2026-10-22 12:09:19
ᠪᠠᠭᠠᠷᠢᠨ ᠵᠡᠭᠦᠨ ᠬᠤᠰᠢᠭᠤᠨ᠎ᠤ ᠰᠤᠷᠭᠠᠨ ᠬᠥᠮᠦᠵᠢᠯ᠎ᠤᠨ ᠲᠣᠪᠴᠢᠶ᠎ᠠ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠤᠨ ᠪᠠᠶ᠋ᠢᠷᠢᠯᠠᠭᠤᠯᠤᠯᠲᠠ᠎ᠶ᠋ᠢ ᠭᠦᠨᠵᠡᠭᠡᠢ ᠲᠤᠭᠤᠰᠢᠯᠠᠭᠤᠯᠵᠤ᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭᠯᠡᠨ᠂ ᠢᠯᠡᠳᠲᠡ ᠦᠷ᠎ᠡ ᠪᠦᠲᠦᠮᠵᠢ ᠤᠯᠪᠠ᠃
ᠲᠤᠰᠭᠠᠢ ᠠᠵᠢᠯ᠎ᠤᠨ ᠳᠤᠭᠤᠶ᠋ᠢᠯᠠᠩ ᠪᠠᠶ᠋ᠢᠭᠤᠯᠵᠤ᠂ ᠳᠠᠭᠠᠭᠠᠴᠢᠯᠠᠨ ᠬᠤᠯᠪᠤᠭᠠᠯᠠᠬᠤ ᠲᠣᠭᠲᠡᠴᠡ᠎ᠶ᠋ᠢ ᠬᠡᠷᠡᠭᠵᠢᠭᠦᠯᠬᠦ᠌ ᠲᠥᠰᠦᠯ᠂ ᠪᠠᠴᠢᠮ ᠪᠠᠶ᠋ᠢᠳᠠᠯ᠎ᠢ ᠠᠷᠭᠠᠴᠡᠭᠠᠨ ᠰᠢᠢᠳᠪᠦᠷᠢᠯᠡᠬᠦ᠌ ᠲᠥᠰᠦᠯ ᠵᠢᠴᠢ ᠪᠡᠯᠡᠳᠬᠡᠯ ᠲᠥᠰᠦᠯ᠎ᠢ ᠳᠡᠭᠡᠭᠰᠢᠯᠡᠭᠦᠯᠬᠦ᠌ ᠲᠥᠰᠦᠯ ᠵᠡᠷᠭᠡ ᠰᠢᠷᠢᠰ ᠪᠢᠴᠢᠭ ᠮᠠᠲᠧᠷᠢᠶᠠᠯ᠎ᠢ ᠨᠡᠶ᠋ᠢᠲᠡᠯᠡᠵᠦ᠍᠂ ᠰᠢᠰᠲᠧᠮ᠎ᠲᠠᠢ ᠠᠵᠢᠯ᠎ᠢ ᠠᠬᠢᠭᠤᠯᠬᠤ ᠪᠠ ᠲᠦᠭᠰᠢᠭᠦᠷᠢ᠎ᠶ᠋ᠢ ᠰᠡᠷᠭᠡᠶ᠋ᠢᠯᠡᠨ ᠡᠵᠡᠮᠳᠡᠬᠦ᠌ ᠲᠣᠭᠲᠡᠴᠡ᠎ᠶ᠋ᠢ ᠪᠠᠶ᠋ᠢᠭᠤᠯᠵᠠᠢ᠃ᠡᠭᠦᠷᠭᠡ᠎ᠶ᠋ᠢᠨ ᠨᠠᠷᠢᠨ ᠬᠠᠭᠤᠳᠠᠰᠤ᠎ᠶ᠋ᠢ ᠲᠣᠭᠲᠠᠭᠠᠬᠤ᠎ᠪᠠᠷ ᠳᠠᠮᠵᠢᠭᠤᠯᠤᠨ᠂ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢ ᠨᠠᠷᠢᠯᠢᠭᠵᠢᠭᠤᠯᠵᠤ᠂ ᠪᠡᠶᠡᠯᠡᠭᠦᠯᠬᠦ᠌ ᠴᠠᠭ᠎ᠤᠨ ᠬᠢᠵᠠᠭᠠᠷ᠎ᠢ ᠲᠣᠭᠲᠠᠭᠠᠨ᠂ᠠᠵᠢᠯ᠎ᠤᠨ ᠡᠮᠬᠢ ᠵᠢᠷᠤᠮ᠎ᠲᠠᠢ ᠶᠠᠪᠤᠭᠳᠠᠬᠤ᠎ᠶ᠋ᠢ ᠦᠨᠡᠨ ᠬᠦ᠌ ᠪᠠᠲᠤᠯᠠᠪᠠ᠃ ᠣᠳᠤᠬᠠᠨ᠎ᠳᠤ᠂ ᠪᠥᠬᠦ᠌ ᠬᠤᠰᠢᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠡᠴᠡ ᠥᠨᠳᠦᠷ ᠵᠡᠷᠭᠡ᠎ᠵᠢᠨ ᠳᠤᠮᠳᠠᠳᠤ ᠰᠤᠷᠭᠠᠭᠤᠯᠢ᠎ᠵᠢᠨ ᠬᠤᠶᠠᠳᠤᠭᠠᠷ ᠣᠨ ᠬᠦᠷᠲᠡᠯ᠎ᠡ᠂ ᠪᠣᠢ ᠪᠥᠬᠦᠢ ᠰᠢᠨᠵᠢᠯᠡᠭᠡᠨ᠎ᠳᠤ ᠴᠥᠮ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠥᠰᠦᠭ ᠪᠢᠴᠢᠭ᠎ᠤᠨ ᠵᠣᠬᠢᠴᠠᠬᠤ ᠴᠢᠨᠠᠷᠲᠠᠢ ᠵᠢᠭᠠᠨ ᠰᠤᠷᠭᠠᠯᠲᠠ᠎ᠶ᠋ᠢ ᠪᠦᠷᠢᠨ ᠪᠦᠷᠬᠦᠭᠦᠯᠬᠦ᠎ᠶ᠋ᠢ ᠪᠡᠶᠡᠯᠡᠭᠦᠯᠵᠠᠢ᠃
ᠪᠠᠭᠰᠢ᠎ᠶ᠋ᠢᠨ ᠡᠩᠨᠡᠭᠡᠨ᠎ᠤ ᠪᠠᠶ᠋ᠢᠭᠤᠯᠤᠯᠲᠠ᠎ᠶ᠋ᠢᠨ ᠲᠠᠯ᠎ᠠ᠎ᠪᠠᠷ᠂ 5 ᠵᠢᠯ᠎ᠤᠨ ᠲᠤᠷᠰᠢ ᠨᠢᠭᠡᠳᠦᠯᠲᠡᠢ ᠨᠠᠶ᠋ᠢᠷᠠᠭᠤᠯᠤᠭᠰᠠᠨ ᠵᠢᠭᠠᠬᠤ ᠮᠠᠲᠧᠷᠢᠶᠠᠯ᠎ᠢ ᠨᠥᠬᠦᠪᠦᠷᠢᠯᠡᠵᠦ᠍ ᠲᠤᠰᠭᠠᠢ ᠪᠠᠭᠰᠢᠯᠠᠭᠰᠠᠨ ᠪᠠᠭᠰᠢ 50 ᠪᠠᠶ᠋ᠢᠵᠤ᠂ ᠤᠤᠯ᠎ᠤᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠬᠦ᠌ ᠰᠤᠷᠭᠠᠭᠤᠯᠢ᠎ᠶ᠋ᠢᠨ ᠪᠠᠭᠰᠢ᠎ᠶ᠋ᠢ 32 ᠲᠤᠬᠢᠷᠠᠭᠤᠯᠪᠠ᠃ 2020 ᠣᠨ᠎ᠡᠴᠡ ᠨᠠᠭᠠᠰᠢ ᠪᠠᠭᠰᠢ᠎ᠶ᠋ᠢ ᠵᠣᠬᠢᠶᠠᠨ ᠪᠠᠶ᠋ᠢᠭᠤᠯᠵᠤ᠂ ᠡᠯ᠎ᠡ ᠱᠠᠲᠤᠨ᠎ᠤ ᠪᠣᠯᠪᠠᠰᠤᠷᠠᠯ᠎ᠳᠤ 600 ᠭᠠᠷᠤᠢ ᠬᠥᠮᠦᠨ ᠤᠳᠠᠭ᠎ᠠ ᠣᠷᠤᠯᠴᠠᠭᠤᠯᠵᠤ᠂2026 ᠣᠨ᠎ᠳᠤ ᠲᠤᠰᠭᠠᠢ ᠵᠦᠢᠯ᠎ᠤᠨ ᠪᠣᠯᠪᠠᠰᠤᠷᠠᠯ᠎ᠢ 6 ᠤᠳᠠᠭ᠎ᠠ ᠥᠷᠨᠢᠭᠦᠯᠵᠦ᠍᠂ 200 ᠭᠠᠷᠤᠢ ᠬᠥᠮᠦᠨ ᠤᠳᠠᠭ᠎ᠠ ᠤᠷᠤᠯᠴᠠᠪᠠ᠃ ᠲᠤᠰᠭᠠᠢ ᠪᠠᠭᠰᠢ᠎ᠶ᠋ᠢᠨ ᠨᠡᠶ᠋ᠢᠲᠡᠯᠢᠭ ᠬᠡᠯᠡᠨ᠎ᠦ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠨᠢ 100%᠎ᠳᠤ ᠬᠦᠷᠴᠡᠢ᠃
ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ 《2 + 1》 ᠶ᠋ᠢᠨ ᠬᠠᠪᠰᠤᠷᠤᠨ ᠰᠤᠷᠭᠠᠬᠤ ᠲᠣᠭᠲᠡᠴᠡ᠎ᠶ᠋ᠢᠨ ᠰᠢᠨ᠎ᠡ᠎ᠶ᠋ᠢ ᠡᠭᠦᠳᠦᠨ ᠬᠡᠷᠡᠭᠵᠢᠭᠦᠯᠵᠦ᠍᠂ 20 ᠰᠢᠨᠵᠢᠯᠡᠭᠡᠨ᠎ᠤ ᠰᠠᠯᠠᠭ᠎ᠠ᠎ᠶ᠋ᠢᠨ ᠳᠠᠭᠠᠭᠤᠯᠤᠭᠴᠢ᠎ᠶ᠋ᠢ ᠰᠣᠩᠭᠤᠨ ᠲᠣᠮᠢᠯᠠᠵᠤ᠂ ᠯᠢᠨᠳᠦ᠋ᠩ᠎ᠤᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭᠰᠢ᠎ᠲᠠᠢ ᠬᠠᠮᠲᠤᠷᠠᠨ ᠬᠠᠪᠰᠤᠷᠭᠠᠪᠠ᠃ ᠵᠢᠭᠠᠨ ᠰᠤᠷᠭᠠᠯᠲᠠ᠎ᠵᠢᠨ ᠰᠤᠳᠤᠯᠤᠭᠴᠢ ᠰᠤᠷᠭᠠᠭᠤᠯᠢ ᠳ᠋ᠤ ᠤᠷᠤᠵᠤ 20 ᠭᠠᠷᠤᠢ ᠲᠠᠯᠠᠪᠠᠢ ᠵᠢᠭᠠᠨ ᠵᠢᠯᠤᠭᠤᠳᠴᠤ᠌᠂ᠵᠢᠱ᠌ᠢᠶ᠎ᠡ ᠦᠵᠡᠭᠦᠯᠦᠨ ᠵᠢᠭᠠᠨ ᠰᠤᠷᠭᠠᠬᠤ᠂ ᠬᠠᠮᠲᠤ᠎ᠪᠠᠷ ᠬᠢᠴᠢᠶᠡᠯ ᠪᠡᠯᠡᠳᠬᠡᠬᠦ᠎ᠪᠠᠷ ᠳᠠᠮᠵᠢᠭᠤᠯᠤᠨ ᠲᠤᠰᠭᠠᠢ ᠮᠡᠷᠭᠡᠵᠢᠯ᠎ᠤᠨ ᠵᠢᠯᠤᠭᠤᠳᠤᠯᠭ᠎ᠠ᠎ᠶ᠋ᠢ ᠴᠢᠩᠭᠠᠳᠭᠠᠪᠠ᠃
ᠡᠯ᠎ᠡ ᠰᠤᠷᠭᠠᠭᠤᠯᠢ ᠦᠭᠡ ᠬᠡᠯᠡ ᠰᠤᠷᠤᠯᠴᠠᠬᠤ ᠣᠷᠴᠢᠨ ᠨᠦᠬᠦᠴᠡᠯ᠎ᠢᠶᠠᠨ ᠢᠳᠡᠪᠬᠢᠲᠡᠢ ᠰᠢᠯᠢᠳᠡᠭᠵᠢᠭᠦᠯᠵᠦ᠍᠂ ᠰᠦᠯᠵᠢᠶᠡᠨ᠎ᠤ ᠲᠠᠪᠴᠠᠩ᠎ᠤᠨ ᠲᠤᠰᠠᠯᠠᠬᠤ ᠰᠤᠷᠤᠯᠴᠠᠬᠤ ᠮᠠᠲᠧᠷᠢᠶᠠᠯ᠎ᠢ ᠨᠡᠭᠡᠭᠡᠨ ᠬᠥᠭᠵᠢᠭᠦᠯᠵᠦ᠍᠂ ᠬᠢᠴᠢᠶᠡᠯ᠎ᠡᠴᠡ ᠡᠮᠦᠨᠡᠬᠢ ᠤᠷᠢᠳᠴᠢᠯᠠᠨ ᠳᠠᠪᠲᠠᠬᠤ ᠪᠠ ᠬᠢᠴᠢᠶᠡᠯ᠎ᠤᠨ ᠳᠠᠷᠠᠭᠠᠬᠢ ᠬᠠᠪᠰᠤᠷᠤᠨ ᠵᠢᠯᠤᠭᠤᠳᠤᠯᠭ᠎ᠠ᠎ᠪᠠᠨ ᠴᠢᠩᠭᠠᠳᠭᠠᠪᠠ᠃ ᠭᠤᠤᠯ ᠰᠡᠳᠦᠪᠲᠦ᠍ ᠶᠠᠷᠢᠶ᠎ᠠ ᠢᠯᠡᠳᠬᠡᠯ᠂ ᠬᠤᠤᠰ ᠬᠡᠯᠡᠨ᠎ᠤ ᠤᠷᠠᠨ ᠤᠩᠰᠢᠯᠭ᠎ᠠ᠂ ᠰᠤᠷᠭᠠᠭᠤᠯᠢ᠎ᠶ᠋ᠢᠨ ᠬᠤᠭᠤᠷᠤᠨᠳᠤᠬᠢ ᠨᠥᠬᠦᠷᠯᠡᠯ ᠵᠡᠷᠭᠡ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ 《ᠨᠣᠮ᠎ᠤᠨ ᠦᠨᠦᠷ ᠬᠠᠨᠭᠬᠤᠯᠤᠭᠰᠠᠨ ᠰᠤᠷᠭᠠᠭᠤᠯᠢ᠎ᠶ᠋ᠢᠨ ᠬᠦᠷᠢᠶ᠎ᠡ》᠂ ᠬᠢᠲᠠᠳ ᠦᠰᠦᠭ᠎ᠢ ᠵᠢᠷᠤᠮᠵᠢᠭᠤᠯᠤᠨ ᠪᠢᠴᠢᠬᠦ᠌ ᠤᠷᠤᠯᠳᠤᠭᠠᠨ᠂ 《ᠳᠡᠯᠭᠡᠷᠡᠭᠦᠯᠬᠦ ᠭᠠᠷᠠᠭ》 ᠵᠡᠷᠭᠡ ᠠᠵᠢᠯᠯᠠᠭ᠎ᠠ᠎ᠶ᠋ᠢ ᠪᠠᠶ᠋ᠢᠩᠭᠤ ᠥᠷᠨᠢᠭᠦᠯᠵᠦ᠍᠂ 《ᠬᠥᠮᠦᠨ ᠪᠦᠬᠦᠨ ᠨᠡᠶ᠋ᠢᠲᠡᠯᠢᠭ ᠬᠡᠯᠡ᠎ᠶ᠋ᠢ ᠰᠤᠷᠬᠤ᠂ ᠬᠥᠮᠦᠨ ᠪᠦᠬᠦᠨ ᠳᠦᠷᠢᠮᠵᠢᠭᠰᠡᠨ ᠦᠰᠦᠭ ᠪᠢᠴᠢᠬᠦ》 ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠪᠠ᠃ ᠡᠨᠡ ᠵᠢᠯ᠎ᠤᠨ 7 ᠰᠠᠷ᠎ᠠ᠎ᠳᠤ᠂ ᠪᠥᠬᠦ᠌ ᠣᠷᠤᠨ᠎ᠤ 《ᠡᠷᠲᠡᠨ ᠡᠳᠦᠭᠡ᠎ᠶ᠋ᠢᠨ ᠰᠣᠩᠭᠤᠳᠠᠭ ᠵᠣᠬᠢᠶᠠᠯ᠎ᠢ ᠤᠯᠠᠮᠵᠢᠯᠠᠨ ᠤᠩᠰᠢᠵᠤ᠂ ᠳᠤᠮᠳᠠᠳᠤ᠎ᠶ᠋ᠢᠨ ᠰᠣᠶᠤᠯ᠎ᠢ ᠤᠯᠠᠮᠵᠢᠯᠠᠬᠤ》 ᠰᠣᠯᠢᠯᠴᠠᠭᠠᠨ᠎ᠤ ᠠᠵᠢᠯᠯᠠᠭ᠎ᠠ ᠵᠢᠴᠢ 《ᠨᠠᠮ᠎ᠤᠨ ᠠᠴᠢ᠎ᠶ᠋ᠢ ᠮᠠᠭᠲᠠᠨ ᠳᠠᠭᠤᠯᠠᠵᠤ ᠡᠬᠡ ᠤᠯᠤᠰ᠎ᠢᠶᠠᠨ ᠬᠠᠶ᠋ᠢᠷᠠᠯᠠᠵᠤ ᠨᠤᠲᠤᠭ ᠤᠰᠤ᠎ᠪᠠᠨ ᠮᠠᠭᠲᠠᠨ ᠳᠠᠭᠤᠯᠠᠶ᠎ᠠ》 ᠭᠡᠬᠦ ᠠᠷᠪᠠᠨ ᠨᠢᠭᠡᠳᠦᠭᠡᠷ ᠬᠤᠭᠤᠴᠠᠭᠠᠨ᠎ᠤ ᠪᠥᠬᠦ᠌ ᠣᠷᠤᠨ᠎ᠤ ᠪᠠᠭᠠᠴᠤᠳ ᠬᠡᠦᠬᠡᠳ᠎ᠤᠨ ᠰᠢᠯᠦᠭ ᠳᠠᠭᠤᠤ ᠤᠷᠠᠨ ᠤᠩᠰᠢᠯᠭ᠎ᠠ᠎ᠶ᠋ᠢᠨ ᠠᠵᠢᠯᠯᠠᠭ᠎ᠠ ᠶᠠᠪᠤᠭᠳᠠᠵᠤ᠂ ᠯᠢᠨᠳᠦ᠋ᠩ᠎ᠤᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠬᠤᠶᠠᠷ ᠰᠤᠷᠤᠭᠴᠢ ᠥᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠳᠤᠭᠤᠶ᠋ᠢᠯᠠᠩ᠎ᠤᠨ ᠨᠢᠭᠡᠳᠦᠭᠡᠷ ᠳᠡᠰ᠎ᠤᠨ ᠱᠠᠩᠨᠠᠯ᠎ᠢ ᠬᠦᠷᠲᠡᠪᠡ᠃
ᠦᠷᠭᠦᠯᠵᠢᠯᠡᠨ ᠴᠢᠷᠮᠠᠶ᠋ᠢᠬᠤ᠎ᠪᠠᠷ ᠳᠠᠮᠵᠢᠨ᠂ ᠪᠠᠭᠠᠷᠢᠨ ᠵᠡᠭᠦᠨ ᠬᠤᠰᠢᠭᠤᠨ᠎ᠤ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠢᠯᠡᠳᠲᠡ ᠳᠡᠭᠡᠭᠰᠢᠯᠡᠵᠡᠢ᠃ ᠤᠤᠯ᠎ᠤᠨ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ᠍ ᠪᠠᠶ᠋ᠢᠭᠰᠠᠨ ᠰᠤᠷᠭᠠᠭᠤᠯᠢ᠎ᠶ᠋ᠢᠨ ᠰᠤᠷᠤᠭᠴᠢᠳ᠎ᠤᠨ ᠬᠢᠷᠢ ᠪᠦᠲᠦᠮᠵᠢ ᠬᠢᠭᠡᠳ ᠡᠩ᠎ᠤᠨ ᠰᠤᠷᠭᠠᠭᠤᠯᠢ᠎ᠶ᠋ᠢᠨ ᠵᠥᠷᠢᠶ᠎ᠡ ᠢᠯᠡᠳᠲᠡ ᠪᠠᠭᠠᠰᠴᠤ᠌᠂ ᠬᠡᠰᠡᠭ ᠰᠤᠷᠭᠠᠭᠤᠯᠢ᠎ᠶ᠋ᠢᠨ ᠬᠡᠯᠡ ᠪᠢᠴᠢᠭ᠎ᠤᠨ ᠬᠢᠷᠢ ᠪᠦᠲᠦᠮᠵᠢ ᠨᠢᠭᠡᠨᠲᠡ ᠠᠳᠠᠯᠢᠬᠠᠨ ᠬᠢᠷᠢ ᠲᠦᠪᠰᠢᠨ᠎ᠳᠤ ᠬᠦᠷᠦᠭᠰᠡᠨ ᠪᠠᠶ᠋ᠢᠨ᠎ᠠ᠃ 2026 ᠣᠨ᠎ᠤ ᠶᠡᠬᠡ ᠳᠡᠭᠡᠳᠦ ᠰᠤᠷᠭᠠᠭᠤᠯᠢ᠎ᠵᠢᠨ ᠰᠣᠷᠤᠭᠴᠢ ᠡᠯᠰᠡᠬᠦ᠌ ᠨᠢᠭᠡᠳᠦᠯᠲᠡᠢ ᠰᠢᠯᠭᠠᠯᠲᠠ᠎ᠳᠤ ᠯᠢᠨᠳᠦ᠋ᠩ᠎ᠤᠨ ᠬᠤᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠹᠢᠽᠢᠺ᠎ᠦᠨ ᠴᠢᠭᠯᠡᠯ᠎ᠦᠨ ᠬᠠᠮᠤᠭ᠎ᠤᠨ ᠥᠨᠳᠦᠷ ᠬᠤᠪᠢ᠎ᠨᠢ 573 ᠬᠤᠪᠢ ᠪᠠᠶ᠋ᠢᠵᠤ᠂ ᠵᠢᠩᠬᠢᠨᠢ ᠠᠩᠭᠢ᠎ᠶ᠋ᠢᠨ ᠬᠤᠪᠢ ᠳ᠋ᠤ ᠬᠦᠷᠦᠭᠰᠡᠨ ᠨᠤᠷᠮ᠎ᠠ ᠨᠢ 66.67%᠎ᠳᠤ ᠬᠦᠷᠴᠦ᠂ ᠤᠤᠯ᠎ᠤᠨ ᠲᠥᠯᠦᠪᠯᠡᠭᠡ᠎ᠡᠴᠡ ᠵᠠᠭᠤᠨ᠎ᠤ ᠬᠠᠷᠢᠴᠠᠯ ᠵᠢᠠᠷ 6 ᠬᠤᠪᠢ ᠳᠡᠭᠡᠭᠰᠢᠯᠡᠵᠦ᠍᠂ ᠤᠯᠠᠭᠠᠨᠬᠠᠳᠠ ᠬᠤᠲᠠ᠎ᠶ᠋ᠢᠨ ᠬᠤᠰᠢᠭᠤ ᠰᠢᠶᠠᠨ ᠲᠣᠭᠤᠷᠢᠭ᠎ᠤᠨ ᠠᠳᠠᠯᠢ ᠲᠥᠷᠦᠯ᠎ᠤᠨ ᠰᠤᠷᠭᠠᠭᠤᠯᠢ᠎ᠶ᠋ᠢᠨ ᠡᠮᠦᠨ᠎ᠡ ᠡᠩᠨᠡᠭᠡᠨ᠎ᠳᠤ ᠣᠷᠤᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃