ᠮᠣᠩᠭᠣᠯ ᠨᠤᠲᠤᠭ > ᠬᠦᠳᠡᠭᠡ ᠨᠤᠲᠤᠭ᠎ᠤᠨ ᠴᠠᠭᠠᠨ ᠰᠠᠷ᠎ᠠ 2022

2022-01-31 21:13:02

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠴᠠᠭᠠᠨ ᠰᠠᠷ᠎ᠠ ᠤᠢᠷᠠᠳᠬᠤ ᠪᠡᠷ᠂ ᠬᠦᠷᠢᠶ᠎ᠡ ᠬᠣᠱᠢᠭᠤᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ ᠬᠠᠮᠳᠤᠷᠠᠨ《ᠬᠣᠶᠠᠷ᠎ᠢ ᠬᠦᠷᠭᠡᠵᠦ᠍ ᠨᠢᠭᠡ᠎ᠶ᠋ᠢ ᠬᠠᠪᠰᠤᠷᠬᠤ》ᠦᠨᠳᠦᠰᠦᠨ ᠱᠠᠲᠤᠨ᠎ᠤ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ᠍ ᠣᠨᠣᠯ ᠤ᠋ᠨ ᠮᠡᠳᠡᠯᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ᠎ᠦᠨ ᠰᠠᠢᠨ ᠳᠤᠷᠠᠴᠤᠤᠯ᠎ᠢ ᠵᠤᠬᠢᠶᠠᠨ ᠪᠠᠢᠭᠤᠯᠵᠤ᠂ ᠤᠯᠠᠭᠠᠨᠮᠥ᠋ᠴᠢᠷ᠎ᠦᠨ ᠰᠠᠯᠪᠤᠷᠢ ᠠᠩᠭᠢ ᠲᠠᠢ ᠬᠠᠮᠳᠤ ᠪᠡᠷ ᠮᠠᠯᠴᠢᠨ ᠠᠢᠯ ᠲᠠᠷᠢᠶᠠᠴᠢᠨ ᠡᠷᠦᠭᠡ ᠳ᠋ᠤ ᠬᠦᠷᠴᠤ ᠦᠨᠳᠦᠰᠦᠨ ᠱᠠᠳᠤᠨ ᠤ᠋ ᠣᠯᠠᠨ ᠲᠦᠮᠡᠨ᠎ᠳᠦ ᠪᠠᠶᠠᠷ ᠪᠠᠶᠠᠰᠤᠯ ᠪᠠ ᠪᠣᠯᠪᠠᠰᠤᠨ᠎ᠢ ᠬᠦᠷᠭᠡᠪᠡ᠃

《ᠡᠨᠡ ᠬᠡᠳᠤᠨ ᠡᠳᠦᠷ ᠨᠤᠢᠷ ᠰᠠᠢᠵᠢᠷᠠᠵᠤ᠂ ᠪᠡᠶ᠎ᠡ ᠪᠠᠰᠠ ᠨᠡᠯᠢᠶᠡᠳ ᠵᠦᠭᠡᠷ ᠪᠤᠯᠪᠠ》 ᠭᠡᠵᠦ ᠰᠠᠢᠨ ᠲᠤᠷᠠᠴᠤᠤᠯ ᠲᠠᠢ ᠳᠠᠬᠢᠨᠲᠠ ᠠᠭᠤᠯᠵᠠᠬᠤ ᠦᠶ᠎ᠡ ᠳ᠋ᠸ᠋ ᠯᠠᠢ ᠰᠢᠶᠤᠤ ᠨᠠᠰᠤᠲᠠᠨ ᠴᠢᠷᠠᠶ ᠳᠦᠭᠦᠷᠡᠩ ᠢᠨᠢᠶᠡᠮᠰᠦᠭᠯᠡᠨ ᠬᠡᠯᠡᠨ᠎ᠠ᠃ ᠬᠠᠭᠠᠰ ᠰᠠᠷ᠎ᠠ ᠵᠢᠨ ᠡᠮᠦᠨ᠎ᠡ ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠢᠨ ᠳᠤᠷᠠᠴᠤᠤᠯ ᠬᠦᠷᠢᠶ᠎ᠠ ᠬᠤᠰᠢᠭᠤᠨ ᠤ᠋ ᠭᠤᠷᠪᠠᠨᠭᠡᠷ ᠪᠠᠯᠭᠠᠰᠤᠨ᠎ᠤ ᠠᠬᠠᠮᠠᠳ ᠨᠠᠮ᠎ᠤᠨ ᠭᠡᠱᠢᠭᠦᠳ᠎ᠯᠠᠢ ᠰᠢᠶᠤᠤ ᠵᠢᠨ ᠬᠢᠨ ᠳ᠋ᠤ ᠬᠦᠷᠦᠭᠡᠳ ᠨᠠᠰᠤᠲᠠᠨ᠎ᠤ ᠴᠢᠰᠤᠨ ᠳᠠᠷᠤᠯᠲᠠ᠎ᠪᠠᠨ ᠲᠣᠭ᠍ᠲᠠᠪᠤᠷᠢᠵᠢᠭᠤᠯᠬᠤ᠎ᠶ᠋ᠢᠨ ᠲᠥᠯᠥᠭᠡ ᠵᠢᠯ ᠲᠤᠷᠰᠢᠳᠠ ᠡᠮ ᠤᠤᠭᠤᠵᠤ ᠪᠠᠢᠬᠤ ᠵᠢ ᠤᠢᠯᠠᠭᠠᠵᠠᠢ᠃ ᠰᠠᠢᠨ ᠳᠤᠷᠠᠴᠤᠤᠯ ᠲᠤᠬᠠᠶ᠎ᠶ᠋ᠢᠨ ᠲᠠᠯᠠᠪᠠᠢ ᠳ᠋ᠤ ᠨᠠᠰᠤᠳᠠᠨ ᠳ᠋ᠤ ᠪᠡᠶ᠎ᠠ ᠵᠢᠨ ᠪᠠᠢᠴᠠᠭᠠᠯᠳᠠ ᠬᠢᠵᠤ ᠴᠢᠰᠤᠨ ᠳᠠᠷᠤᠯᠲᠠ ᠪᠠᠭᠤᠷᠠᠭᠤᠯᠬᠤ ᠡᠮ᠎ᠬᠦᠷᠭᠡᠭᠰᠡᠨ ᠪᠦᠭᠡᠳ ᠨᠠᠰᠤᠲᠠᠨ᠎ᠤ ᠬᠡᠦᠬᠡᠳ ᠲᠸ᠋ᠨᠢ ᠨᠠᠰᠤᠳᠠᠨ᠎ᠢ ᠴᠠᠭ᠎ᠤᠨ ᠴᠠᠭ᠎ᠲᠤᠨᠢ ᠡᠮ ᠲᠠᠩ᠎ᠢ ᠨᠢ ᠤᠤᠭᠤᠯᠭᠠᠵᠤ᠂ ᠲᠣᠭ᠍ᠲᠠᠮᠠᠯ ᠬᠤᠭᠤᠴᠠᠭ᠎ᠠ ᠲᠠᠶ᠎ᠪᠠᠷ ᠡᠮᠨᠡᠯᠭᠡ ᠳ᠋ᠤ ᠬᠦᠷᠴᠦ ᠪᠠᠢᠴᠠᠭᠠᠯᠳᠠ ᠬᠢᠯᠭᠡᠬᠦ ᠵᠢ ᠰᠠᠨᠠᠭᠤᠯᠤᠭᠰᠠᠨ ᠪᠠᠢᠯ᠎ᠠ᠃

ᠨᠠᠰᠤᠲᠠᠨ᠎ᠤ ᠡᠪᠡᠳᠴᠢᠨ᠎ᠦ ᠪᠠᠢᠳᠠᠯ᠎ᠢ ᠴᠠᠬ ᠢᠮᠠᠬᠳᠠ ᠠᠩᠬᠠᠷᠴᠤ ᠪᠠᠢᠬᠰᠠᠨ ᠰᠠᠢᠨ ᠳᠤᠷᠠᠴᠤᠤᠯ ᠪᠣᠯᠪᠠᠰᠤᠨ ᠤ᠋ ᠦᠶ᠋ᠯᠡᠳᠦᠯᠭᠡ᠎ᠶ᠋ᠢᠨ ᠠᠵᠢᠯᠯᠠᠭ᠎ᠠ ᠵᠢ ᠲᠤᠬᠢᠶᠠᠯᠳᠤᠭᠤᠯᠤᠨ᠂ ᠡᠨᠡ ᠤᠳᠠᠭ᠎ᠠ ᠨᠠᠰᠤᠲᠠᠨ ᠢ᠋ ᠲᠠᠬᠢᠨᠳᠠ ᠡᠷᠬᠢᠨ ᠦᠵᠡᠪᠡ᠃ 《ᠴᠢᠰᠤᠨ ᠳᠠᠷᠤᠯᠲᠠ ᠨᠢᠭᠡᠨᠲᠡ ᠬᠡᠪ᠎ᠦᠨ ᠪᠣᠯᠵᠠᠶ᠂ ᠴᠠᠭ ᠲᠤᠬᠠᠶ᠎ᠳᠤᠨᠢ ᠳᠠᠬᠢᠨ ᠪᠠᠢᠴᠠᠭᠠᠯᠭᠠᠬᠤ ᠴᠢᠬᠤᠯᠠᠳᠠᠢ ᠰᠢᠤ》ᠭᠡᠵᠦ ᠰᠠᠢᠨ ᠲᠤᠷᠠᠴᠤᠤᠯ ᠲᠠᠬᠢᠨᠳᠠ ᠰᠠᠨᠠᠭᠤᠯᠤᠨ᠎ᠠ᠃ ᠡᠨᠡ ᠪᠣᠯ ᠬᠦᠷᠢᠶ᠎ᠡ ᠬᠣᠱᠢᠭᠤᠨ᠎ᠤ《ᠬᠣᠶᠠᠷ᠎ᠢ ᠬᠦᠷᠭᠡᠵᠦ᠍ ᠨᠢᠭᠡ᠎ᠶ᠋ᠢ ᠬᠠᠪᠰᠤᠷᠬᠤ 》 ᠭᠤᠤᠯ ᠰᠡᠳᠦᠪᠲᠦ ᠠᠵᠢᠯᠯᠠᠭ᠎ᠠ ᠵᠢᠨ ᠨᠢᠬᠡ ᠵᠢᠱ᠌ᠢᠶ᠎ᠠ ᠪᠤᠯᠬᠤ ᠶᠤᠮ᠃ 《ᠬᠣᠶᠠᠷ᠎ᠢ ᠬᠦᠷᠭᠡᠵᠦ᠍ ᠨᠢᠭᠡ᠎ᠶ᠋ᠢ ᠬᠠᠪᠰᠤᠷᠬᠤ》ᠠᠵᠢᠯᠯᠠᠭ᠎ᠠ ᠪᠣᠯ ᠪᠠᠶᠠᠷ ᠪᠠᠶᠠᠰᠤᠯ ᠪᠠ ᠪᠤᠯᠪᠠᠰᠤᠨ ᠢ᠋ ᠦᠨᠳᠦᠰᠦᠨ ᠱᠠᠲᠤᠨ᠎ᠳᠤ ᠬᠦᠷᠭᠡᠵᠦ᠂ 《ᠲᠠᠨ ᠳ᠋ᠤ ᠬᠠᠪᠰᠤᠷᠤᠶ᠎ᠠ》ᠤᠯᠠᠨ ᠲᠦᠮᠡᠨ ᠳ᠋ᠤ ᠪᠤᠳᠠᠳᠤ ᠶᠠᠪᠤᠳᠠᠯ ᠬᠢᠵᠦ ᠦᠭᠭᠦ ᠠᠵᠢᠯᠯᠠᠭ᠎ᠠ ᠵᠢ ᠭᠦᠨᠵᠡᠭᠡᠢᠷᠡᠬᠦᠯᠦᠨ ᠪᠤᠳᠠᠳᠠᠢᠵᠢᠭᠤᠯᠤᠬᠰᠠᠨ ᠱᠢᠰᠲ᠋ᠧᠮᠲᠦ ᠴᠢᠨᠠᠷᠲᠠᠶ ᠠᠵᠢᠯ ᠪᠣᠯᠤᠨ᠎ᠠ᠃

ᠲᠣᠰ ᠤᠳᠠᠭᠠᠨ᠎ᠤ ᠠᠵᠢᠯᠯᠠᠭ᠎ᠠ᠎ᠳᠤ ᠂ ᠬᠦᠷᠢᠶ᠎ᠠ ᠬᠣᠱᠢᠭᠤᠨ᠎ᠤ ᠤᠯᠠᠭᠠᠨᠮᠥ᠋ᠴᠢᠷ 3 ᠰᠠᠯᠪᠤᠷᠢ ᠠᠩᠭᠢ᠎ᠶ᠋ᠢ ᠵᠣᠬᠢᠶᠠᠨ ᠪᠠᠢᠭᠤᠯᠵᠤ ᠂ ᠰᠠᠯᠪᠤᠷᠢ ᠠᠩᠭᠢ ᠪᠦᠷᠢ᠎ᠨᠢ ᠤᠯᠠᠭᠠᠨᠮᠥ᠋ᠴᠢᠷ᠎ᠦᠨ 4 ᠭᠡᠱᠢᠭᠦᠨ ᠂ ᠲᠤᠰᠭᠠᠶ ᠦᠶ᠋ᠯᠡᠴᠢᠯᠡᠭᠡᠨ᠎ᠦ 4 ᠰᠠᠢᠨ ᠲᠤᠷᠠᠴᠤᠤᠯ᠎ᠢᠶᠠᠷ ᠪᠦᠷᠢᠯᠳᠦᠵᠠᠢ᠃ ᠲᠠᠳᠡ ᠮᠠᠯᠵᠢᠬᠤ ᠲᠠᠷᠢᠶᠠᠯᠠᠬᠤ ᠣᠷᠣᠨ᠂ ᠪᠣᠢᠳᠠ ᠪᠦᠭ᠌ᠯᠡᠭᠦᠦ ᠭᠠᠵᠠᠷ ᠣᠷᠣᠨ᠂ ᠣᠯᠠᠨ ᠨᠡᠢᠲᠡ᠎ᠶ᠋ᠢᠨ ᠰᠣᠶᠣᠯ᠎ᠤᠨ ᠪᠠᠢᠭᠤᠯᠤᠯᠳᠠ ᠪᠠᠭᠤᠷᠠᠶ ᠭᠠᠵᠠᠷ ᠣᠷᠣᠨ᠎ᠳᠤ ᠬᠦᠷᠴᠦ᠍ 30 ᠲᠠᠯᠠᠪᠠᠢ ᠤᠳᠠᠭ᠎ᠠ ᠲᠥᠪᠯᠡᠷᠡᠭᠦᠯᠦᠨ ᠦᠶ᠋ᠯᠡᠴᠢᠯᠡᠵᠦ᠍᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ 42 ᠱᠢᠶ᠋ᠳᠪᠦᠷᠢᠯᠡᠵᠦ᠍᠂ ᠨᠡᠢᠳᠡ ᠤᠯᠠᠨ᠎ᠤ ᠬᠠᠯᠠᠭᠤᠨ ᠬᠦᠷᠢᠶᠡᠯᠡᠯ᠎ᠢ ᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面