2023-09-01 10:51:27
ᠱᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠯ᠎ᠡ᠃ ᠪᠠᠶᠠᠨᠨᠠᠭᠤᠷ ᠬᠤᠳᠠ ᠵᠢᠨ ᠤᠷᠠᠳ ᠤ᠋ᠨ ᠡᠮᠦᠨᠡᠲᠦ ᠬᠣᠱᠢᠭᠤᠨ ᠤ᠋ ᠮᠤᠨᠠ ᠠᠭᠤᠯᠠ ᠳᠤᠮᠳᠠᠳᠤ ᠰᠤᠷᠭᠠᠭᠤᠯᠢ ᠵᠢᠨ ᠥᠨᠳᠥᠷ ᠳᠤᠮᠳᠠᠳᠤ ᠵᠢᠨ ᠬᠣᠶᠠᠳᠤᠭᠠᠷ ᠣᠨ ᠤ᠋ ᠶᠣᠰᠣ ᠰᠤᠷᠲᠠᠬᠤᠨ ᠪᠠ ᠬᠠᠤᠯᠢ ᠪᠡᠷ ᠵᠠᠰᠠᠬᠤᠢ ᠬᠢᠴᠢᠶᠡᠯ ᠤ᠋ᠨ ᠪᠠᠭ᠍ᠰᠢ ᠤᠶᠠᠩᠭ᠎ᠠ ᠰᠤᠷᠭᠠᠭᠤᠯᠢ ᠵᠢᠨ ᠬᠦᠷᠢᠶᠡᠨᠳᠡᠭᠡᠨ ᠪᠤᠴᠠᠵᠤ ᠢᠷᠡᠪᠡ᠃ ᠡᠨᠡ ᠵᠢᠯ᠂ ᠲᠡᠷᠡ ᠱᠢᠨ᠎ᠡ ᠰᠤᠷᠤᠯᠭ᠎ᠠ ᠵᠢᠨ ᠬᠤᠭᠤᠴᠠᠭᠠᠨ ᠤ᠋ ᠵᠢᠭᠠᠨ ᠰᠤᠷᠭᠠᠯᠲᠠᠳᠠᠭᠠᠨ ᠣᠨᠴᠠ ᠵᠢᠨ ᠢᠲᠡᠭᠡᠯᠲᠡᠶ᠂ ᠤᠴᠢᠷ ᠨᠢ ᠲᠡᠭᠦᠨ ᠳ᠋ᠤ ᠨᠢᠭᠡ ᠵᠢ ᠨᠢᠭᠡ ᠲᠠᠢ ᠬᠠᠷᠠᠭᠠᠯᠵᠠᠭᠤᠯᠤᠨ ᠲᠤᠰᠬᠠᠢ《ᠪᠠᠭ᠍ᠰᠢ》 ᠲᠤᠬᠢᠷᠠᠭᠤᠯᠤᠨ ᠦᠭᠴᠦ ᠵᠢᠭᠠᠨ ᠰᠤᠷᠭᠠᠯᠲᠠ ᠵᠢᠨ ᠳᠤᠮᠳᠠᠬᠢ ᠬᠦᠴᠢᠷ ᠠᠰᠠᠭᠤᠳᠠᠯ ᠢ᠋ ᠨᠢ ᠴᠠᠭ ᠲᠤᠬᠠᠶ ᠳ᠋ᠤᠨᠢ ᠱᠢᠶ᠋ᠳᠪᠦᠷᠢᠯᠡᠨ ᠦᠭᠬᠦ ᠪᠤᠯᠵᠠᠢ᠃
ᠪᠥᠬᠥ᠌ ᠬᠣᠱᠢᠭᠤᠨ ᠤ᠋ ᠡᠩ ᠤ᠋ᠨ ᠱᠢᠯᠢᠳᠡᠭ ᠰᠤᠷᠭᠠᠭᠤᠯᠢ ᠵᠢᠨ ᠦᠨᠳᠦᠰᠦᠲᠡᠨ ᠤ᠋ ᠬᠡᠯᠡᠪᠡᠷ ᠬᠢᠴᠢᠶᠡᠯᠯᠡᠬᠦ᠌ ᠰᠤᠷᠭᠠᠭᠤᠯᠢ ᠵᠢᠨ ᠭᠤᠷᠪᠠᠨ ᠲᠥᠷᠥᠯ ᠤ᠋ᠨ ᠪᠠᠭ᠍ᠰᠢᠲᠠᠶ ᠬᠠᠪᠰᠤᠷᠤᠯᠴᠠᠭ᠎ᠠ ᠪᠠᠢᠭᠤᠯᠬᠤ ᠠᠵᠢᠯᠯᠠᠭ᠎ᠠ ᠳ᠋ᠤ᠂ ᠤᠷᠠᠳ ᠤ᠋ᠨ ᠡᠮᠦᠨᠡᠲᠦ ᠬᠣᠱᠢᠭᠤᠨ ᠤ᠋ ᠨᠢᠭᠡᠳᠦᠭᠡᠷ ᠳᠤᠮᠳᠠᠳᠤ ᠰᠤᠷᠭᠠᠭᠤᠯᠢ ᠵᠢᠨ ᠪᠠᠭ᠍ᠰᠢ ᠯᠢᠦ ᠱᠢᠨ ᠤᠶᠠᠩᠭᠠᠲᠠᠶ ᠬᠠᠪᠰᠤᠷᠤᠯᠴᠠᠭ᠎ᠠ ᠪᠠᠢᠭᠤᠯᠤᠨ ᠳᠡᠳᠬᠦᠬᠦ ᠡᠳᠡᠭᠡᠳ ᠪᠣᠯᠵᠣ᠂ ᠤᠶᠠᠩᠭ᠎ᠠ ᠵᠢᠨ ᠵᠢᠭᠠᠨ ᠰᠤᠷᠭᠠᠯᠲᠠ ᠵᠢᠨ《ᠪᠠᠭ᠍ᠰᠢ》 ᠪᠣᠯᠤᠭ᠍ᠰᠠᠨ ᠪᠠᠢᠨ᠎ᠠ᠃ ᠤᠶᠠᠩᠭ᠎ᠠ ᠲᠣᠭ᠍ᠲᠠᠮᠠᠯ ᠬᠤᠭᠤᠴᠠᠭᠠᠲᠠᠶ ᠪᠡᠷ ᠯᠢᠦ ᠱᠢᠨ ᠤ᠋ ᠬᠢᠴᠢᠶᠡᠯ ᠢ᠋ ᠰᠣᠨᠣᠰᠭᠤ ᠪᠡᠷ ᠣᠴᠢᠳᠠᠭ᠂ ᠯᠢᠦ ᠱᠢᠨ ᠴᠦ᠍ ᠤᠶᠠᠩᠭ᠎ᠠ ᠵᠢᠨ ᠰᠤᠷᠭᠠᠭᠤᠯᠢ ᠳ᠋ᠤ ᠬᠦᠷᠴᠦ᠍ ᠲᠡᠭᠦᠨ ᠤ᠋ ᠵᠢᠭᠠᠨ ᠰᠤᠷᠭᠠᠯᠲᠠ ᠪᠠ ᠰᠤᠷᠤᠭ᠍ᠴᠢᠳ ᠤ᠋ᠨ ᠬᠢᠴᠢᠶᠡᠯ ᠤ᠋ᠨ ᠲᠠᠩᠬᠢᠮ ᠤ᠋ᠨ ᠪᠠᠢᠳᠠᠯ ᠢ᠋ ᠣᠢᠯᠠᠭᠠᠬᠤ ᠵᠢᠨ ᠬᠠᠮᠲᠤ ᠴᠠᠭ ᠲᠤᠬᠠᠶ ᠳ᠋ᠤᠨᠢ ᠵᠢᠯᠣᠭᠣᠳᠭᠤ ᠰᠠᠨᠠᠯ ᠵᠦᠪᠯᠡᠯᠭᠡ ᠪᠡᠨ ᠦᠭᠳᠡᠭ᠃ ᠤᠶᠠᠩᠭ᠎ᠠ ᠵᠢᠨ ᠳᠤᠷᠠᠳᠤᠭ᠍ᠰᠠᠨ ᠠᠰᠠᠭᠤᠯᠲᠠ ᠪᠤᠯᠭᠠᠨ ᠢ᠋ ᠯᠢᠦ ᠱᠢᠨ ᠬᠠᠯᠠᠱᠢᠷᠠᠯ ᠦᠭᠡᠢᠪᠡᠷ ᠬᠠᠷᠢᠭᠤᠯᠬᠤ ᠵᠢᠨ ᠬᠠᠮᠲᠤ ᠥᠪᠡᠷ ᠤ᠋ᠨ ᠨᠠᠷᠢᠨ ᠨᠢᠮᠪᠠᠶ ᠪᠡᠯᠡᠳᠭᠡᠭ᠌ᠰᠡᠨ ᠬᠢᠴᠢᠶᠡᠯ ᠪᠣᠯᠤᠨ ᠡᠮᠬᠢᠳᠭᠡᠭ᠌ᠰᠡᠨ ᠰᠡᠳᠦᠪ ᠵᠢᠡᠨ ᠴᠤ᠌ ᠤᠶᠠᠩᠭ᠎ᠠ ᠳ᠋ᠤ ᠥᠭ᠌ᠴᠦ ᠯᠠᠪᠯᠠᠯᠲᠠ ᠪᠤᠯᠭᠠᠳᠠᠭ ᠪᠠᠢᠯ᠎ᠠ᠃
《ᠯᠢᠦ ᠪᠠᠭ᠍ᠰᠢ ᠡᠴᠡ ᠮᠠᠰᠢ ᠤᠯᠠᠨ ᠲᠡᠷᠢᠭᠦᠨ ᠤ᠋ ᠵᠢᠭᠠᠨ ᠰᠤᠷᠭᠠᠯᠲᠠ ᠵᠢᠨ ᠤᠨᠤᠯ ᠢ᠋ ᠰᠤᠷᠴᠤ᠌᠂ ᠨᠠᠮᠢ᠋ᠢ ᠬᠢᠴᠢᠶᠡᠯ ᠤ᠋ᠨ ᠪᠠᠷᠢᠮᠵᠢᠶᠠᠳ᠋ᠤ ᠵᠠᠳᠠᠯᠤᠯᠲᠠ ᠬᠢᠬᠦ᠂ ᠵᠢᠭᠠᠨ ᠰᠤᠷᠭᠠᠯᠲᠠ ᠵᠢᠨ ᠯᠣᠭᠢᠭ ᠵᠢᠴᠢ ᠵᠢᠭᠠᠨ ᠰᠤᠷᠭᠠᠯᠲᠠ ᠵᠢᠨ ᠬᠦᠨᠳᠦ ᠬᠦᠴᠢᠷ ᠠᠰᠠᠭᠤᠳᠠᠯ ᠢ᠋ ᠡᠵᠡᠮᠳᠡᠬᠦ᠌ᠳ᠋ᠤ ᠨᠡᠩ ᠢᠳᠡᠭᠡᠯᠲᠠᠶ ᠪᠤᠯᠭᠠᠵᠤ᠂ ᠬᠡᠯᠡ ᠶᠠᠷᠢᠶ᠎ᠡ ᠪᠡᠨ ᠬᠡᠷᠬᠢᠨ ᠨᠡᠩ ᠰᠠᠢ᠌ᠳᠤᠷ ᠵᠣᠬᠢᠶᠠᠨ ᠪᠠᠢᠭᠤᠯᠵᠤ ᠬᠢᠴᠢᠶᠡᠯ ᠵᠢᠡᠨ ᠶᠠᠭᠠᠬᠢᠪᠠᠯ ᠨᠡᠩ ᠤᠢᠯᠠᠭᠠᠮᠵᠢᠲᠠᠢ ᠵᠢᠭᠠᠬᠤ ᠵᠢ ᠮᠡᠳᠡᠭᠦᠯᠦᠭᠰᠡᠨ᠂ ᠡᠢᠮᠦ ᠡᠴᠡ ᠪᠢ ᠶᠡᠬᠡ ᠤᠯᠵᠠᠭᠤᠷᠬᠠᠳᠠᠭ》 ᠭᠡᠵᠦ᠍ ᠤᠶᠠᠩᠭ᠎ᠠ ᠪᠠᠶᠠᠷᠯᠠᠵᠤ ᠲᠠᠯᠠᠷᠬᠠᠭᠰᠠᠨ ᠰᠡᠳᠭᠢᠯ ᠵᠢᠡᠨ ᠳᠠᠷᠤᠵᠤ ᠶᠠᠳᠠᠨ ᠬᠡᠯᠡᠨ᠎ᠡ᠃
ᠦᠨᠳᠦᠰᠦᠲᠡᠨ ᠤ᠋ ᠬᠡᠯᠡᠪᠡᠷ ᠬᠢᠴᠢᠶᠡᠯᠯᠡᠬᠦ᠌ ᠰᠤᠷᠭᠠᠭᠤᠯᠢ ᠵᠢᠨ ᠭᠤᠷᠪᠠᠨ ᠲᠦᠷᠦᠯ ᠤ᠋ᠨ ᠬᠢᠴᠢᠶᠡᠯ ᠤ᠋ᠨ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭ᠌ᠯᠡᠬᠦ᠌ ᠠᠵᠢᠯ ᠢ᠋ ᠠᠬᠢᠭᠤᠯᠬᠤ ᠵᠢᠨ ᠲᠥᠯᠥᠭᠡ᠂ ᠤᠷᠠᠳ ᠤ᠋ᠨ ᠡᠮᠦᠨᠡᠲᠦ ᠬᠣᠱᠢᠭᠤᠨ ᠤ᠋ ᠰᠤᠷᠭᠠᠨ ᠬᠥᠮᠦᠵᠢᠯ ᠤ᠋ᠨ ᠲᠣᠪᠴᠢᠶ᠎ᠠ 2021 ᠣᠨ ᠳ᠋ᠤ 《ᠡᠩ ᠤ᠋ᠨ ᠴᠢᠨᠠᠷ ᠰᠠᠢᠲᠠᠶ ᠰᠤᠷᠭᠠᠭᠤᠯᠢ ᠬᠢᠭᠡᠳ ᠦᠨᠳᠦᠰᠦᠲᠡᠨ ᠤ᠋ ᠬᠡᠯᠡᠪᠡᠷ ᠬᠢᠴᠢᠶᠡᠯᠯᠡᠬᠦ᠌ ᠰᠤᠷᠭᠠᠭᠤᠯᠢ ᠵᠢᠨ ᠭᠤᠷᠪᠠᠨ ᠲᠦᠷᠦᠯ ᠤ᠋ᠨ ᠬᠢᠴᠢᠶᠡᠯ ᠤ᠋ᠨ ᠪᠠᠭ᠍ᠰᠢᠶ᠋ᠢ ᠲᠠᠭᠠᠭᠠᠴᠢᠯᠠᠨ ᠬᠠᠷᠢᠭᠤᠴᠠᠬᠤ ᠠᠵᠢᠯ ᠤ᠋ᠨ ᠲᠥᠰᠦᠯ》 ᠢ᠋ ᠲᠣᠭ᠍ᠲᠠᠭᠠᠨ ᠨᠡᠢᠲᠡᠯᠡᠵᠦ᠍᠂ ᠬᠣᠱᠢᠭᠤᠨ ᠤ᠋ ᠰᠤᠷᠭᠠᠨ ᠬᠥᠮᠦᠵᠢᠯ ᠤ᠋ᠨ ᠲᠣᠪᠴᠢᠶ᠎ᠠ ᠡᠴᠡ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠱᠢᠶᠠᠨ ᠤ᠋ ᠬᠡᠪᠴᠢᠶᠡᠨᠳᠦ ᠬᠠᠪᠰᠤᠷᠤᠯᠴᠠᠭ᠎ᠠ ᠪᠠᠢᠭᠤᠯᠤᠨ ᠲᠡᠳᠬᠦᠬᠦ᠌ ᠠᠵᠢᠯ ᠢ᠋ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ᠋ 2 ᠡᠴᠡ ᠳᠡᠭᠡᠭᠰᠢᠡᠩ ᠤ᠋ᠨ ᠱᠢᠯᠢᠳᠡᠭ ᠰᠤᠷᠭᠠᠭᠤᠯᠢ ᠨᠢ 1 ᠦᠨᠳᠦᠰᠦᠲᠡᠨ ᠤ᠋ ᠬᠡᠯᠡᠪᠡᠷ ᠬᠢᠴᠢᠶᠡᠯᠯᠡᠬᠦ᠌ ᠰᠤᠷᠭᠠᠭᠤᠯᠢᠶ᠋ᠢ ᠬᠠᠪᠰᠤᠷᠤᠨ 《ᠭᠠᠷ ᠬᠤᠯᠪᠤᠯᠴᠠᠨ ᠬᠠᠮᠲᠤ ᠪᠡᠷ ᠪᠠᠢᠭᠤᠯᠬᠤ ᠴᠤᠭᠴᠠ》 ᠶ᠋ᠢ ᠪᠠᠢᠭᠤᠯᠬᠤ ᠪᠠᠷᠢᠮᠵᠢᠶ᠎ᠠ ᠶᠣᠰᠣᠭᠠᠷ᠂ ᠬᠠᠮᠲᠤ ᠪᠡᠷ ᠪᠠᠢᠭᠤᠯᠤᠨ ᠭᠠᠷ ᠬᠤᠯᠪᠤᠯᠴᠠᠬᠤ 5 ᠬᠣᠸ᠋ᠰ ᠰᠤᠷᠭᠠᠭᠤᠯᠢᠶ᠋ᠢ ᠵᠣᠬᠢᠶᠠᠨ ᠪᠠᠢᠭᠤᠯᠪᠠ; ᠬᠠᠮᠲᠤ ᠪᠡᠷ ᠪᠠᠢᠭᠤᠯᠤᠭ᠍ᠰᠠᠨ ᠰᠤᠷᠭᠠᠭᠤᠯᠢ ᠵᠢᠨ ᠭᠤᠷᠪᠠᠨ ᠲᠥᠷᠥᠯ ᠤ᠋ᠨ ᠪᠠᠭ᠍ᠰᠢ ᠳ᠋ᠤ ᠨᠠᠷᠠᠲᠤ ᠪᠠᠭ᠍ᠰᠢ ᠪᠠ ᠭᠣᠸ᠋ᠯᠯᠠᠭ᠍ᠴᠢ ᠪᠠᠭ᠍ᠰᠢ ᠵᠢ ᠨᠢᠭᠡ ᠵᠢ ᠨᠢᠭᠡ ᠲᠠᠢ ᠬᠠᠷᠠᠭᠠᠯᠵᠠᠭᠤᠯᠤᠨ ᠲᠠᠭᠠᠭᠠᠴᠢᠯᠠᠨ ᠬᠠᠷᠢᠭᠤᠴᠠᠵᠦ ᠵᠢᠯᠣᠭᠣᠳᠭᠤ ᠠᠷᠭ᠎ᠠ ᠪᠡᠷ᠂ 38 ᠬᠤᠤᠰ ᠪᠠᠭᠰᠢ ᠬᠠᠪᠰᠤᠷᠤᠯᠴᠠᠭ᠎ᠠ ᠪᠠᠢᠭᠤᠯᠤᠨ ᠳᠡᠳᠭᠦᠯᠳᠠ ᠬᠢᠪᠠ; ᠨᠠᠷᠠᠲᠤ ᠰᠤᠷᠭᠠᠭᠤᠯᠢ ᠵᠢᠨ ᠵᠠᠬᠢᠷᠤᠯ᠂ ᠨᠠᠷᠠᠲᠤ ᠪᠠᠭ᠍ᠰᠢ ᠵᠢᠨ ᠠᠵᠢᠯᠯᠠᠬᠤ ᠲᠠᠰᠤᠭ ᠤ᠋ᠨ ᠲᠠᠪᠴᠠᠩ ᠳ᠋ᠤ ᠲᠦᠱᠢᠭ᠌ᠯᠡᠨ᠂《ᠵᠠᠬᠢᠶᠠᠯᠠᠭ᠎ᠠ ᠵᠢᠨ ᠵᠢᠭᠠᠨ ᠰᠤᠳᠤᠯᠭᠠᠨ》᠂ 《ᠣᠨᠣᠱᠢᠯᠠᠯᠲᠠ ᠵᠢᠨ ᠵᠢᠭᠠᠨ ᠰᠤᠳᠤᠯᠭᠠᠨ》᠂ 《ᠠᠰᠠᠭᠤᠳᠠᠯ ᠳ᠋ᠤ ᠰᠠᠭᠤᠷᠢᠯᠠᠬᠤᠢ》 ᠵᠡᠷᠭᠡ ᠱᠢᠷᠢᠰᠵᠢᠭ᠌ᠰᠡᠨ᠂ ᠭᠦᠨ ᠳᠠᠪᠬᠤᠷᠭᠠᠵᠢᠭᠰᠠᠨ᠂ ᠦᠷᠭᠦᠯᠵᠢᠯᠡᠭ᠌ᠰᠡᠨ ᠴᠢᠨᠠᠷᠲᠠᠶ ᠭᠣᠸ᠋ᠯ ᠰᠡᠳᠦᠪᠲᠦ ᠵᠢᠭᠠᠨ ᠰᠤᠳᠤᠯᠬᠤ ᠠᠵᠢᠯᠯᠠᠭᠠᠶ᠋ᠢ ᠥᠷᠨᠢᠭᠦᠯᠵᠦ᠍᠂ ᠦᠨᠳᠦᠰᠦᠲᠡᠨ ᠤ᠋ ᠬᠡᠯᠡ ᠪᠡᠷ ᠬᠢᠴᠢᠶᠡᠯᠯᠡᠬᠦ ᠰᠤᠷᠭᠠᠭᠤᠯᠢ ᠳ᠋ᠤ ᠨᠠᠷᠢᠯᠢᠭ ᠣᠨᠣᠴᠠᠲᠠᠶ ᠪᠡᠷ ᠦᠶ᠋ᠯᠡᠴᠢᠯᠡᠪᠡ᠃ ᠡᠨᠡ ᠬᠦ᠌ ᠠᠵᠢᠯᠯᠠᠭ᠎ᠠ ᠨᠢ ᠨᠡᠢᠲᠡᠴᠢ ᠴᠢᠨᠠᠷᠲᠠᠶ ᠠᠰᠠᠭᠤᠳᠠᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠦᠨᠳᠦᠰᠦᠲᠡᠨ ᠤ᠋ ᠬᠡᠯᠡ ᠪᠡᠷ ᠬᠢᠴᠢᠶᠡᠯᠯᠡᠬᠦ ᠰᠤᠷᠭᠠᠭᠤᠯᠢ ᠵᠢᠨ ᠪᠠᠭ᠍ᠰᠢ ᠵᠢᠨ ᠲᠤᠰᠭᠠᠶ ᠮᠡᠷᠭᠡᠵᠢᠯ ᠤ᠋ᠨ ᠦᠰᠦᠨ ᠪᠣᠢᠵᠢᠯᠲᠠ ᠪᠠ ᠵᠢᠭᠠᠨ ᠰᠤᠷᠭᠠᠯᠲᠠ ᠵᠢᠨ ᠶᠠᠰᠤ ᠴᠢᠨᠠᠷ ᠤ᠋ᠨ ᠳᠡᠭᠡᠭ᠌ᠰᠢᠯᠡᠯᠲᠡᠶ᠋ᠢ ᠪᠦᠲᠦᠮᠵᠢᠲᠡᠶ ᠠᠬᠢᠭᠤᠯᠪᠠ᠃ ᠬᠠᠪᠰᠤᠷᠤᠯᠴᠠᠭ᠎ᠠ ᠪᠠᠢᠭᠤᠯᠤᠨ ᠳᠡᠳᠬᠦᠬᠦ ᠰᠤᠷᠭᠠᠭᠤᠯᠢ ᠵᠢᠨ ᠬᠣᠭᠣᠷᠣᠨᠳᠣᠬᠢ ᠵᠢᠭᠠᠬᠤ ᠮᠠᠲ᠋ᠧᠷᠢᠶᠠᠯ ᠳ᠋ᠤ ᠵᠠᠳᠠᠯᠤᠯᠲᠠ ᠬᠢᠬᠦ᠌᠂ ᠬᠠᠮᠲᠤ ᠪᠡᠷ ᠬᠢᠴᠢᠶᠡᠯ ᠪᠡᠯᠡᠳᠭᠡᠬᠦ᠌᠂ ᠬᠦᠷᠭᠡᠵᠦ ᠰᠤᠷᠤᠯᠴᠠᠭᠤᠯᠬᠤ᠂ ᠬᠠᠷᠢᠯᠴᠠᠨ ᠪᠠᠭ᠍ᠰᠢ ᠲᠣᠮᠢᠯᠠᠬᠤ ᠵᠡᠷᠭᠡ ᠠᠵᠢᠯᠯᠠᠭ᠎ᠠ ᠪᠡᠷ ᠳᠠᠮᠵᠢᠭᠤᠯᠤᠨ᠂ ᠪᠠᠰᠠ ᠦᠨᠳᠦᠰᠦᠲᠡᠨ ᠤ᠋ ᠬᠡᠯᠡ ᠪᠡᠷ ᠬᠢᠴᠢᠶᠡᠯᠯᠡᠬᠦ ᠰᠤᠷᠭᠠᠭᠤᠯᠢ ᠬᠢᠭᠡᠳ ᠪᠥᠬᠥ᠌ ᠬᠣᠱᠢᠭᠤᠨ ᠤ᠋ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠨ ᠬᠠᠮᠢᠶᠠᠷᠤᠯᠲᠠ ᠵᠢᠨ ᠬᠠᠷᠢᠯᠴᠠᠨ ᠰᠤᠷᠤᠯᠴᠠᠬᠤ᠂ ᠡᠬᠢ ᠪᠠᠶᠠᠯᠢᠭ ᠢ᠋ ᠬᠠᠮᠲᠤ ᠪᠡᠷ ᠡᠳ᠋ᠯᠡᠬᠦ᠌᠂ ᠵᠢᠭᠠᠨ ᠰᠤᠳᠤᠯᠵᠦ ᠬᠠᠷᠢᠯᠴᠠᠨ ᠦᠶ᠋ᠯᠡᠳᠦᠯᠴᠡᠬᠦ᠌ᠶ᠋ᠢ ᠠᠬᠢᠭᠤᠯᠵᠤ᠂ ᠬᠡᠷᠡᠭ᠌ᠴᠡᠭᠡ ᠶᠣᠰᠣᠭᠠᠷ ᠰᠤᠳᠤᠯᠤᠨ ᠪᠣᠯᠪᠠᠰᠤᠷᠠᠭᠤᠯᠬᠤ᠂ ᠨᠠᠷᠢᠨ ᠣᠨᠣᠴᠠᠲᠠᠶ ᠪᠡᠷ ᠵᠢᠭᠠᠨ ᠰᠤᠷᠭᠠᠬᠤᠶ᠋ᠢ ᠪᠡᠶᠡᠯᠡᠭᠦᠯᠤᠨ᠂ ᠦᠨᠳᠦᠰᠦᠲᠡᠨ ᠤ᠋ ᠬᠡᠯᠡᠪᠡᠷ ᠬᠢᠴᠢᠶᠡᠯᠯᠡᠬᠦ᠌ ᠰᠤᠷᠭᠠᠭᠤᠯᠢ ᠵᠢᠨ ᠭᠣᠸ᠋ᠯᠯᠠᠭ᠍ᠴᠢ ᠪᠠᠭ᠍ᠰᠢ ᠵᠢᠨ ᠡᠩᠨᠡᠭᠡ ᠵᠢᠨ ᠲᠦᠷᠭᠡᠨ ᠪᠣᠢᠵᠢᠯᠲᠠᠶ᠋ᠢ ᠠᠬᠢᠭᠤᠯᠤᠭ᠍ᠰᠠᠨ ᠪᠦᠭᠡᠳ ᠦᠨᠳᠦᠰᠦᠲᠡᠨ ᠤ᠋ ᠬᠡᠯᠡᠪᠡᠷ ᠬᠢᠴᠢᠶᠡᠯᠯᠡᠬᠦ᠌ ᠰᠤᠷᠭᠠᠭᠤᠯᠢ ᠵᠢᠨ ᠪᠦᠬᠦᠯᠢ ᠴᠣᠭ᠍ᠴᠠ ᠵᠢᠨ ᠰᠤᠷᠭᠠᠨ ᠬᠥᠮᠦᠵᠢᠯ ᠤ᠋ᠨ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠴᠤ᠌ ᠪᠦᠲᠦᠮᠵᠢᠲᠡᠶ ᠳᠡᠭᠡᠭ᠌ᠰᠢᠯᠡᠭᠦᠯᠦᠭ᠌ᠰᠡᠨ ᠪᠠᠢᠨ᠎ᠠ᠃ ᠡᠨᠡ ᠵᠢᠯ ᠤ᠋ᠨ 7 ᠰᠠᠷ᠎ᠠ ᠪᠣᠯᠲᠠᠯ᠎ᠠ᠂ ᠪᠥᠬᠥ᠌ ᠬᠣᠱᠢᠭᠤᠨ ᠤ᠋《ᠭᠤᠷᠪᠠᠨ ᠲᠦᠷᠦᠯ ᠤ᠋ᠨ ᠬᠢᠴᠢᠶᠡᠯ》 ᠤ᠋ᠨ ᠪᠠᠭ᠍ᠰᠢᠨᠠᠷ ᠬᠠᠮᠲᠤ ᠪᠡᠷ ᠬᠢᠴᠢᠶᠡᠯ ᠪᠡᠯᠡᠳᠭᠡᠬᠦ᠌᠂ ᠬᠢᠴᠢᠶᠡᠯ ᠰᠤᠨᠤᠰᠴᠤ ᠦᠨᠡᠯᠡᠬᠦ ᠠᠵᠢᠯᠯᠠᠭ᠎ᠠ᠂ ᠥᠨᠳᠥᠷ ᠳᠤᠮᠳᠠᠳᠤ ᠳ᠋ᠤ ᠳᠡᠪᠰᠢᠬᠦ ᠱᠢᠯᠭᠠᠯᠲᠠ ᠳ᠋ᠤ ᠪᠡᠯᠡᠳᠭᠡᠬᠦ᠌ ᠰᠤᠳᠤᠯᠤᠨ ᠶᠠᠷᠢᠯᠴᠠᠬᠤ ᠠᠵᠢᠯᠯᠠᠭ᠎ᠠ᠂ ᠤᠯᠤᠰ ᠤ᠋ᠨ ᠨᠢᠭᠡᠳᠦᠯᠲᠡᠢ ᠱᠢᠯᠭᠠᠯᠲᠠ ᠳ᠋ᠤ ᠪᠡᠯᠡᠳᠭᠡᠬᠦ᠌ ᠰᠤᠳᠤᠯᠤᠨ ᠶᠠᠷᠢᠯᠴᠠᠬᠤ ᠱᠢᠯᠭᠠᠯᠲᠠ ᠵᠢᠨ ᠬᠠᠭᠤᠳᠠᠰᠤᠶ᠋ᠢ ᠵᠠᠳᠠᠯᠬᠤ᠂ ᠢᠵᠢᠯ ᠬᠢᠴᠢᠶᠡᠯ ᠢ᠋ ᠣᠨᠳᠣᠣ ᠠᠷᠭ᠎ᠠ ᠪᠡᠷ ᠵᠢᠭᠠᠬᠤ᠂ ᠬᠠᠷᠢᠯᠴᠠᠨ ᠪᠠᠭᠰᠢ ᠲᠣᠮᠢᠯᠠᠬᠤ᠂ ᠬᠦᠷᠭᠡᠵᠦ ᠰᠤᠷᠤᠯᠴᠠᠭᠤᠯᠬᠤ ᠵᠡᠷᠭᠡ ᠣᠯᠠᠨ ᠵᠦᠶ᠋ᠯ ᠤ᠋ᠨ ᠬᠡᠯᠪᠡᠷᠢᠪᠡᠷ 50 ᠭᠠᠷᠤᠶ ᠤᠳᠠᠭ᠎ᠠ ᠬᠠᠪᠰᠤᠷᠤᠯᠴᠠᠭ᠎ᠠ ᠪᠠᠢᠭᠤᠯᠤᠭᠰᠠᠨ ᠪᠠᠢᠨ᠎ᠠ ᠃
ᠭᠠᠷ ᠬᠤᠯᠪᠤᠯᠴᠠᠨ ᠬᠠᠮᠲᠤ ᠪᠡᠷ ᠪᠠᠢᠭᠤᠯᠬᠤ ᠠᠵᠢᠯᠯᠠᠭᠠᠶ᠋ᠢ ᠥᠷᠨᠢᠭᠦᠯᠦᠭ᠌ᠰᠡᠨᠡᠴᠡ ᠨᠠᠭᠠᠰᠢ᠂ ᠮᠤᠨᠠ ᠠᠭᠤᠯᠠ ᠳᠤᠮᠳᠠᠳᠤ ᠰᠤᠷᠭᠠᠭᠤᠯᠢ ᠵᠢᠨ 《ᠭᠤᠷᠪᠠᠨ ᠲᠦᠷᠦᠯ ᠤ᠋ᠨ ᠬᠢᠴᠢᠶᠡᠯ》 ᠤ᠋ᠨ ᠪᠠᠭ᠍ᠰᠢ ᠨᠠᠷ ᠤ᠋ᠨ ᠪᠦᠬᠦᠯᠢ ᠴᠣᠭ᠍ᠴᠠ ᠵᠢᠨ ᠬᠢᠷᠢ ᠲᠦᠪᠱᠢᠨ ᠳᠡᠭᠡᠭ᠌ᠰᠢᠯᠡᠭ᠌ᠰᠡᠨ ᠵᠢᠡᠷ ᠪᠠᠷᠠᠬᠤ ᠥᠬᠡᠶ᠂ ᠰᠣᠷᠣᠭ᠍ᠴᠢ ᠵᠢᠨ ᠢᠯᠡᠳᠭᠡᠬᠦ᠌ ᠪᠠ ᠪᠢᠴᠢᠬᠦ᠌ ᠴᠢᠳᠠᠪᠤᠷᠢ ᠴᠤ᠌ ᠶᠡᠬᠡᠪᠡᠷ ᠳᠡᠭᠡᠭ᠌ᠰᠢᠯᠡᠪᠡ᠃ ᠡᠨᠡ ᠵᠢᠯ ᠤ᠋ᠨ ᠪᠦᠭᠦ᠌ ᠬᠣᠱᠢᠭᠤᠨ ᠤ᠋ ᠬᠡᠪᠴᠢᠶᠡᠨ ᠳ᠋ᠤ ᠶᠠᠪᠤᠭᠳᠠᠭᠰᠠᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠵᠢᠨ ᠰᠣᠩᠭᠣᠳᠠᠭ ᠪᠦᠲᠦᠭᠡᠯ ᠢ᠋ ᠤᠩᠱᠢᠨ ᠪᠢᠴᠢᠵᠦ ᠶᠠᠷᠢᠬᠤ ᠱᠢᠷᠢᠰ ᠠᠵᠢᠯᠯᠠᠭ᠎ᠠ ᠳ᠋ᠤ᠂ ᠮᠤᠨᠠ ᠠᠭᠤᠯᠠ ᠳᠤᠮᠳᠠᠳᠤ ᠰᠤᠷᠭᠠᠭᠤᠯᠢ ᠡᠴᠡ ᠰᠤᠩᠭᠤᠨ ᠳᠡᠪᠱᠢᠭᠦᠯᠦᠭ᠌ᠰᠡᠨ 《ᠳᠤᠮᠳᠠᠳᠤ ᠵᠢᠨ ᠮᠠᠭ᠍ᠲᠠᠭᠠᠯ》 ᠨᠢ ᠪᠦᠭᠦ᠌ ᠬᠣᠱᠢᠭᠤᠨ ᠤ᠋ 19 ᠬᠡᠦᠬᠡᠳ ᠤ᠋ᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠵᠢᠨ ᠳᠤᠮᠳᠠ ᠡᠴᠡ ᠴᠣᠯᠭᠣᠷᠠᠨ᠂ ᠨᠢᠭᠡᠳᠦᠭᠡᠷ ᠳᠡᠰ ᠤ᠋ᠨ ᠱᠠᠩᠨᠠᠯ ᠬᠦᠷᠲᠡᠵᠠᠢ᠃
《ᠱᠢᠨ᠎ᠡ ᠰᠤᠷᠤᠯᠭ᠎ᠠ ᠵᠢᠨ ᠬᠤᠭᠤᠴᠠᠭᠠᠨ ᠳ᠋ᠤ᠂ ᠭᠠᠷ ᠬᠤᠯᠪᠤᠯᠴᠠᠨ ᠬᠠᠮᠲᠤ ᠪᠡᠷ ᠪᠠᠢᠭᠤᠯᠬᠤ ᠠᠵᠢᠯᠯᠠᠭᠠᠶ᠋ᠢ ᠦᠷᠭᠦᠯᠵᠢᠯᠡᠨ ᠭᠦᠨᠵᠡᠭᠡᠶ ᠠᠬᠢᠭᠤᠯᠤᠨ᠂ ᠡᠯ᠎ᠡ ᠲᠥᠷᠥᠯ ᠤ᠋ᠨ ᠰᠤᠷᠤᠯᠴᠠᠯᠭ᠎ᠠ ᠪᠣᠯᠪᠠᠰᠤᠷᠠᠯ ᠢ᠋ ᠵᠣᠬᠢᠶᠠᠨ ᠪᠠᠢᠭᠤᠯᠤᠨ ᠪᠥᠬᠥ᠌ ᠰᠤᠷᠭᠠᠭᠤᠯᠢ ᠵᠢᠨ ᠪᠠᠭ᠍ᠰᠢ ᠵᠢᠨ ᠨᠡᠢᠲᠡᠯᠢᠭ ᠬᠡᠯᠡᠨ ᠤ᠋ ᠬᠡᠷᠡᠭ᠌ᠯᠡᠭᠡᠨ ᠤ᠋ ᠬᠢᠷᠢ ᠲᠦᠪᠱᠢᠨ ᠢ᠋ ᠳᠡᠭᠡᠭ᠌ᠰᠢᠯᠡᠭᠦᠯᠵᠦ᠍᠂ 2024 ᠣᠨ ᠪᠣᠯᠬᠤ ᠳ᠋ᠤ ᠬᠢᠴᠢᠶᠡᠯᠯᠡᠵᠦ᠍ ᠪᠠᠢᠭ᠎ᠠ ᠪᠠᠭ᠍ᠰᠢ ᠨᠠᠷ ᠢ᠋ᠴᠥᠮ ᠨᠡᠢᠲᠡᠯᠢᠭ ᠬᠡᠯᠡᠨ ᠤ᠋ ᠬᠣᠶᠠᠳᠤᠭᠠᠷ ᠳᠡᠰ ᠤ᠋ᠨ ᠬᠥᠬᠡᠭ᠌ᠴᠢᠨ ᠬᠢᠷᠢ ᠲᠦᠪᠱᠢᠨᠳᠦ ᠬᠦᠷᠦᠭᠦᠯᠬᠦ᠌ᠪᠡᠷ ᠴᠢᠷᠮᠠᠢᠨ᠎ᠠ᠃ ᠮᠠᠨ ᠤ᠋ ᠪᠠᠭ᠍ᠰᠢ ᠪᠣᠯᠤᠨ ᠰᠤᠷᠤᠭ᠍ᠴᠢᠳᠲᠤ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠰᠤᠷᠬᠤ ᠪᠠᠬᠠᠷᠬᠠᠯᠢ ᠨᠠᠩ ᠢᠯᠡᠭᠦᠸ᠋ ᠮᠡᠳᠡᠷᠡᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠱᠢᠯᠢᠳᠡᠭ ᠤᠯᠠᠮᠵᠢᠯᠠᠯᠲᠤ ᠰᠣᠶᠣᠯ ᠤ᠋ᠨ ᠨᠥᠯᠥᠭᠡᠶ᠋ᠢ ᠭᠥᠷᠳᠡᠭᠡᠨ᠂ ᠰᠣᠶᠣᠯ ᠤ᠋ᠨ ᠬᠡᠪ ᠪᠣᠯᠪᠠᠰᠤᠷᠠᠯ ᠤ᠋ᠨ ᠪᠦᠬᠦᠯᠢ ᠴᠣᠭ᠍ᠴᠠ ᠵᠢᠨ ᠳᠡᠭᠡᠭ᠌ᠰᠢᠯᠡᠯᠲᠡᠶ᠋ᠢ ᠠᠬᠢᠭᠤᠯᠤᠨ᠎ᠠ》 ᠭᠡᠵᠦ᠍ ᠮᠤᠨᠠ ᠠᠭᠤᠯᠠ ᠳᠤᠮᠳᠠᠳᠤ ᠰᠤᠷᠭᠠᠭᠤᠯᠢ ᠵᠢᠨ ᠵᠠᠬᠢᠷᠤᠯ ᠮᠥᠩᠬᠡᠵᠢᠷᠭᠠᠯ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃