ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-14 14:14:17

ᠵᠣᠬᠢᠶᠠᠭ᠍ᠴᠢ᠄ ᠪᠥᠸᠧ᠎ᠶ᠋ᠢᠨ ᠹᠸᠩ ᠣᠩᠱᠢᠭ᠍ᠰᠠᠨ ᠣᠳᠠᠭ᠎ᠠ᠄ 3

ᠤᠢ᠍ᠢᠷ᠎ᠡ᠎ᠶ᠋ᠢᠨ ᠡᠳᠦᠷ᠂ ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ᠎ᠦᠨ ᠱᠢᠰᠲᠸᠮ᠎ᠤᠨ ᠡᠷᠬᠢᠯᠡᠭ᠌ᠰᠡᠨ《ᠠᠩᠬᠢ᠎ᠶ᠋ᠢᠨ ᠳᠠᠭᠤᠤ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠨ᠎ᠡ》ᠭᠡᠬᠦ᠌ ᠭᠣᠣᠯ ᠰᠡᠳᠦᠪᠲᠦ ᠨᠠᠢᠷᠠᠯ ᠳᠠᠭᠤᠤ᠎ᠶ᠋ᠢᠨ ᠦᠵᠡᠭᠦᠯᠭᠡ᠎ᠶ᠋ᠢᠨ ᠠᠵᠢᠯᠯᠠᠭ᠎ᠠ᠎ᠳᠤ ᠬᠣᠱᠢᠭᠤᠨ᠎ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠶ᠋ᠢᠨ ᠦᠨᠳᠦᠰᠦᠲᠡᠨ᠎ᠦ ᠬᠤᠪᠴᠠᠰᠤ ᠵᠠᠰᠠᠯ᠎ᠵᠢᠡᠷ ᠭᠤᠶᠤᠯᠠᠭᠰᠠᠨ 40 ᠰᠤᠷᠤᠬ᠍ᠴᠢ《ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠬᠤ ᠦᠭᠡᠢ》 ᠭᠡᠬᠦ᠌ ᠳᠠᠭᠤᠤ᠎ᠶ᠋ᠢ ᠬᠦᠨ ᠰᠡᠳᠬᠢᠯᠭᠡ ᠲᠠᠢ ᠳᠠᠭᠤᠯᠠᠵᠤ᠂ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ ᠪᠣᠯᠤᠨ ᠬᠢᠨᠠᠭ᠍ᠴᠢᠳ᠎ᠤᠨ ᠬᠠᠯᠠᠭᠤᠨ ᠠᠯᠠᠭ᠎ᠠ ᠲᠠᠱᠢᠯᠳᠠ᠎ᠶ᠋ᠢ ᠣᠯᠵᠠᠢ᠃

《ᠳᠠᠭᠤᠤ᠎ᠶ᠋ᠢᠨ ᠤᠷᠤᠯᠳᠤᠭᠠᠨ᠎ᠨᠢ ᠰᠤᠷᠤᠭ᠍ᠴᠢᠳ᠎ᠤᠨ ᠡᠷᠬᠢᠮ ᠳᠡᠭᠡᠳᠦ ᠵᠠᠩ ᠴᠢᠨᠠᠷ᠎ᠢ ᠬᠥᠮᠦᠵᠢᠭᠦᠯᠬᠦ᠌᠎ᠪᠡᠷ ᠪᠠᠷᠠᠬᠤ ᠦᠭᠡᠢ ᠪᠠᠰᠠ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠤᠬᠠᠮᠰᠠᠷ᠎ᠢ ᠭᠦᠨᠵᠡᠭᠡᠢᠷᠡᠭᠦᠯᠵᠦ᠍ ᠴᠢᠳᠠᠨ᠎ᠠ》ᠭᠡᠵᠦ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠶ᠋ᠢᠨ ᠳᠠᠭᠤᠤ ᠬᠥᠭ᠌ᠵᠢᠮ᠎ᠦᠨ ᠪᠠᠭ᠍ᠰᠢ ᠨᠠᠷᠠᠰᠤ ᠰᠤᠷᠪᠤᠯᠵᠢᠯᠠᠭ᠍ᠴᠢ᠎ᠳᠤ ᠬᠡᠯᠡᠵᠦ ᠪᠠᠢᠯ᠎ᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠶᠡᠬᠡ᠎ᠪᠡᠷ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢᠨ ᠲᠥᠯᠥᠭᠡ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠤᠷᠢᠳ ᠬᠣᠵᠢᠳ《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠦᠵᠡᠰᠭᠦᠯᠡᠩᠲᠦ ᠰᠠᠢᠬᠠᠨ ᠰᠤᠷᠭᠠᠭᠤᠯᠢ᠎ᠶ᠋ᠢᠨ ᠬᠦᠷᠢᠶ᠎ᠡ᠎ᠶ᠋ᠢ ᠤᠮᠳᠠᠯᠠᠬᠤ》᠂ 《ᠭᠠᠷ ᠭᠠᠷ᠎ᠢᠶᠠᠨ ᠬᠣᠯᠪᠣᠯᠴᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠬᠤ》 ᠵᠡᠷᠭᠡ ᠱᠢᠷᠢᠰ ᠠᠵᠢᠯᠯᠠᠭ᠎ᠠ᠎ᠶ᠋ᠢ ᠡᠷᠬᠢᠯᠡᠵᠦ᠍᠂ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠯᠲᠡ᠎ᠶ᠋ᠢ ᠵᠢᠷᠤᠮᠵᠢᠭᠤᠯᠬᠤ ᠤᠬᠠᠮᠰᠠᠷ᠎ᠢ᠋ ᠴᠢᠩᠭᠠᠳᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠳᠦᠷ ᠳᠤᠳᠤᠮ᠎ᠤᠨ ᠠᠮᠢᠳᠤᠷᠠᠯ᠎ᠳᠦ ᠤᠷᠤᠭᠤᠯᠬᠤ᠎ᠶ᠋ᠢ ᠠᠬᠢᠭᠤᠯᠪᠠ᠃

《ᠡᠨᠡ ᠰᠤᠷᠤᠯᠭ᠎ᠠ᠎ᠶ᠋ᠢᠨ ᠬᠤᠭᠤᠴᠠᠭᠠᠨ᠎ᠳᠤ ᠪᠢ ᠮᠠᠰᠢ ᠤᠯᠠᠨ ᠡᠷᠲᠡᠨ᠎ᠦ ᠱᠢᠯᠦᠭ ᠳᠠᠭᠤᠯᠠᠯ ᠪᠠ ᠬᠢᠴᠢᠶᠡᠯ ᠰᠤᠷᠴᠤ᠂ ᠤᠷᠠᠨ ᠤᠩᠱᠢᠯᠭ᠎ᠠ ᠵᠢᠨ ᠤᠷᠤᠯᠳᠤᠭᠠᠨ᠎ᠳᠤ ᠪᠠᠰᠠ ᠮᠠᠰᠢ ᠤᠯᠠᠨ ᠬᠢᠲᠠᠳ ᠦᠰᠦᠭ᠎ᠦᠨ ᠠᠪᠢᠶ᠎ᠠ᠂ ᠳᠦᠷᠰᠦ᠂ ᠤᠳᠭ᠎ᠠ᠎ᠶ᠋ᠢ ᠡᠵᠡᠮᠱᠢᠵᠦ᠍᠂ ᠬᠡᠯᠪᠡᠷᠢ ᠳᠠᠭᠤᠳᠠᠯᠭ᠎ᠠ᠎ᠵᠤᠬᠢᠴᠠᠭᠰᠠᠨ ᠦᠰᠦᠭ᠂ ᠳᠦᠷᠰᠦᠯᠢᠭ ᠦᠰᠦᠭ᠎ᠦᠨ ᠴᠡᠭᠡᠵᠢᠯᠡᠬᠦ᠌ ᠠᠷᠭ᠎ᠠ᠎ᠶ᠋ᠢ ᠰᠤᠷᠴᠤ᠌ ᠡᠵᠡᠮᠱᠢᠪᠡ》ᠭᠡᠵᠦ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠣᠨ᠎ᠤ ᠭᠤᠷᠪᠠᠳᠤᠭᠠᠷ ᠠᠩᠭᠢ᠎ᠶ᠋ᠢᠨ ᠰᠤᠷᠤᠭ᠍ᠴᠢ ᠰᠤᠷᠬᠠᠨ ᠪᠠᠶᠠᠷᠲᠠᠢ ᠶᠠᠷᠢᠨ᠎ᠠ᠃

ᠨᠢᠳᠤᠨᠤᠨ ᠤᠷᠠᠳ᠎ᠤᠨ ᠬᠣᠢᠲᠤ ᠬᠣᠱᠢᠭᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ ᠪᠣᠯᠤᠨ ᠴᠢᠨᠠᠷ ᠰᠠᠢᠲᠠᠶ ᠡᠩ᠎ᠦᠨ ᠰᠤᠷᠭᠠᠭᠤᠯᠢ᠎ᠲᠠᠶ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌᠂ ᠠᠵᠢᠯ ᠲᠥᠷᠥᠯ᠎ᠢᠶᠡᠷ᠎ᠢᠶᠡᠨ ᠲᠤᠰᠠᠯᠠᠬᠤ᠂ ᠵᠢᠭᠠᠨ ᠰᠤᠳᠤᠯᠬᠤ ᠵᠢ ᠵᠢᠯᠤᠭᠤᠳᠬᠤ ᠵᠡᠷᠭᠡ ᠠᠷᠭ᠎ᠠ ᠬᠡᠮᠵᠢᠶ᠎ᠡ ᠠᠪᠴᠤ᠌᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠪᠡ᠃《ᠡᠨᠡ ᠰᠤᠷᠤᠯᠭ᠎ᠠ᠎ᠶ᠋ᠢᠨ ᠬᠤᠭᠤᠴᠠᠭᠠᠨ᠎ᠳᠤ ᠪᠢᠳᠡ ᠬᠡᠯᠡ ᠪᠢᠴᠢᠭ᠎ᠦᠨ ᠨᠠᠷᠠᠲᠤ ᠪᠠᠭ᠍ᠰᠢ᠎ᠶ᠋ᠢᠨ ᠠᠵᠢᠯᠯᠠᠬᠤ ᠦᠷᠦᠭᠡ ᠵᠢᠴᠢ ᠰᠢᠯᠢᠳᠡᠭ ᠪᠠᠭᠰᠢ ᠱᠠᠪᠢ ᠵᠢᠨ ᠬᠠᠪᠰᠤᠷᠤᠯᠴᠠᠭ᠎ᠠ ᠪᠠᠢᠭᠤᠯᠬᠤ ᠠᠵᠢᠯᠯᠠᠭ᠎ᠠ᠎ᠶ᠋ᠢ ᠬᠡᠷᠡᠭᠵᠢᠭᠦᠯᠵᠦ᠂ ᠭᠤᠤᠯᠯᠠᠭ᠍ᠴᠢ ᠪᠠᠭ᠍ᠰᠢ᠎ᠪᠠᠷ ᠵᠢᠯᠣᠭᠣᠳᠤᠮᠵᠢ ᠪᠣᠯᠭᠠᠵᠤ᠂ ᠠᠬᠠᠮᠠᠳ ᠪᠠᠭᠰᠢ ᠪᠡᠷ ᠵᠠᠯᠠᠭᠤ ᠪᠠᠭᠰᠢ᠎ᠶ᠋ᠢ ᠳᠠᠭᠠᠭᠤᠯᠵᠤ᠂ ᠵᠠᠯᠠᠭᠤ ᠪᠠᠭ᠍ᠰᠢ᠎ᠨᠠᠷ᠎ᠤᠨ ᠬᠡᠯᠡ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ》 ᠭᠡᠵᠦ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠦ᠋ ᠱᠢᠩ ᠬᠡᠯᠡᠪᠡ᠃

ᠣᠢᠯᠠᠭᠠᠭ᠍ᠰᠠᠨ᠎ᠢᠶᠠᠷ᠂ ᠤᠷᠠᠳ᠎ᠤᠨ ᠬᠣᠢᠲᠤ ᠬᠣᠱᠢᠭᠤ ᠤᠷᠢᠳ ᠬᠣᠵᠢᠳ 1700 ᠭᠠᠷᠤᠶ ᠲᠦᠮᠡᠨ ᠲᠥᠭᠥᠷᠢᠭ᠎ᠦᠨ ᠪᠠᠯᠠ ᠣᠷᠣᠭᠤᠯᠵᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠣᠷᠴᠢᠨ ᠨᠥᠬᠥᠴᠡᠯ᠎ᠢ ᠰᠠᠢᠵᠢᠷᠠᠭᠤᠯᠪᠠ᠃ ᠡᠭᠦᠨ᠎ᠳᠦ᠂ 138 ᠲᠦᠮᠡᠨ ᠲᠥᠭᠥᠷᠢᠭ᠎ᠦᠨ ᠪᠡᠯᠡ ᠣᠷᠣᠭᠤᠯᠵᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠠ 3 ᠰᠤᠷᠭᠠᠭᠤᠯᠢ᠎ᠶ᠋ᠢᠨ ᠰᠤᠷᠭᠠᠭᠤᠯᠢ ᠵᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠪᠠᠷᠢᠮᠵᠢᠶ᠎ᠠ᠎ᠳᠤ ᠬᠦᠷᠬᠦ᠌ ᠦᠭᠡᠶ ᠪᠠᠭ᠍ᠰᠢ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠬᠡᠦᠬᠡᠳ᠎ᠦᠨ ᠴᠡᠴᠡᠷᠯᠢᠭ᠎ᠦᠨ ᠭᠣᠣᠯᠯᠠᠭ᠍ᠴᠢ ᠪᠠᠭ᠍ᠰᠢ ᠨᠠᠷ᠎ᠢ 60 ᠬᠥᠮᠦᠨ ᠤᠳᠠᠭ᠎ᠠ ᠲᠠᠪᠳᠠᠨ ᠪᠤᠯᠪᠠᠰᠤᠷᠠᠭᠤᠯᠪᠠ᠃

《ᠪᠢᠳᠡ ᠢᠯᠡ᠎ᠪᠡᠷ ᠤᠷᠢᠬᠤ᠂ ᠣᠨᠴᠠᠭᠠᠶ ᠠᠵᠢᠯ᠎ᠤᠨ ᠪᠠᠢᠷᠢ᠎ᠶ᠋ᠢᠨ ᠲᠥᠯᠥᠪᠯᠡᠭᠡ ᠵᠢ ᠬᠡᠷᠡᠭᠵᠢᠬᠦᠯᠬᠦ᠂ ᠱᠢᠯᠢᠳᠡᠭ ᠪᠠᠭ᠍ᠰᠢ᠎ᠶ᠋ᠢ ᠰᠣᠩᠭᠣᠨ ᠱᠢᠯᠵᠢᠭᠦᠯᠬᠦ᠌ ᠵᠡᠷᠭᠡ ᠠᠷᠭ᠎ᠠ ᠬᠡᠯᠪᠡᠷᠢ᠎ᠪᠡᠷ ᠦᠵᠡᠯ ᠰᠠᠨᠠᠭ᠎ᠠ ᠤᠯᠤᠰ ᠲᠥᠷᠥ᠎ᠶ᠋ᠢ ᠨᠢᠭᠡ ᠴᠤᠭ᠍ᠴᠠᠵᠢᠭᠤᠯᠬᠤ᠂〈ᠰᠢᠯᠢᠳᠡᠭ ᠪᠠᠭᠰᠢ ᠵᠢ ᠬᠦᠮᠦᠵᠢᠬᠦᠯᠬᠦ〉᠂ ᠴᠡᠭ᠎ᠲᠦ ᠰᠠᠭᠤᠵᠤ ᠰᠤᠷᠭᠠᠭᠤᠯᠢ᠎ᠳᠤ ᠪᠠᠭᠤᠬᠤ᠂ ᠬᠣᠯᠪᠣᠭᠠᠯᠠᠨ ᠵᠢᠭᠠᠨ ᠰᠤᠳᠤᠯᠬᠤ ᠵᠡᠷᠭᠡ ᠪᠣᠯᠪᠠᠰᠤᠷᠠᠯ ᠎ᠢ ᠵᠣᠬᠢᠶᠠᠨ ᠪᠠᠢᠭᠤᠯᠵᠤ᠂ 180 ᠪᠠᠭᠰᠢ (ᠤᠳᠠᠭ᠎ᠠ) ᠳ᠋ᠤ ᠪᠤᠯᠪᠠᠰᠤᠷᠠᠯ ᠬᠦᠷᠳᠡᠭᠡᠵᠦ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠬᠦᠴᠦᠨ᠎ᠢ ᠪᠠᠲᠤᠯᠠᠪᠠ》ᠭᠡᠵᠦ ᠤᠷᠠᠳ᠎ᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠯᠢᠦ ᠵᠢᠶᠠᠨ ᠵᠥᠩ ᠲᠠᠨᠢᠯᠴᠠᠭᠤᠯᠪᠠ᠃ ᠲᠠᠷᠠᠭᠠᠴᠢ ᠵᠢᠨ ᠠᠯᠬᠤᠮ ᠳ᠋ᠤ ᠲᠣᠰ ᠬᠣᠱᠢᠭᠤ ᠨᠠᠷᠠᠲᠤ ᠪᠠᠭ᠍ᠰᠢ᠎ᠶ᠋ᠢᠨ ᠠᠵᠢᠯᠯᠠᠬᠤ ᠲᠠᠰᠤᠭ ᠪᠠᠢᠭᠤᠯᠬᠤ᠂ ᠵᠢᠭᠠᠨ ᠰᠤᠳᠤᠯᠬᠤ ᠵᠢ ᠳᠠᠭᠠᠭᠠᠴᠢᠯᠠᠨ ᠬᠣᠯᠪᠣᠭᠠᠯᠠᠬᠤ ᠳᠤᠭᠤᠢᠯᠠᠩ ᠪᠠᠢᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠪᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面