ᠮᠣᠩᠭᠣᠯ ᠨᠤᠲᠤᠭ > ᠬᠦᠳᠡᠭᠡ ᠨᠤᠲᠤᠭ᠎ᠤᠨ ᠴᠠᠭᠠᠨ ᠰᠠᠷ᠎ᠠ 2022

2022-01-30 09:03:29

ᠵᠣᠬᠢᠶᠠᠭ᠍ᠴᠢ᠄ ᠮᠠ ᠹᠠᠩ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠤᠢᠷᠠᠳᠬᠤᠶ᠎ᠠ ᠂ ᠬᠥᠬᠡᠬᠣᠲᠠ ᠶ᠋ᠢᠨ ᠢᠦ᠋ᠢᠴᠢᠤᠸᠠᠨ ᠲᠣᠭᠣᠷᠢᠭ ᠤ᠋ᠨ ᠡᠯ᠎ᠠ ᠨᠡᠢᠭᠡᠮ ᠲᠣᠭᠣᠷᠢᠭ ᠬᠥᠷ ᠬᠥᠭ᠌ᠵᠢᠶᠡᠨ ᠵᠢᠡᠷ ᠪᠢᠯᠬᠠᠨ᠎ᠠ ᠃ ᠤᠷᠠᠯᠢᠭ᠍ᠴᠢᠳ ᠵᠦᠩᠨᠡᠯ ᠪᠡᠯᠬᠡᠳᠡᠯ ᠪᠢᠯᠬᠠᠭᠰᠠᠨ ᠤᠷᠠᠨ ᠪᠢᠴᠢᠯᠭᠡ ᠂ ᠤᠷᠠᠨ ᠵᠢᠷᠤᠭ ᠪᠠ ᠴᠠᠭᠠᠰᠤᠨ ᠬᠠᠢᠴᠢᠯᠠᠮᠠᠯ ᠤ᠋ᠨ ᠪᠦᠲᠦᠭᠡᠯ ᠶ᠋ᠢᠡᠨ ᠨᠡᠢᠬᠡᠮ ᠲᠤᠭᠤᠷᠢᠭ ᠤ᠋ᠨ ᠰᠠᠭᠤᠭᠠᠯᠢ ᠠᠷᠠᠳ ᠲᠦ᠍ ᠬᠦᠷᠬᠡᠵᠤ ᠂ ᠰᠠᠷ᠎ᠡ ᠰᠢᠨ᠎ᠠ ᠵᠢᠨ ᠵᠦᠩᠨᠡᠯ ᠵᠢᠡᠨ ᠲᠡᠪᠰᠢᠬᠦᠯᠦᠨ᠎ᠠ ᠃

1 ᠰᠠᠷ᠎ᠠ ᠵᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ ᠡᠴᠡ ᠭᠤᠤᠯᠯᠠᠨ ᠡᠷᠭᠢᠯᠡᠵᠦ᠍ ᠂ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠰᠠᠢᠨ ᠳᠤᠷᠠᠴᠤᠤᠯ ᠤ᠋ᠨ ᠨᠡᠢᠭᠡᠮᠯᠢᠭ ᠂ ᠬᠥᠬᠡᠬᠣᠲᠠ ᠶ᠋ᠢᠨ ᠤᠳᠭ᠎ᠠ ᠤᠷᠠᠯᠢᠭ ᠤ᠋ᠨ᠎ᠬᠢᠨ ᠤ᠋ ᠬᠣᠯᠪᠣᠭ᠎ᠠ ᠡᠴᠡ ᠳᠠᠭᠠᠭᠠᠴᠢᠯᠠᠨ ᠡᠷᠭᠢᠯᠡᠵᠦ᠍ ᠂ ᠢᠦᠶ᠋ᠢᠴᠢᠤᠸᠠᠨ ᠲᠣᠭᠣᠷᠢᠭ ᠤ᠋ᠨ ᠤᠳᠭ᠎ᠠ ᠤᠷᠠᠯᠢᠭ ᠤ᠋ᠨ᠎ᠬᠢᠨ ᠤ᠋ ᠬᠣᠯᠪᠣᠭ᠎ᠠ᠎ᠡᠴᠡ ᠬᠠᠮᠵᠢᠨ ᠡᠷᠭᠢᠯᠡᠭ᠌ᠰᠡᠨ《ᠴᠠᠭᠠᠨ ᠰᠠᠷ᠎ᠠ ᠪᠠᠨ ᠤᠭ᠍ᠲᠤᠵᠤ ᠱᠢᠨ᠎ᠡ ᠵᠢᠨ ᠵᠣᠯᠭᠠᠯᠲᠠ ᠬᠢᠬᠦ᠌》ᠤᠳᠭ᠎ᠠ ᠤᠷᠠᠯᠢᠭ ᠤ᠋ᠨ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠵᠢᠯᠯᠠᠭ᠎ᠠ ᠢᠦᠶ᠋ᠢᠴᠢᠤᠸᠠᠨ ᠲᠣᠭᠣᠷᠢᠭ ᠲᠦ᠍ ᠶᠠᠪᠤᠭᠳᠠᠵᠤ ᠴᠠᠭᠠᠰᠤᠨ ᠬᠠᠢᠴᠢᠯᠠᠮᠠᠯ ᠬᠠᠢᠴᠢᠯᠠᠬᠤ᠂ ᠵᠢᠷᠤᠭ ᠵᠢᠷᠤᠬᠤ᠂ ᠬᠤᠤᠰ ᠤᠶᠠᠩᠭ᠎ᠠ ᠪᠢᠴᠢᠬᠦ᠌ ᠵᠡᠷᠭᠡ ᠠᠷᠭ᠎ᠠ ᠬᠡᠯᠪᠡᠷᠢ ᠪᠡᠷ ᠠᠷᠠᠳ ᠣᠯᠠᠨ ᠳ᠋ᠤ ᠴᠠᠭᠠᠨ ᠰᠠᠷ᠎ᠠ ᠶ᠋ᠢᠨ ᠵᠥᠩᠨᠡᠯ ᠲᠡᠪᠰᠢᠭᠦᠯᠵᠦ ᠂ ᠤᠷᠠᠯᠢᠭ᠍ᠴᠢᠳ ᠡᠴᠡ ᠨᠡᠢᠭᠡᠮ ᠲᠣᠭᠣᠷᠢᠭ ᠤ᠋ᠨ ᠰᠠᠭᠤᠭᠠᠯᠢ ᠠᠷᠠᠳ ᠲᠦ᠍ 100 ᠬᠤᠪᠢ ᠬᠣᠣᠰ ᠤᠶᠠᠩᠭ᠎ᠠ ᠂ 20 ᠬᠤᠪᠢ ᠬᠢᠲᠠᠳ ᠵᠢᠷᠤᠭ ᠂ 30 ᠬᠤᠪᠢ ᠴᠠᠭᠠᠰᠤᠨ ᠬᠠᠢᠴᠢᠯᠠᠮᠠᠯ ᠬᠦᠷᠭᠡᠪᠡ᠃

ᠣᠢᠷ᠎ᠠ ᠳ᠋ᠤ ᠬᠥᠬᠡᠬᠣᠲᠠ ᠶ᠋ᠢᠨ ᠱᠥ᠍ ᠭᠤᠸᠠᠩ ᠨᠡᠢᠭᠡᠮ ᠲᠣᠭᠣᠷᠢᠭ ᠤ᠋ᠨ ᠳᠠ ᠵᠢᠶᠠᠡᠭ ᠽᠦᠸᠸ ᠰᠠᠭᠤᠭᠠᠯᠢ ᠠᠷᠠᠳ ᠤ᠋ᠨ ᠲᠣᠭᠣᠷᠢᠭ ᠲᠦ᠍ ᠂ ᠤᠷᠠᠨ ᠪᠢᠴᠢᠯᠭᠡᠲᠡᠳ ᠰᠠᠭᠤᠭᠠᠯᠢ ᠠᠷᠠᠳ ᠲᠦ᠍ ᠬᠤᠤᠰ ᠤᠶᠠᠩᠭ᠎ᠠ ᠵᠢᠴᠢ ᠰᠣᠶᠣᠯ ᠤ᠋ᠨ ᠪᠡᠯᠡᠭ ᠬᠦᠷᠭᠡᠬᠦ᠌᠎ᠶ᠋ᠢᠨ ᠳᠠᠭᠠᠤ ᠴᠠᠭᠠᠨ ᠰᠠᠷ᠎ᠠ᠎ᠶ᠋ᠢᠨ ᠵᠥᠩᠨᠡᠯ ᠳᠡᠪᠰᠢᠭᠦᠯᠦᠨ᠎ᠡ᠃ ᠠᠵᠢᠯᠯᠠᠭ᠎ᠠ ᠶ᠋ᠢᠨ ᠠᠬᠤᠶ ᠲᠠᠯᠠᠪᠠᠶ ᠳ᠋ᠤ ᠂ ᠰᠠᠭᠤᠭᠠᠯᠢ ᠠᠷᠠᠳ ᠪᠠᠰᠠ ᠥᠪᠡᠷ ᠤ᠋ᠨ ᠪᠡᠯᠡᠳᠭᠡᠭ᠌ᠰᠡᠨ ᠴᠠᠭᠠᠰᠤ ᠪᠠᠨ ᠠᠪᠴᠤ᠌ ᠢᠷᠡᠬᠡᠳ ᠤᠷᠠᠨ ᠪᠢᠴᠢᠯᠭᠡᠲᠡᠨ ᠵᠢᠡᠷ ᠠᠬᠤᠢ ᠲᠠᠯᠠᠪᠠᠶ ᠳ᠋ᠤ ᠬᠤᠤᠰ ᠤᠶᠠᠡᠭᠭ᠎ᠠ ᠪᠢᠴᠢᠭᠦᠯᠵᠦ᠍ ᠠᠪᠤᠭᠠᠳ ᠠᠮᠠ ᠬᠠᠮᠬᠢᠯ ᠥᠬᠡᠶ ᠪᠠᠶᠠᠷᠯᠠᠨ᠎ᠠ ᠃

1 ᠰᠠᠷ᠎ᠠ ᠶ᠋ᠢᠨ 7 ᠡᠴᠡ 26 ᠤ᠋ ᠡᠳᠦᠷ ᠪᠣᠯᠲᠠᠯ᠎ᠠ ᠂ ᠥᠪᠥᠷ ᠮᠣᠩᠭᠣᠯ ᠤ᠋ᠨ ᠤᠷᠠᠨ ᠪᠢᠴᠢᠯᠭᠡᠲᠡᠡ ᠤ᠋ ᠨᠡᠢᠭᠡᠮᠯᠢᠭ ᠡᠴᠡ ᠭᠤᠤᠯᠯᠠᠨ ᠡᠷᠭᠢᠯᠡᠭ᠌ᠰᠡᠨ 2022 ᠣᠨ ᠤ᠋《ᠪᠢᠳᠡᠨ ᠤ᠋ ᠳᠤᠮᠳᠠᠳᠤ ᠶ᠋ᠢᠨ ᠵᠡᠬᠦᠳᠤ》— ᠰᠣᠶᠣᠯ᠎ᠢ ᠲᠦᠮᠡᠨ ᠡᠷᠦᠬᠡ ᠳ᠋ᠤ ᠬᠦᠷᠭᠡᠬᠦ ᠤᠷᠠᠨ ᠪᠢᠴᠢᠯᠭᠡ ᠶ᠋ᠢᠨ ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠪᠠᠶᠠᠷ ᠪᠠᠶᠠᠰᠤᠯ ᠳᠠᠢ ᠢᠳᠡ ᠬᠦᠭ ᠲᠠᠢ ᠶᠠᠪᠤᠭᠳᠠᠵᠤ ᠂ ᠤᠷᠠᠨ ᠪᠢᠴᠢᠯᠬᠡᠳᠡᠳ ᠲᠣᠰ ᠲᠣᠰ ᠬᠥᠬᠡᠬᠣᠲᠠ ᠶ᠋ᠢᠨ ᠱᠥ᠍ ᠭᠤᠸᠠᠩ ᠨᠡᠢᠭᠡᠮ ᠲᠣᠭᠣᠷᠢᠭ ᠤ᠋ᠨ ᠳ᠋ᠠ ᠵᠢᠶᠠᠩ ᠽᠦᠸᠧ ᠰᠠᠭᠤᠭᠠᠯᠢ ᠠᠷᠠᠳ ᠤ᠋ᠨ ᠲᠣᠭᠣᠷᠢᠭ᠂ ᠬᠣᠲᠣᠩ ᠠᠷᠠᠳ ᠤ᠋ᠨ ᠲᠣᠭᠣᠷᠢᠭ ᠤ᠋ᠨ ᠳᠣᠲᠣᠭᠠᠳᠤ ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠨᠤᠲᠤᠭ ᠪᠡᠯᠴᠢᠬᠡᠷ ᠰᠤᠳᠤᠯᠬᠤ ᠭᠠᠵᠠᠷ ᠂ ᠬᠥᠬᠡᠬᠣᠲᠠ ᠶ᠋ᠢᠨ ᠴᠠᠭᠠᠨ ᠰᠤᠪᠤᠷᠭ᠎ᠠ ᠣᠯᠠᠨ ᠤᠯᠤᠰ ᠤ᠋ᠨ ᠨᠢᠰᠭᠡᠯ ᠤ᠋ᠨ ᠪᠠᠭᠤᠳᠠᠯ ᠳ᠋ᠤ ᠬᠦᠷᠴᠦ᠍ ᠂ ᠰᠠᠢᠨ ᠳᠤᠷ᠎ᠠ ᠶ᠋ᠢᠨ ᠦᠶ᠋ᠯᠡᠴᠢᠯᠡᠭᠡᠨ ᠤ᠋ ᠠᠵᠢᠯᠯᠠᠭ᠎ᠠ ᠶ᠋ᠢ ᠵᠠᠯᠭᠠᠭ᠎ᠠ ᠪᠠᠷ ᠥᠷᠨᠢᠭᠦᠯᠪᠡ᠃ ᠤᠷᠠᠨ ᠪᠢᠴᠢᠯᠭᠡᠲᠡᠳ ᠤᠷᠠᠨ ᠪᠢᠴᠢᠯᠭᠡ ᠶ᠋ᠢᠨ ᠨᠡᠢᠲᠡ ᠶ᠋ᠢᠨ ᠠᠰᠠᠷᠠᠮᠵᠢ ᠶ᠋ᠢᠨ ᠠᠵᠢᠯᠯᠠᠭ᠎ᠠ ᠪᠠᠷ ᠲᠠᠮᠵᠢᠨ ᠱᠢᠨ᠎ᠡ ᠴᠠᠭ ᠦᠶ᠎ᠡ ᠶ᠋ᠢ ᠪᠢᠴᠢᠭ᠌ᠯᠡᠵᠦ᠍ ᠂ ᠢᠳᠡᠪᠬᠢ ᠬᠦᠴᠦᠨ᠎ᠢ ᠨᠢᠭ᠍ᠲᠠᠷᠠᠭᠤᠯᠤᠨ ᠂ ᠠᠷᠠᠳ ᠣᠯᠠᠨ ᠳ᠋ᠤ ᠴᠠᠭᠠᠨ ᠰᠠᠷ᠎ᠠ ᠶ᠋ᠢᠨ ᠵᠥᠩᠨᠡᠯ ᠳᠡᠪᠱᠢᠭᠦᠯᠵᠦ᠍ ᠂ ᠤᠳᠠᠯ ᠥᠬᠡᠶ ᠬᠦᠷᠴᠦ᠍ ᠢᠷᠡᠬᠦ᠌ ᠬᠠᠷ᠎ᠠ ᠪᠠᠷᠰ ᠵᠢᠯ ᠤ᠋ᠨ ᠴᠠᠭᠠᠨ ᠰᠠᠷ᠎ᠠ ᠳ᠋ᠤ ᠪᠠᠶᠠᠷ ᠪᠠᠶᠠᠰᠭᠤᠯᠠᠩᠲᠤ ᠰᠣᠶᠣᠯ ᠤ᠋ᠨ ᠠᠭᠤᠷ ᠠᠮᠢᠰᠭᠤᠯ ᠪᠠ ᠪᠠᠶᠠᠷ ᠤ᠋ᠨ ᠡᠳᠦᠷ ᠤ᠋ᠨ ᠠᠭᠤᠷ ᠠᠮᠢᠰᠭᠤᠯ᠎ᠢ ᠪᠤᠢ ᠪᠤᠯᠭᠠᠯ᠎ᠠ ᠃

ᠣᠢᠯᠠᠭᠠᠭ᠍ᠰᠠᠨ ᠵᠢᠡᠷ ᠂ ᠴᠠᠭᠠᠨ ᠰᠠᠷ᠎ᠠ ᠶ᠋ᠢ ᠪᠠᠶᠠᠷᠯᠠᠨ ᠤᠭ᠍ᠲᠤᠬᠤ ᠶ᠋ᠢᠨ ᠲᠥᠯᠥᠭᠡ᠂ ᠦᠬᠠᠶ ᠂ ᠤᠯᠠᠭᠠᠨᠬᠠᠳᠠ᠂ ᠲᠦᠩᠯᠢᠶᠣᠤ ᠬᠣᠲᠠ ᠵᠡᠷᠭᠡ ᠣᠯᠠᠨ ᠭᠠᠵᠠᠷ ᠤ᠋ᠨ ᠤᠳᠭ᠎ᠠ ᠤᠷᠠᠯᠢᠭ ᠤ᠋ᠨ᠎ᠬᠢᠨ ᠤ᠋ ᠬᠣᠯᠪᠣᠭ᠎ᠠ ᠬᠣᠢᠨ᠎ᠠ ᠬᠣᠢᠨ᠎ᠠ ᠡᠴᠡ ᠪᠠᠨ ᠬᠥᠳᠡᠯᠦᠯᠴᠡᠵᠦ᠍ ᠂ ᠤᠷᠠᠯᠢᠭ᠍ᠴᠢᠳ ᠨᠡᠢᠭᠡᠮ ᠲᠣᠭᠣᠷᠢᠭ ᠂ ᠮᠠᠯᠵᠢᠬᠤ ᠲᠠᠷᠢᠶᠠᠯᠠᠬᠤ ᠣᠷᠣᠨ ᠂ ᠦᠨᠳᠦᠰᠦᠨ ᠱᠠᠲᠤᠨ ᠤ᠋ ᠡᠮᠦᠨ᠎ᠡ ᠹᠷᠣᠨᠲ ᠵᠡᠷᠭᠡ ᠭᠠᠵᠠᠷ ᠲᠦ᠍ ᠭᠦᠨᠵᠡᠭᠡᠢᠷᠡᠨ ᠂ ᠴᠠᠭᠠᠨ ᠰᠠᠷ᠎ᠠ ᠪᠡᠷ ᠦᠨᠳᠦᠰᠦᠨ ᠱᠠᠲᠤᠨ ᠳ᠋ᠤ ᠭᠦᠨᠵᠡᠭᠡᠢᠷᠡᠬᠦ᠌ ᠠᠵᠢᠯᠯᠠᠭ᠎ᠠ ᠶ᠋ᠢ ᠥᠷᠭᠡᠨ ᠲᠡᠯᠬᠡᠷ ᠥᠷᠨᠢᠭᠦᠯᠵᠦ᠍ ᠂ ᠴᠠᠭᠠᠨ ᠰᠠᠷ᠎ᠠ ᠶ᠋ᠢᠨ ᠬᠤᠤᠰ ᠤᠶᠠᠡᠭᠭ᠎ᠠ ᠪᠠ《ᠪᠤᠶᠠᠨ》ᠦᠰᠦᠭ ᠵᠡᠷᠬᠡ ᠰᠣᠶᠣᠯ ᠵᠢᠡᠷ ᠪᠢᠯᠬᠠᠭᠰᠠᠨ《ᠰᠢᠨ᠎ᠡ ᠵᠢᠨ ᠪᠠᠷᠠᠭ᠎ᠠ》ᠵᠢ ᠲᠦᠭ ᠲᠦᠮᠡᠨ ᠡᠷᠦᠬᠡ ᠳ᠋ᠤ ᠬᠦᠷᠬᠡᠵᠤ ᠂ ᠰᠠᠷ᠎ᠠ ᠰᠢᠨ᠎ᠡ ᠶ᠋ᠢᠨ ᠵᠥᠩᠨᠡᠯ ᠳᠡᠪᠱᠢᠭᠦᠯᠦᠭᠰᠡᠨ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面