2023-09-06 16:52:09
— ᠦᠶᠡᠷ᠎ᠦᠨ ᠳᠤᠮᠳᠠ ᠠᠬᠠᠮᠠᠳ ᠨᠠᠮ᠎ᠤᠨ ᠭᠡᠱᠢᠭᠦᠨ ᠲᠣᠰᠭᠣᠨ᠎ᠤ ᠠᠷᠠᠳ᠎ᠢ ᠬᠥᠭᠥᠷᠭᠡ᠎ᠶ᠋ᠢᠨ ᠡᠰᠡᠷᠭᠦ᠌ ᠲᠠᠯ᠎ᠠ᠎ᠳᠤ ᠠᠮᠵᠢᠯᠲᠠ ᠲᠠᠢ ᠪᠡᠷ ᠬᠦᠷᠭᠡᠭ᠌ᠰᠡᠨ ᠪᠣᠯᠪᠠᠴᠤ᠌ ᠥᠪᠡᠷ᠎ᠢ᠎ᠪᠡᠨ ᠦᠷᠡᠭ᠌ᠳᠡᠭᠦᠯᠵᠡᠢ᠂ ᠡᠨᠡ ᠨᠢ ᠶᠠᠭ ᠯᠠ ᠦᠬᠦᠯᠢ ᠳᠠᠪᠠᠭ᠍ᠰᠠᠨ ᠠᠮᠢ ᠨᠠᠰᠤᠨ᠎ᠤ ᠬᠥᠭᠥᠷᠭᠡ ᠱᠢᠭ᠂ ᠲᠡᠢᠮᠦ᠍ ᠪᠢᠰᠢ ᠤᠤ?
— ᠪᠠᠭ᠍ᠰᠢ ᠡ᠂ ᠪᠠᠰᠠ ᠠᠶᠤᠯ ᠲᠦᠭ᠌ᠰᠢᠭᠦᠷᠢᠲᠡᠶ ᠴᠠᠭ ᠮᠥᠴᠡ᠎ᠳᠦ ᠲᠣᠰᠭᠣᠨ᠎ᠤ ᠠᠷᠠᠳ᠎ᠲᠤ ᠠᠮᠢᠵᠢᠷᠠᠯ᠎ᠤᠨ ᠬᠦᠴᠦᠨ ᠣᠯᠭᠣᠭᠰᠠᠨ ᠬᠦᠰᠡᠯ ᠡᠷᠡᠮᠡᠯᠵᠡᠯ᠎ᠦᠨ ᠬᠥᠭᠥᠷᠭᠡ ᠭᠡᠵᠦ ᠪᠣᠯᠤᠨ᠎ᠠ!
ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠮᠡᠭ᠌ᠴᠡ᠂ ᠤᠯᠠᠭᠠᠨᠬᠠᠳᠠ᠎ᠶ᠋ᠢᠨ ᠱᠢᠨ᠎ᠡ ᠬᠣᠲᠠᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠳᠦᠷᠪᠡᠳᠦᠭᠡᠷ ᠣᠨ᠎ᠤ ᠨᠢᠭᠡᠳᠦᠭᠡᠷ ᠠᠩᠭᠢ᠎ᠳᠤ ᠬᠡᠯᠡ ᠪᠢᠴᠢᠭ᠎ᠦᠨ ᠪᠠᠭ᠍ᠰᠢ ᠪᠤᠯᠤᠷ 《ᠬᠥᠭᠥᠷᠭᠡ》 ᠭᠡᠬᠦ ᠬᠢᠴᠢᠶᠡᠯ᠎ᠢ ᠲᠠᠢᠯᠪᠤᠷᠢᠯᠠᠵᠤ᠂ ᠰᠡᠳᠭᠢᠯ ᠬᠥᠳᠡᠯᠭᠡᠮ᠎ᠡ ᠥᠯᠢᠭᠡᠷ ᠦᠶ᠋ᠯᠡ ᠶᠠᠪᠤᠳᠠᠯ ᠨᠢ ᠰᠤᠷᠤᠭ᠍ᠴᠢᠳ᠎ᠤᠨ ᠠᠩᠬᠠᠷᠤᠯ᠎ᠢ ᠲᠠᠳᠠᠨ᠎ᠠ᠃ ᠬᠢᠴᠢᠶᠠᠯᠯᠡᠬᠥ ᠶᠠᠪᠤᠴᠠ᠎ᠳᠤ ᠰᠤᠷᠤᠭ᠍ᠴᠢᠳ ᠪᠢᠴᠢᠬᠠᠨ ᠭᠠᠷ᠎ᠢᠶᠠᠨ ᠡᠷᠭᠦᠵᠡᠭᠡᠨ ᠵᠠᠪᠳᠤᠨ ᠬᠠᠷᠢᠭᠤᠯᠬᠤ᠎ᠶ᠋ᠢ ᠬᠠᠷᠠᠭᠠᠳ ᠪᠤᠯᠤᠷ ᠪᠠᠭᠰᠢ᠎ᠶ᠋ᠢᠨ ᠴᠢᠷᠠᠶ᠎ᠳᠤ ᠢᠨᠢᠶᠡᠮᠰᠦᠭ᠌ᠯᠡᠯ ᠲᠤᠳᠤᠷᠠᠨ᠎ᠠ᠃ ᠲᠡᠷᠡ᠄ 《ᠪᠢᠳᠡ ᠵᠠᠩ ᠶᠠᠨ ᠬᠣᠩ ᠵᠡᠷᠭᠡ ᠪᠠᠭ᠍ᠰᠢ᠎ᠨᠠᠷ᠎ᠲᠠᠶ ᠬᠠᠮᠲᠤᠡᠭᠦᠳᠴᠦ ᠨᠡᠭᠡᠭᠡᠭᠰᠡᠨ ᠡᠨᠡ ᠬᠡᠳᠦᠨ ᠬᠢᠴᠢᠶᠡᠯ ᠬᠡᠸ᠋ᠬᠡᠳᠦᠳᠲᠦ᠍ ᠮᠠᠰᠢ ᠲᠠᠭᠠᠱᠢᠶᠠᠭᠳᠠᠵᠠᠢ᠃ ᠥᠨᠥᠳᠦᠷ ᠮᠠᠨ᠎ᠤ ᠠᠩᠭᠢ᠎ᠶ᠋ᠢᠨ ᠰᠤᠷᠤᠭ᠍ᠴᠢᠳ᠎ᠲᠤ ᠲᠤᠷᠰᠢᠨ ᠵᠢᠭᠠᠭᠰᠠᠨ ᠴᠢᠨᠢ ᠲᠠᠳᠠ ᠵᠣᠬᠢᠶᠠᠯ᠎ᠤᠨ ᠠᠭᠤᠯᠭ᠎ᠠ᠎ᠶ᠋ᠢ ᠣᠢᠯᠠᠭᠠᠭᠰᠠᠨ ᠵᠢᠡᠷ ᠪᠠᠷᠠᠬᠤ ᠦᠭᠡᠢ ᠬᠥᠭᠥᠷᠭᠡ᠎ᠶ᠋ᠢᠨ ᠲᠤᠬᠠᠶ ᠡᠢᠮᠦ᠍ ᠭᠦᠨᠵᠡᠭᠡᠶ ᠲᠠᠨᠢᠯᠲᠠ᠎ᠲᠠᠶ ᠪᠠᠢᠨ᠎ᠠ ᠭᠡᠵᠦ ᠪᠤᠳᠤᠵᠤ ᠣᠯᠤᠭ᠍ᠰᠠᠨ ᠥᠬᠡᠶ》 ᠭᠡᠵᠦ ᠰᠤᠷᠪᠤᠯᠵᠢᠯᠠᠭᠴᠢ᠎ᠳᠤ ᠶᠠᠷᠢᠨ᠎ᠠ᠃
ᠪᠤᠯᠤᠷᠤᠨ ᠬᠡᠯᠡᠳᠡᠭ ᠵᠠᠩ ᠶᠠᠨ ᠬᠣᠩ ᠪᠣᠯ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠣᠯᠠᠨ ᠤᠯᠤᠰ᠎ᠤᠨ ᠲᠤᠷᠱᠢᠯᠲᠠ᠎ᠶ᠋ᠢᠨ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠪᠤᠯᠤᠨ᠎ᠠ᠃ ᠵᠢᠯ᠎ᠦᠨ ᠡᠮᠦᠨ᠎ᠡ᠂ ᠵᠠᠩ ᠶᠠᠨ ᠬᠣᠩ ᠰᠤᠷᠭᠠᠭᠤᠯᠢ᠎ᠶ᠋ᠢᠨ ᠵᠢᠡᠨ ᠪᠤᠰᠤᠳ 2 ᠪᠠᠭ᠍ᠰᠢ ᠲᠠᠶ ᠬᠠᠮᠲᠤᠤᠯᠠᠭᠠᠨᠬᠠᠳᠠᠶ᠋ᠢᠨ ᠱᠢᠨ᠎ᠡ ᠬᠤᠳᠠ ᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠳᠤ ᠬᠦᠷᠴᠦ᠍ ᠰᠤᠷᠭᠠᠨ ᠬᠥᠮᠦᠵᠢᠯ᠎ᠢ ᠳᠡᠮᠵᠢᠵᠦ᠍᠂ ᠵᠢᠭᠠᠨ ᠰᠤᠷᠭᠠᠯᠲᠠ᠎ᠶ᠋ᠢᠨ ᠬᠠᠷᠠᠯᠲᠠ᠂ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ᠎ᠶ᠋ᠢ ᠬᠠᠪᠰᠤᠷᠤᠨ ᠲᠤᠬᠢᠷᠠᠭᠤᠯᠵᠤ᠂ 《ᠬᠥᠭᠥᠷᠭᠡ》᠂ 《ᠠᠯᠳᠠᠨ ᠥᠩᠭᠡᠲᠦ ᠵᠢᠭᠠᠰᠤᠨ ᠭᠣᠬ᠎ᠠ》 ᠵᠡᠷᠭᠡ ᠵᠢᠱ᠌ᠢᠢ᠎ᠡ ᠦᠵᠡᠭᠦᠯᠬᠦ᠌ ᠬᠢᠴᠢᠶᠡᠯ᠎ᠢ ᠨᠡᠭᠡᠭᠡᠵᠦ᠂ ᠰᠤᠷᠭᠠᠭᠤᠯᠢ᠎ᠶ᠋ᠢᠨ ᠪᠠᠭ᠍ᠰᠢ ᠨᠠᠷ᠎ᠲᠠᠶ ᠵᠢᠭᠠᠨ ᠰᠤᠷᠭᠠᠯᠲᠠ᠎ᠶ᠋ᠢᠨ ᠳᠤᠮᠳᠠ ᠲᠣᠬᠢᠶᠠᠯᠳᠤᠭ᠍ᠰᠠᠨ ᠠᠰᠠᠭᠤᠳᠠᠯ᠎ᠢ ᠵᠥᠪᠳᠡᠯᠴᠡᠵᠦ᠍᠂ ᠪᠠᠭ᠍ᠰᠢ ᠪᠣᠯᠤᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭ᠌ᠯᠡᠬᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠪᠦᠬᠦ᠌ ᠬᠦᠴᠦᠨᠢᠶᠡᠷᠬᠠᠮᠵᠢᠯᠴᠠᠵᠠᠢ᠃ 《ᠣᠯᠠᠨ᠎ᠤ ᠴᠢᠷᠮᠠᠢᠯᠭ᠎ᠠ᠎ᠪᠠᠷ ᠱᠢᠨ᠎ᠡ ᠬᠣᠲᠠ ᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠢᠯᠡᠳᠲᠡ ᠳᠡᠭᠡᠭ᠌ᠰᠢᠯᠡᠵᠦ᠍᠂ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠵᠢᠴᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠲᠦᠪᠱᠢᠨ ᠴᠦᠮ ᠮᠠᠰᠢ ᠶᠡᠬᠡ ᠳᠠᠪᠱᠢᠯᠲᠠ᠎ᠲᠠᠶ ᠪᠣᠯᠵᠣ᠂ ᠰᠤᠷᠤᠭ᠍ᠴᠢᠳ᠎ᠤᠨ ᠦᠭᠡ ᠬᠡᠯᠡᠨ᠎ᠦ ᠢᠯᠡᠳᠭᠡᠯ᠂ ᠦᠰᠦᠭ ᠪᠢᠴᠢᠯᠭᠡ᠂ ᠰᠡᠳᠭᠢᠬᠦᠶ᠎ᠶ᠋ᠢᠨ ᠴᠢᠳᠠᠪᠤᠷᠢ ᠴᠤ᠌ ᠢᠯᠡᠳᠲᠡ ᠳᠡᠭᠡᠭ᠌ᠰᠢᠯᠡᠨ᠂ ᠰᠤᠷᠤᠯᠴᠠᠬᠤ ᠤᠷᠮ᠎ᠠ ᠪᠠᠬ᠎ᠠ ᠪᠠ ᠢᠲᠡᠭᠡᠯ ᠵᠣᠷᠢᠭ ᠨᠢ ᠡᠳᠦᠷ ᠢᠷᠡᠬᠦᠶ᠎ᠡ ᠨᠡᠮᠡᠭ᠌ᠳᠡᠵᠦ᠍ ᠪᠠᠢᠨ᠎ᠠ》 ᠭᠡᠵᠦ᠍ ᠵᠠᠩ ᠶᠠᠨ ᠬᠣᠩ ᠬᠡᠯᠡᠪᠡ᠃
2022 ᠣᠨ᠎ᠤ 6 ᠰᠠᠷ᠎ᠠ᠎ᠳᠤ᠂ ᠤᠤᠯ ᠳᠠᠭᠠᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠭᠦᠨᠵᠡᠭᠡᠶ ᠠᠬᠢᠭᠤᠯᠬᠤ᠎ᠶ᠋ᠢᠨ ᠲᠥᠯᠥᠭᠡ᠂ ᠤᠯᠠᠭᠠᠨᠬᠠᠳᠠ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶ᠎ᠠ ᠬᠣᠲᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠪ᠂ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ ᠶ᠋ᠢᠨ ᠣᠯᠠᠨ ᠤᠯᠤᠰ᠎ᠤᠨ ᠲᠤᠷᠱᠢᠯᠲᠠ᠎ᠶ᠋ᠢᠨ ᠰᠤᠷᠭᠠᠭᠤᠯᠢ ᠪᠠ ᠤᠯᠠᠭᠠᠨᠬᠠᠳᠠ᠎ᠶ᠋ᠢᠨ ᠱᠢᠨ᠎ᠡ ᠬᠣᠲᠠ ᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢ ᠵᠣᠬᠢᠶᠠᠨ ᠪᠠᠢᠭᠤᠯᠤᠭᠠᠳ ᠰᠤᠳᠤᠯᠭᠠᠨ᠎ᠤ ᠰᠡᠳᠦᠪ᠎ᠦᠨ ᠲᠤᠷᠱᠢᠯᠲᠠ ᠬᠢᠭᠰᠡᠨ ᠪᠠᠢᠨ᠎ᠠ᠃ ᠬᠣᠲᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠪ᠎ᠦᠨ ᠪᠠᠭ᠎ᠠ ᠰᠤᠷᠭᠠᠭᠤᠯᠢ᠎ᠶ᠋ᠢᠨ ᠵᠢᠭᠠᠨ ᠰᠤᠷᠭᠠᠯᠲᠠ ᠵᠢᠨ ᠰᠤᠲᠤᠯᠭᠠᠨ ᠦ ᠵᠢᠭᠠᠬᠤ ᠶᠢ ᠰᠤᠳᠤᠯᠤᠭ᠍ᠴᠢ ᠲᠤᠰᠭᠠᠶ ᠮᠡᠷᠭᠡᠵᠢᠯ᠎ᠢᠶᠡᠷ ᠬᠥᠲᠥᠯᠦᠨ ᠵᠢᠯᠣᠭᠣᠳᠭᠤ᠎ᠶ᠋ᠢ ᠬᠠᠷᠢᠭᠤᠴᠠᠵᠤ᠂ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠣᠯᠠᠨ ᠤᠯᠤᠰ᠎ᠤᠨ ᠲᠤᠷᠱᠢᠯᠲᠠ᠎ᠶ᠋ᠢᠨ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠢ ᠳᠡᠮᠵᠢᠬᠦ᠌ 3 ᠪᠠᠭ᠍ᠰᠢ ᠲᠤᠬᠠᠶ᠎ᠶ᠋ᠢᠨ ᠭᠠᠵᠠᠷ᠎ᠲᠤᠨᠢ ᠰᠡᠳᠦᠪ᠎ᠦᠨ ᠵᠢᠯᠣᠭᠣᠳᠣᠯᠭ᠎ᠠ ᠬᠢᠵᠦ᠍᠂ ᠤᠯᠠᠭᠠᠨᠬᠠᠳᠠ᠎ᠶ᠋ᠢᠨ ᠱᠢᠨ᠎ᠡ ᠬᠣᠲᠠ ᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠭᠣᠸ᠋ᠯᠯᠠᠭ᠍ᠴᠢ ᠪᠠᠭ᠍ᠰᠢ᠎ᠨᠠᠷ ᠰᠡᠳᠦᠪ᠎ᠦᠨ ᠲᠤᠷᠱᠢᠯᠲᠠ᠎ᠶ᠋ᠢ ᠪᠣᠳᠠᠲᠠᠶ ᠥᠷᠨᠢᠭᠦᠯᠵᠦ᠍᠂ ᠭᠤᠷᠪᠠᠨ ᠲᠠᠯ᠎ᠠ ᠪᠡᠷ ᠵᠢᠡᠨ ᠬᠦᠴᠦ᠍᠎ᠪᠡᠨ ᠬᠠᠮᠲᠤᠳᠭᠠᠨ ᠠᠵᠢᠯᠯᠠᠵᠤ᠂ ᠰᠡᠳᠦᠪ᠎ᠦᠨ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌᠎ᠪᠡᠷ ᠴᠢᠷᠮᠠᠢᠵᠠᠢ᠃ 《ᠱᠢᠨ᠎ᠡ ᠬᠣᠲᠠ ᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠨᠠᠷ ᠬᠡᠳᠦᠢᠪᠡᠷ ᠲᠤᠰᠭᠠᠶ ᠮᠡᠷᠭᠡᠵᠢᠯ᠎ᠦᠨ ᠴᠢᠳᠠᠪᠤᠷᠢ᠎ᠪᠠᠷ ᠨᠡᠯᠢᠶᠡᠳ ᠴᠢᠩᠭ᠎ᠠ ᠪᠣᠯᠪᠠᠴᠤ᠌ ᠱᠢᠨ᠎ᠡ ᠬᠢᠴᠢᠶᠡᠯ᠎ᠦᠨ ᠣᠢᠯᠠᠭᠠᠭ᠍ᠳᠠᠬᠤᠨ᠎ᠢ ᠣᠢᠯᠠᠭᠠᠬᠤ ᠪᠠ ᠰᠤᠷᠤᠯᠴᠠᠬᠤ ᠲᠠᠯ᠎ᠠ᠎ᠪᠠᠷ ᠪᠠᠭᠤᠷᠠᠶ ᠪᠠᠢᠵᠤ᠂ ᠬᠢᠴᠢᠶᠡᠯ᠎ᠦᠨ ᠲᠠᠩᠬᠢᠮ᠎ᠤᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠴᠢᠩᠭᠠᠳᠭᠠᠬᠤ ᠵᠢᠴᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠬᠤ᠎ᠶ᠋ᠢ ᠪᠢᠳᠡ ᠣᠯᠵᠤ ᠮᠡᠳᠡᠵᠡᠶ》 ᠭᠡᠵᠦ᠍ ᠤᠯᠠᠭᠠᠨᠬᠠᠳᠠ ᠬᠤᠳᠠ᠎ᠶ᠋ᠢᠨ ᠰᠤᠷᠭᠠᠨ ᠬᠥᠮᠦᠵᠢᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠪ᠎ᠦᠨ ᠵᠢᠭᠠᠬᠤ ᠶᠢ ᠰᠤᠳᠤᠯᠤᠭ᠍ᠴᠢ ᠳ᠋ᠧᠦ ᠱᠢᠶᠤᠤ ᠵᠢᠤᠸᠠᠨ ᠶᠠᠷᠢᠨ᠎ᠠ᠃
ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠵᠢᠭᠠᠬᠤ᠎ᠶᠢ ᠰᠤᠳᠤᠯᠤᠭ᠍ᠴᠢ ᠴᠡᠭ᠎ᠲᠦ ᠰᠠᠭᠤᠵᠤ ᠰᠤᠷᠭᠠᠭᠤᠯᠢ᠎ᠳᠤ ᠰᠠᠭᠤᠬᠤ ᠬᠡᠯᠪᠡᠷᠢ᠎ᠪᠡᠷ ᠰᠠᠷ᠎ᠠ ᠪᠦᠷᠢ ᠨᠢᠭᠡ ᠭᠠᠷᠠᠭ ᠬᠢᠴᠢᠶᠡᠯ᠎ᠦᠨ ᠲᠠᠩᠬᠢᠮ᠎ᠳᠤ ᠭᠦᠨᠵᠡᠭᠡᠢᠷᠡᠨ ᠬᠠᠮᠲᠤ ᠪᠠᠷ ᠬᠢᠴᠢᠶᠡᠯ ᠪᠡᠯᠡᠳᠭᠡᠬᠦ᠌᠂ ᠬᠠᠷᠢᠯᠴᠠᠨ ᠵᠢᠭᠠᠵᠤ ᠡᠭᠡᠯᠵᠢᠯᠡᠨ ᠰᠣᠨᠣᠰᠭᠤ ᠵᠡᠷᠭᠡ ᠵᠢᠭᠠᠨ ᠰᠤᠷᠭᠠᠯᠲᠠ ᠵᠢᠨ ᠰᠤᠳᠤᠯᠭᠠᠨ᠎ᠤ ᠠᠵᠢᠯᠯᠠᠭ᠎ᠠ ᠵᠢ ᠥᠷᠨᠢᠭᠦᠯᠵᠦ᠍᠂ ᠬᠢᠴᠢᠶᠡᠯ᠎ᠦᠨ ᠲᠠᠩᠬᠢᠮ᠎ᠳᠠᠬᠢ ᠰᠤᠷᠤᠭ᠍ᠴᠢᠳ᠎ᠤᠨ ᠠᠰᠠᠭᠤᠯᠲᠠ ᠳᠤᠷᠠᠳᠭᠤ ᠪᠠ ᠴᠠᠭ ᠲᠤᠬᠠᠶ᠎ᠳᠤᠨᠢ ᠦᠨᠡᠯᠡᠬᠦ᠌᠎ᠶ᠋ᠢ ᠭᠣᠸ᠋ᠯᠳᠠᠯᠭ᠎ᠠ᠎ᠲᠠᠶ ᠵᠢᠯᠣᠭᠣᠳᠪᠠ; ᠰᠤᠷᠭᠠᠨ ᠬᠥᠮᠦᠵᠢᠯ᠎ᠢ ᠳᠡᠮᠵᠢᠬᠦ᠌ ᠪᠠᠭ᠍ᠰᠢ᠎ᠡᠴᠡ ᠲᠤᠷᠱᠢᠯᠲᠠ᠎ᠶ᠋ᠢᠨ ᠪᠠᠭ᠍ᠰᠢ᠎ᠶ᠋ᠢ ᠵᠢᠭᠠᠨ ᠵᠢᠯᠣᠭᠣᠳᠴᠤ᠌᠂ ᠬᠢᠴᠢᠶᠡᠯ᠎ᠦᠨ ᠲᠠᠩᠬᠢᠮ᠎ᠤᠨ ᠰᠣᠨᠢᠷᠬᠠᠯᠲᠤ ᠴᠢᠨᠠᠷ᠎ᠢ ᠨᠡᠮᠡᠭ᠌ᠳᠡᠭᠦᠯᠬᠦ᠂ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠪᠠᠶᠠᠯᠢᠭ᠍ᠵᠢᠭᠤᠯᠬᠤ᠂ ᠦᠵᠡᠭᠦᠯᠭᠡ᠎ᠶ᠋ᠢᠨ ᠲᠠᠪᠴᠠᠩ ᠬᠠᠩᠭᠠᠬᠤ ᠵᠡᠷᠭᠡ ᠠᠷᠭ᠎ᠠ ᠬᠡᠯᠪᠡᠷᠢ᠎ᠪᠡᠷ ᠰᠤᠷᠤᠭ᠍ᠴᠢᠳ᠎ᠤᠨ ᠰᠤᠷᠤᠯᠴᠠᠬᠤ ᠢᠳᠡᠪᠬᠢᠵᠢᠯ᠎ᠢ ᠲᠠᠢ᠌ᠴᠢᠯᠠᠪᠠ; ᠱᠢᠯᠢᠳᠡᠭ ᠪᠠᠭ᠍ᠰᠢ᠎ᠶ᠋ᠢ ᠰᠣᠩᠭᠣᠨ ᠵᠧᠵᠢᠶᠠᠩ᠎ᠳᠤ ᠲᠣᠮᠢᠯᠠᠵᠤ᠂ 《ᠪᠥᠬᠥ᠌ ᠤᠯᠤᠰ᠎ᠤᠨ ᠨᠠᠷᠠᠲᠤ ᠪᠠᠭ᠍ᠰᠢ᠎ᠶ᠋ᠢᠨ ᠠᠵᠢᠯᠯᠠᠬᠤ ᠲᠠᠰᠤᠭ᠎ᠤᠨ ᠣᠨ᠎ᠤ ᠬᠤᠷᠠᠯ》᠎ᠤ᠋ᠨ ᠠᠵᠢᠯᠯᠠᠭ᠎ᠠ᠎ᠳᠤ ᠣᠷᠣᠯᠴᠠᠭᠤᠯᠵᠤ᠂ ᠲᠤᠰᠭᠠᠶ ᠮᠡᠷᠭᠡᠵᠢᠯᠲᠡᠨ᠎ᠦ ᠪᠦᠯᠬᠦᠮ᠎ᠢ ᠤᠷᠢᠵᠤ ᠤᠯᠠᠭᠠᠨᠬᠠᠳᠠ᠎ᠳᠤ 《ᠱᠢᠨ᠎ᠡ ᠬᠢᠴᠢᠶᠡᠯ᠎ᠦᠨ ᠪᠠᠷᠢᠮᠵᠢᠶ᠎ᠠ ᠪᠡᠷ 〈ᠵᠢᠭᠠᠨ ᠰᠤᠷᠭᠠᠯᠲᠠ᠎ᠶ᠋ᠢᠨ ᠦᠨᠡᠯᠡᠯᠲᠡ᠎ᠶ᠋ᠢ ᠨᠢᠭᠡ ᠴᠤᠭ᠍ᠴᠠᠵᠢᠭᠤᠯᠬᠤ〉 ᠠᠷᠭ᠎ᠠ ᠪᠣᠳᠣᠯᠭ᠎ᠠ᠎ᠶ᠋ᠢ ᠬᠡᠷᠡᠭ᠌ᠵᠢᠭᠦᠯᠬᠦ᠌》 ᠪᠣᠯᠪᠠᠰᠤᠷᠠᠯ ᠥᠷᠨᠢᠭᠦᠯᠪᠡ; 《ᠰᠤᠷᠭᠠᠨ ᠬᠥᠮᠦᠵᠢᠯ᠎ᠢ ᠬᠦᠷᠭᠡᠬᠦ᠌》 ᠠᠵᠢᠯᠯᠠᠭ᠎ᠠ᠎ᠶ᠋ᠢ ᠨᠠᠷᠢᠨ ᠨᠢᠮᠪᠠᠶ ᠲᠥᠯᠥᠪᠯᠡᠵᠦ᠍᠂ ᠡᠯ᠎ᠡ ᠬᠡᠯᠪᠡᠷᠢ ᠵᠢᠨ ᠬᠢᠴᠢᠶᠡᠯ᠂ ᠣᠨᠳᠣᠸ᠋ ᠪᠦᠲᠦᠴᠡ᠎ᠲᠡᠶ ᠠᠳᠠᠯᠢ ᠬᠢᠴᠢᠶᠡᠯ᠎ᠢ ᠰᠣᠯᠢᠯᠴᠠᠨ ᠳᠡᠯᠭᠡᠨ ᠦᠵᠡᠭᠦᠯᠵᠦ᠍᠂ ᠪᠠᠭ᠍ᠰᠢ᠎ᠶ᠋ᠢᠨ ᠬᠠᠷᠢᠴᠠᠭᠤᠯᠤᠨ ᠵᠠᠳᠠᠯᠬᠤ ᠶᠠᠪᠤᠴᠠ᠎ᠳᠤ ᠦᠪᠡᠷ᠎ᠢ ᠪᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠪᠠ; ᠰᠤᠷᠭᠠᠨ ᠬᠥᠮᠦᠵᠢᠯ᠎ᠢ ᠳᠡᠮᠵᠢᠬᠦ᠌ ᠪᠠᠭ᠍ᠰᠢ᠎ᠶ᠋ᠢ ᠵᠣᠬᠢᠶᠠᠨ ᠪᠠᠢᠭᠤᠯᠵᠦ ᠶᠠᠷᠢᠶ᠎ᠠ ᠲᠠᠯᠪᠢᠬᠤ ᠤᠷ᠎ᠠ ᠮᠡᠷᠭᠡᠵᠢᠯ᠂ ᠠᠩᠭᠯᠢ ᠬᠡᠯᠡᠨ᠎ᠦ ᠤᠷᠠᠨ ᠤᠩᠱᠢᠯᠭ᠎ᠠ᠂ ᠰᠣᠨᠢᠷᠬᠠᠯᠲᠤ ᠲᠣᠭᠠᠨ᠎ᠤ ᠤᠬᠠᠭᠠᠨ᠂ ᠲᠣᠭᠠᠨ᠎ᠤ ᠱᠢᠳᠢᠲᠦ ᠳᠥᠷᠪᠡᠯᠵᠢᠨ ᠵᠡᠷᠭᠡ ᠰᠤᠷᠭᠠᠭᠤᠯᠢ᠎ᠶ᠋ᠢᠨ ᠬᠢᠴᠢᠶᠡᠯ᠎ᠢ ᠨᠡᠭᠡᠭᠡᠨ᠂ ᠰᠤᠷᠤᠭ᠍ᠴᠢᠳ᠎ᠤᠨ ᠳᠤᠷ᠎ᠠ ᠰᠣᠨᠢᠷᠬᠠᠯ᠎ᠢ ᠳᠡᠭᠡᠭ᠌ᠰᠢᠯᠡᠭᠦᠯᠵᠡᠢ᠃ ᠵᠢᠯ ᠭᠠᠷᠤᠢ᠎ᠶ᠋ᠢᠨ ᠲᠤᠷᠱᠢᠯᠲᠠ ᠪᠠ ᠰᠦᠪᠡᠭ᠌ᠴᠢᠯᠡᠯᠲᠡ ᠪᠡᠷ ᠲᠠᠮᠵᠢᠭᠤᠯᠤᠨ ᠤᠯᠠᠭᠠᠨᠬᠠᠳᠠ᠎ᠶ᠋ᠢᠨ ᠱᠢᠨ᠎ᠡ ᠬᠤᠳᠠ ᠳ᠋ᠡᠬᠢ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠵᠢᠭᠠᠬᠤ ᠶᠢ ᠰᠤᠳᠤᠯᠬᠤ ᠠᠭᠤᠷ ᠠᠮᠢᠰᠭᠤᠯ ᠠᠭᠠᠵᠢᠮ᠎ᠢᠶᠠᠷ ᠪᠦᠷᠢᠯᠳᠦᠵᠦ᠍᠂ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠲᠦᠪᠱᠢᠨ ᠮᠡᠳᠡᠭ᠌ᠳᠡᠮ᠎ᠡ ᠳᠡᠭᠡᠭ᠌ᠰᠢᠯᠡᠭᠰᠡᠨ ᠪᠠᠢᠨ᠎ᠠ᠃《ᠪᠢ ᠣᠳᠣ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠶ᠋ᠢ ᠪᠦᠬᠦ᠌ ᠲᠠᠯ᠎ᠠ ᠪᠠᠷ ᠣᠨᠣᠪᠴᠢᠲᠠᠶ ᠵᠠᠳᠠᠯᠵᠤ ᠴᠢᠳᠠᠬᠤ ᠪᠣᠯᠤᠭ᠍ᠰᠠᠨ ᠪᠥᠭᠡᠳ ᠵᠢᠭᠠᠨ ᠰᠤᠷᠭᠠᠬᠤ ᠲᠣᠳᠣᠷᠬᠠᠶ ᠬᠠᠷᠠᠯᠲᠠ ᠲᠠᠶ ᠪᠣᠯᠵᠠᠶ᠃ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ ᠬᠢᠴᠢᠶᠡᠯ᠎ᠦᠨ ᠠᠭᠤᠯᠭ᠎ᠠ᠎ᠪᠠᠨ ᠴᠣᠮᠬᠠᠳᠭᠠᠵᠤ᠂ ᠰᠤᠷᠤᠭ᠍ᠴᠢᠳ᠎ᠤᠨ ᠬᠢᠴᠢᠶᠡᠯ᠎ᠦᠨ ᠲᠠᠩᠬᠢᠮ᠎ᠤᠨ ᠶᠠᠷᠢᠯᠴᠠᠭ᠎ᠠ᠎ᠳᠦ ᠣᠷᠣᠯᠴᠠᠬᠤ᠎ᠶ᠋ᠢ ᠵᠣᠷᠢᠭ᠍ᠵᠢᠭᠤᠯᠵᠤ᠂ ᠰᠣᠨᠣᠰᠭᠤ ᠶᠠᠷᠢᠬᠤ ᠤᠩᠱᠢᠬᠤ ᠪᠢᠴᠢᠬᠦ᠌ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠬᠥᠮᠦᠵᠢᠭᠦᠯᠦᠨ᠎ᠡ》 ᠭᠡᠵᠦ ᠪᠤᠯᠤᠷ ᠪᠠᠭᠰᠢ ᠢᠲᠡᠭᠡᠯ ᠳᠦᠭᠦᠷᠡᠩ ᠶᠠᠷᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃