ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-29 14:56:37

ᠵᠣᠬᠢᠶᠠᠭ᠍ᠴᠢ᠄ ᠱᠢᠶᠤᠤ ᠯᠦ᠍ ᠣᠩᠱᠢᠭ᠍ᠰᠠᠨ ᠣᠳᠠᠭ᠎ᠠ᠄ 3

《〈ᠪᠢ ᠨᠣᠮ ᠠᠳᠬᠤᠵᠤ ᠪᠠᠢᠨ᠎ᠠ〉᠃ 〈ᠪᠢ〉 ᠪᠣᠯ ᠥᠭᠦᠯᠡᠭ᠌ᠳᠡᠬᠦᠨ᠂ ᠥᠭᠦᠯᠡᠪᠦᠷᠢ᠎ᠶ᠋ᠢᠨ ᠭᠤᠤᠯ ᠴᠣᠭ᠍ᠴᠠ ᠮᠦᠨ᠃ 〈ᠠᠳᠬᠤᠵᠤ〉 ᠭᠡᠳᠡᠭ ᠨᠢ ᠥᠭᠦᠯᠡᠬᠦᠨ᠂ ᠥᠭᠦᠯᠡᠭ᠌ᠳᠡᠬᠦᠨ᠎ᠦ ᠬᠥᠳᠡᠯᠦᠯ ᠪᠤᠶᠤ ᠥᠭᠦᠯᠡᠭ᠌ᠳᠡᠬᠦᠨ᠎ᠦ ᠪᠠᠢᠳᠠᠯ᠎ᠤᠨ ᠲᠣᠳᠣᠷᠬᠠᠢᠯᠠᠯᠲᠠ ᠮᠦᠨ᠂ 〈ᠨᠣᠮ〉 ᠭᠡᠳᠡᠭ ᠨᠢ ᠲᠤᠰᠤᠭ᠍ᠳᠠᠬᠤᠨ᠂ ᠥᠭᠦᠯᠡᠬᠦᠨ᠎ᠦ ᠬᠦᠯᠢᠶᠡᠨ ᠠᠪᠤᠭ᠍ᠴᠢ ᠮᠥᠨ》᠃

ᠤᠯᠠᠭᠠᠨᠬᠠᠳᠠ ᠬᠤᠳᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠤ ᠳ᠋ᠠᠪᠠᠨ ᠤ᠋ ᠨᠢᠭᠡᠳᠦᠭᠡᠷ ᠳᠤᠮᠳᠠᠳᠤ ᠰᠤᠷᠭᠠᠭᠤᠯᠢ᠎ᠳᠤ᠂ ᠯᠢᠦ ᠱᠢᠶᠤᠤ ᠪᠥᠸᠧ ᠵᠠᠬᠢᠷᠤᠯ ᠬᠦᠩᠭᠢᠨᠡᠮ᠎ᠡ ᠬᠤᠭᠤᠯᠠᠢ ᠪᠡᠷ ᠮᠠᠰᠢ ᠢᠳᠡᠭᠡᠯ ᠲᠠᠢ ᠪᠡᠷ ᠰᠤᠷᠤᠭ᠍ᠴᠢᠳ᠎ᠲᠤ ᠬᠡᠯᠡ ᠪᠢᠴᠢᠭ᠎ᠦᠨ ᠬᠢᠴᠢᠶᠡᠯ ᠣᠷᠣᠵᠤ ᠪᠠᠢᠯ᠎ᠠ᠃ ᠲᠠᠢᠰᠠᠨ ᠳᠤᠤᠷ᠎ᠠ᠂ ᠰᠤᠷᠤᠭ᠍ᠴᠢᠳ ᠤᠷᠮ᠎ᠠ ᠪᠠᠬ᠎ᠠ ᠲᠠᠶ ᠪᠡᠷ ᠰᠣᠨᠣᠰᠴᠤ᠌᠂ ᠬᠢᠴᠢᠶᠡᠯ᠎ᠦᠨ ᠲᠠᠩᠬᠢᠮ᠎ᠤᠨ ᠠᠭᠤᠷ ᠠᠮᠢᠰᠭᠤᠯ ᠮᠠᠰᠢ ᠬᠥᠭ᠌ᠵᠢᠶᠡᠨ ᠲᠡᠢ ᠪᠠᠢᠯ᠎ᠠ᠃

2022 ᠣᠨ᠎ᠤ 3 ᠰᠠᠷ᠎ᠠ᠎ᠳᠤ᠂ ᠯᠢᠦ ᠱᠢᠶᠤᠤ ᠪᠥᠸᠧ ᠳ᠋ᠠᠪᠠᠨ ᠤ᠋ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠢᠷᠡᠵᠦ᠍ ᠰᠤᠷᠭᠠᠭᠤᠯᠢ᠎ᠶ᠋ᠢᠨ ᠵᠠᠬᠢᠷᠤᠯ᠎ᠤᠨ ᠲᠤᠱᠢᠶᠠᠯ᠎ᠢ ᠡᠭᠦᠷᠭᠡᠯᠡᠪᠡ᠂ ᠲᠡᠷᠡ ᠬᠡᠯᠡ ᠪᠢᠴᠢᠭ᠎ᠦᠨ ᠵᠢᠭᠠᠨ ᠰᠤᠷᠭᠠᠯᠲᠠ᠎ᠳᠤ ᠪᠠᠬᠠᠲᠠᠢ᠂ ᠢᠯᠠᠩᠭᠤᠶ᠎ᠠ ᠨᠡᠢᠲᠡᠯᠢᠭ ᠬᠡᠯᠡ᠎ᠶ᠋ᠢ ᠰᠤᠳᠤᠯᠤᠨ ᠳᠡᠯᠭᠡᠷᠡᠭᠦᠯᠬᠦ᠌ ᠠᠵᠢᠯ᠎ᠳᠤ ᠮᠠᠰᠢ ᠠᠩᠬᠠᠷᠤᠯ ᠲᠥᠪᠯᠡᠷᠡᠭᠦᠯᠵᠦ᠍ ᠪᠠᠢᠯ᠎ᠠ᠃ ᠲᠡᠷᠡ ᠬᠢᠴᠢᠶᠡᠯ ᠪᠣᠯᠭᠠᠨ᠎ᠢ ᠰᠡᠳᠭᠢᠯ ᠲᠠᠯᠪᠢᠨ ᠪᠡᠯᠡᠳᠭᠡᠵᠦ᠍᠂ ᠲᠡᠭᠦᠨ᠎ᠦ ᠵᠢᠯᠤᠭᠤᠳᠤᠯᠭ᠎ᠠ ᠳᠣᠣᠷ᠎ᠠ ᠰᠤᠷᠤᠭ᠍ᠴᠢᠳ ᠨᠠᠷᠢᠨ ᠬᠢᠨᠠᠮᠠᠭᠠᠢ ᠰᠣᠨᠣᠰᠴᠤ᠌᠂ ᠬᠠᠷᠢᠯᠴᠠᠨ ᠵᠠᠯᠠᠷᠠᠭᠤᠯᠵᠤ᠂ ᠲᠤᠯᠢ ᠪᠢᠴᠢᠭ ᠡᠷᠢᠬᠦ᠌ ᠰᠠᠢ᠌ᠨ ᠳᠠᠳᠭᠠᠯ ᠲᠠᠶ ᠪᠤᠯᠵᠤ᠂ ᠠᠭᠠᠵᠢᠮ᠎ᠢᠶᠠᠷ ᠰᠤᠷᠤᠭ᠍ᠴᠢᠳ᠎ᠤᠨ ᠦᠭᠡ ᠶᠠᠷᠢᠶ᠎ᠠ ᠪᠠᠷᠢᠮᠵᠢᠶ᠎ᠠ ᠪᠤᠯᠵᠤ᠂ ᠦᠰᠦᠭ ᠪᠢᠴᠢᠬᠦ᠌ ᠨᠢ ᠳᠦᠷᠢᠮᠵᠢᠵᠦ᠍᠂ ᠰᠤᠷᠤᠯᠴᠠᠬᠤ ᠤᠷᠮ᠎ᠠ ᠨᠢ ᠨᠡᠩ ᠥᠨᠳᠥᠷ ᠪᠣᠯᠪᠠ᠃

《ᠯᠢᠦ ᠪᠠᠭ᠍ᠰᠢ ᠶᠦᠮᠦᠷᠯᠢᠭ ᠱᠣᠭ᠍ᠲᠠᠶ᠂ ᠪᠢᠳᠡᠨ᠎ᠢ ᠨᠠᠢᠵᠠ ᠪᠠᠷ ᠦᠵᠡᠳᠡᠭ᠂ ᠣᠯᠠᠨ᠎ᠢᠶᠠᠷ᠎ᠢᠶᠠᠨ ᠬᠡᠯᠡ ᠪᠢᠴᠢᠭ᠎ᠦᠨ ᠬᠢᠴᠢᠶᠡᠯ ᠣᠷᠣᠬᠤ᠎ᠶ᠋ᠢ ᠮᠠᠰᠢ ᠬᠦᠰᠡᠳᠡᠭ》᠂ ᠥᠨᠳᠥᠷ ᠳᠤᠮᠳᠠᠳᠤ᠎ᠶ᠋ᠢᠨ ᠨᠢᠭᠡᠳᠦᠭᠡᠷ ᠣᠨ᠎ᠤ ᠳᠥᠷᠪᠡᠳᠦᠭᠡᠷ ᠠᠩᠭᠢ᠎ᠶ᠋ᠢᠨ ᠰᠤᠷᠤᠭ᠍ᠴᠢ ᠰᠢᠭᠤᠷᠭᠠᠨ᠂ ᠯᠢᠦ ᠵᠠᠬᠢᠷᠤᠯ ᠮᠠᠰᠢ ᠬᠦᠯᠢᠴᠡᠩᠭᠦᠢ ᠶᠤᠮ᠂ ᠰᠤᠷᠤᠭ᠍ᠴᠢᠳ ᠲᠤ᠌ ᠠᠰᠠᠭᠤᠳᠠᠯ ᠲᠤᠯᠭᠠᠷᠠᠪᠠᠯ ᠬᠠᠯᠠᠱᠢᠷᠠᠯ ᠦᠭᠡᠢ ᠬᠠᠷᠢᠭᠤᠯᠵᠤ ᠦᠭᠭᠦᠨ᠎ᠠ᠂ ᠪᠠᠰᠠ ᠦᠷᠭᠦᠯᠵᠢ ᠨᠢᠭᠡ᠎ᠡᠴᠡ ᠨᠦᠬᠦᠭᠡ᠎ᠶ᠋ᠢ ᠵᠦᠢᠴᠢᠯᠡᠨ ᠮᠡᠳᠡᠵᠤ᠂ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠡᠵᠡᠮᠱᠢᠭᠦᠯᠳᠡᠭ ᠭᠡᠵᠤ ᠬᠡᠯᠡᠪᠡ᠃

ᠰᠤᠷᠭᠠᠭᠤᠯᠢ᠎ᠶ᠋ᠢᠨ ᠬᠦᠷᠢᠶᠡᠨ᠎ᠳᠦ ᠨᠠᠩ ᠰᠠᠢᠲᠤᠷ ᠠᠭᠤᠰᠤᠯᠴᠠᠬᠤ᠎ᠶ᠋ᠢᠨ ᠲᠥᠯᠥᠭᠡ᠂ ᠯᠢᠦ ᠱᠢᠶᠤᠤ ᠪᠥᠸᠧ ᠬᠢᠴᠢᠶᠡᠯ᠎ᠦᠨ ᠴᠢᠯᠥᠭᠡ ᠵᠠᠪ᠎ᠢᠶᠠᠷ᠎ᠢᠶᠠᠨ ᠮᠣᠩᠭᠣᠯ ᠬᠡᠯᠡ ᠰᠤᠷᠬᠤ᠎ᠶ᠋ᠢ ᠪᠠᠷᠢᠮᠲᠠᠯᠠᠵᠤ᠂ ᠰᠤᠷᠭᠠᠨ ᠬᠥᠮᠦᠵᠢᠯ᠎ᠢ ᠬᠠᠢᠷᠠᠯᠠᠬᠤ ᠪᠠ ᠦᠨᠳᠦᠰᠦᠲᠡᠨ᠎ᠦ ᠰᠣᠶᠣᠯ᠎ᠢ ᠬᠦᠨᠳᠦᠳᠭᠡᠬᠦ᠌ ᠰᠡᠳᠭᠢᠯᠭᠡ ᠵᠢ ᠡᠪᠦᠷᠯᠡᠨ ᠬᠡᠰᠡᠭ ᠬᠤᠭᠤᠴᠠᠭᠠᠨ᠎ᠤ ᠴᠢᠷᠮᠠᠢᠯᠭ᠎ᠠ ᠪᠠᠷ ᠳᠡᠮᠵᠢᠨ᠂ ᠨᠢᠭᠡᠨᠲᠡ ᠮᠣᠩᠭᠣᠯ ᠬᠡᠯᠡ ᠪᠡᠷ ᠪᠠᠭ᠍ᠰᠢ ᠰᠤᠷᠤᠭ᠍ᠴᠢᠳ ᠲᠠᠶ ᠲᠥᠬᠥᠮ ᠰᠣᠯᠢᠯᠴᠠᠭ᠎ᠠ ᠬᠢᠵᠦ᠍ ᠴᠢᠳᠠᠬᠤ ᠪᠣᠯᠵᠠᠶ᠃

《ᠯᠢᠦ ᠵᠠᠬᠢᠷᠤᠯ᠎ᠤᠨ ᠦᠭᠡ ᠬᠡᠯᠡᠨ᠎ᠦ ᠰᠤᠳᠤᠯᠭᠠᠨ᠎ᠤ ᠵᠣᠷᠢᠭ ᠰᠠᠨᠠᠭ᠎ᠠ᠎ᠶ᠋ᠢ ᠪᠢᠳᠡ ᠪᠢᠱᠢᠷᠡᠭᠦᠱᠢᠲᠡᠶ᠂ ᠲᠡᠭᠦᠨ᠎ᠦ ᠨᠥᠯᠥᠭᠡᠯᠡᠯ ᠳᠤᠤᠷ᠎ᠠ᠂ ᠰᠤᠷᠭᠠᠭᠤᠯᠢ᠎ᠶ᠋ᠢᠨ ᠮᠠᠰᠢ ᠣᠯᠠᠨ ᠪᠠᠭ᠍ᠰᠢ ᠨᠠᠷ ᠴᠤ᠌ ᠥᠪᠡᠷ᠎ᠦᠨ ᠰᠤᠷᠭᠠᠨ ᠬᠥᠮᠦᠵᠢᠯ᠎ᠦᠨ ᠣᠢᠯᠠᠭᠠᠭ᠍ᠳᠠᠬᠤᠨ ᠪᠠ ᠠᠷᠭ᠎ᠠ᠎ᠪᠠᠨ ᠲᠤᠩᠭᠠᠨ ᠪᠣᠳᠣᠯᠬᠢᠯᠠᠵᠤ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠰᠣᠶᠣᠯ᠎ᠤᠨ ᠠᠬᠤᠶ ᠤᠷᠴᠢᠨ ᠳ᠋ᠤ ᠦᠰᠦᠭᠰᠡᠨ ᠰᠤᠷᠤᠭ᠍ᠴᠢᠳ ᠲᠠᠶ ᠨᠠᠩ ᠰᠠᠢᠨ ᠬᠠᠷᠢᠯᠴᠠᠵᠤ ᠣᠢᠯᠠᠭᠠᠯᠴᠠᠬᠤ ᠠᠷᠭ᠎ᠠ ᠬᠡᠯᠪᠡᠷᠢ᠎ᠶ᠋ᠢ ᠢᠳᠡᠪᠬᠢᠲᠡᠶ ᠡᠷᠢᠯᠬᠢᠯᠡᠵᠦ᠍ ᠪᠠᠢᠨ᠎ᠠ》 ᠭᠡᠵᠦ᠍ ᠲᠣᠰ ᠰᠤᠷᠭᠠᠭᠤᠯᠢ᠎ᠶ᠋ᠢᠨ ᠵᠢᠭᠠᠨ ᠰᠤᠳᠤᠯᠬᠤ ᠲᠠᠰᠤᠭ᠎ᠤᠨ ᠡᠷᠬᠢᠯᠡᠭ᠌ᠴᠢ ᠴᠧᠨ ᠱᠢᠩ ᠬᠤᠸᠠ ᠬᠡᠯᠡᠪᠡ᠃

《〈ᠬᠥᠮᠦᠨ᠎ᠢᠶᠡᠷ ᠦᠨᠳᠦᠰᠦ ᠪᠣᠯᠭᠠᠬᠤ〉 ᠨᠢ ᠰᠤᠷᠭᠠᠭᠤᠯᠢ᠎ᠶ᠋ᠢᠨ ᠬᠦᠷᠢᠶᠡᠨ᠎ᠦ ᠵᠢᠭᠠᠨ ᠰᠤᠷᠭᠠᠯᠲᠠ᠎ᠳᠤ ᠮᠠᠰᠢ ᠴᠢᠬᠤᠯᠠ ᠪᠠᠢᠳᠠᠭ》᠂ ᠯᠢᠦ ᠱᠢᠶᠤᠤ ᠪᠥᠸᠧ᠂ ᠪᠠᠭ᠍ᠰᠢ ᠪᠣᠯᠤᠭ᠍ᠰᠠᠳ ᠰᠣᠷᠣᠭ᠍ᠴᠢ ᠨᠢᠭᠡᠪᠦᠷᠢ᠎ᠶ᠋ᠢᠨ ᠥᠪᠡᠷᠮᠢᠴᠡ ᠬᠥᠭ᠌ᠵᠢᠯᠲᠡ᠎ᠶ᠋ᠢ ᠬᠦᠨᠳᠦᠳᠭᠡᠬᠦ᠌ ᠬᠡᠷᠡᠭ᠌ᠲᠡᠶ᠂ ᠪᠠᠭ᠍ᠰᠢ ᠰᠤᠷᠤᠭ᠍ᠴᠢᠳ ᠬᠣᠭᠣᠷᠣᠨᠳᠣ ᠪᠠᠨ ᠬᠠᠷᠢᠯᠴᠠᠨ ᠰᠤᠷᠤᠯᠴᠠᠵᠤ᠂ ᠬᠠᠷᠢᠯᠴᠠᠨ ᠬᠦᠨᠳᠦᠳᠭᠡᠬᠦ᠌ ᠬᠡᠷᠡᠭ᠌ᠲᠡᠶ᠃《ᠰᠤᠷᠤᠭ᠍ᠴᠢᠳ ᠰᠤᠷᠤᠯᠭ᠎ᠠ᠎ᠶ᠋ᠢᠨ ᠲᠠᠯ᠎ᠠ᠎ᠪᠠᠷ ᠠᠮᠵᠢᠯᠲᠠ ᠤᠯᠬᠤ᠎ᠪᠠᠷ ᠪᠠᠷᠠᠬᠤ ᠥᠬᠡᠶ ᠨᠠᠩ ᠴᠤ᠌ ᠶᠣᠰᠣ ᠮᠣᠷᠠᠯ᠎ᠲᠠᠶ᠂ ᠬᠠᠷᠢᠭᠤᠴᠠᠯᠭᠠᠲᠤ ᠰᠡᠳᠭᠢᠯᠭᠡ᠎ᠲᠡᠶ ᠬᠥᠮᠦᠨ ᠪᠣᠯᠬᠤ ᠬᠡᠷᠡᠭ᠌ᠲᠡᠶ》 ᠭᠡᠪᠡ᠃

ᠦᠰᠦᠭ ᠪᠢᠴᠢᠭ ᠨᠢ ᠠᠳᠠᠯᠢ᠂ ᠦᠭᠡ ᠬᠡᠯᠡ ᠨᠢ ᠠᠳᠠᠯᠢ ᠪᠤᠯᠪᠠᠰᠤ ᠬᠥᠮᠦᠨ ᠤ᠋ ᠰᠡᠳᠭᠢᠯ ᠨᠢᠭᠡᠳᠦᠨ᠎ᠠ᠃ ᠳ᠋ᠠᠪᠠᠨ ᠤ᠋ ᠨᠢᠭᠡᠳᠦᠭᠡᠷ ᠳᠤᠮᠳᠠᠳᠤ ᠰᠤᠷᠭᠠᠭᠤᠯᠢ᠎ᠳᠤ᠂ ᠭᠠᠵᠠᠷ ᠪᠣᠯᠭᠠᠨ᠎ᠳᠤ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠬᠡᠷᠡᠭ᠌ᠯᠡᠬᠦ᠌ ᠠᠮᠢᠳᠤᠯᠢᠭ ᠪᠠᠢᠳᠠᠯ ᠢᠯᠡᠷᠡᠪᠡ᠃ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠪᠦᠬᠦ᠌ ᠲᠠᠯ᠎ᠠ ᠪᠠᠷ ᠴᠢᠩᠭᠠᠳᠭᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠴᠢᠬᠤᠯᠠ ᠠᠷᠭ᠎ᠠ ᠵᠠᠮ ᠮᠥᠨ᠃ ᠪᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠤ᠋ᠨ ᠠᠬᠢᠭᠤᠯᠤᠭᠴᠢ ᠪᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠦᠵᠡᠰᠭᠦᠯᠡᠩᠲᠦ ᠰᠠᠢᠬᠠᠨ ᠰᠤᠷᠭᠠᠭᠤᠯᠢ᠎ᠶ᠋ᠢᠨ ᠬᠦᠷᠢᠶ᠎ᠡ᠎ᠶ᠋ᠢ ᠤᠮᠳᠠᠯᠠᠨ᠎ᠠ》 ᠭᠡᠵᠦ᠍ ᠯᠢᠦ ᠱᠢᠶᠤᠤ ᠪᠥᠸᠧ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面