴᠢᠭ᠍ᠳᠠᠭ᠍ᠰᠠᠨ ᠠᠭᠤᠯᠠ ᠲᠠᠯ᠎ᠠ ᠴᠤ᠌ ᠠᠯᠲᠠ ᠮᠥᠩᠭᠥᠨ ᠠᠭᠤᠯᠠ》ᠭᠡᠬᠦ᠌ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠵᠦ᠍᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠠᠵᠢᠯᠯᠠᠭ᠎ᠠ᠎ᠶ᠋ᠢ ᠪᠠᠶᠠᠯᠢᠭ᠍ᠵᠢᠭᠤᠯᠵᠤ᠂ 《ᠬᠦᠶ᠋ᠲᠡᠨ ᠡᠬᠢ ᠪᠠᠶᠠᠯᠢᠭ》 ᠢ᠋ ᠲᠠᠰᠤᠷᠠᠯᠲᠠ ᠥᠬᠡᠶ 《ᠬᠠᠯᠠᠮᠰᠢᠯ ᠡᠬᠢ ᠪᠠᠶᠠᠯᠢᠭ》 ᠪᠤᠯᠭᠠᠨ ᠬᠤᠪᠢᠷᠠᠭᠤᠯᠪᠠ᠃
ᠴᠠᠭᠠᠨ ᠰᠠᠷ᠎ᠠ ᠣᠢᠷᠠᠲᠤᠬᠤ ᠪᠡᠷ᠂ ᠱᠢᠨ ᠹᠠ ᠱᠢᠶᠠᠩ᠎ᠤᠨ ᠳ᠋ᠦᠩ ᠭᠤᠸᠠᠩ ᠲᠣᠰᠭᠣᠨ᠎ᠤ᠎ᠶ᠋ᠢᠨ ᠸᠠᠨ ᠵᠢᠭᠤᠯᠴᠢᠯᠠᠯ᠎ᠤᠨ ᠵᠤᠰᠠᠯᠠᠩ᠎ᠳᠡᠬᠢ ᠴᠠᠰᠤᠨ ᠳᠡᠭᠡᠷᠡᠬᠢ ᠴᠡᠩᠭᠡᠯ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠦᠨᠳᠦᠰᠦᠨ᠎ᠳᠡᠭᠡᠨ ᠳᠠᠭᠤᠰᠴᠠᠶ᠃ ᠲᠣᠮᠣ ᠬᠡᠯᠪᠡᠷᠢ᠎ᠶ᠋ᠢᠨ ᠴᠠᠰᠤ ᠦᠶ᠋ᠯᠡᠳᠬᠦ᠌ ᠮᠠᠱᠢᠨ ᠨᠢ ᠴᠠᠭᠠᠨ ᠮᠠᠨᠠᠨ ᠰᠦᠷᠴᠢᠵᠦ᠍᠂ ᠭᠢᠯᠲᠠᠭᠠᠨᠠᠬᠰᠠᠨ《ᠴᠠᠰᠤ》 ᠵᠢ ᠣᠭ᠍ᠲᠠᠷᠭᠤᠶ᠎ᠳᠤ ᠰᠦᠷᠴᠢᠨ ᠭᠠᠷᠭᠠᠵᠤ᠂ ᠵᠠᠯᠭᠠᠯᠳᠤᠨ ᠦᠷᠭᠦᠯᠵᠢᠯᠡᠭ᠌ᠰᠡᠨ《 ᠮᠥᠩᠭᠥᠨ ᠠᠭᠤᠯᠠ》 ᠵᠢ ᠪᠦᠷᠢᠯᠳᠦᠬᠦᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃