2023-08-25 09:49:38
ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠤᠢ᠍ᠢᠯᠠᠭᠠᠭ᠍ᠰᠠᠠᠢᠶᠡᠷ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠬᠦ᠌ ᠶ᠋ᠢᠨ ᠲᠥᠯᠥᠭᠡ᠂ ᠤᠢ᠍ᠢᠷ᠎ᠠ᠎ᠶ᠋ᠢᠨ ᠵᠢᠯ᠎ᠡᠴᠡ ᠮᠠᠨ᠎ᠤ ᠣᠷᠣᠨ ᠪᠠᠭ᠍ᠰᠢ᠎ᠶ᠋ᠢᠨ ᠡᠬᠢ ᠪᠠᠶᠠᠯᠢᠭ᠎ᠤᠨ ᠲᠤᠬᠢᠷᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠢ ᠲᠥᠯᠥᠪᠵᠢᠭᠦᠯᠵᠦ᠍᠂ ᠤᠯᠠᠠ ᠵᠦᠢᠯ᠎ᠦᠨ ᠠᠷᠭ᠎ᠠ ᠬᠡᠮᠵᠢᠢ᠎ᠡ ᠵᠢ ᠵᠡᠷᠭᠡ ᠪᠡᠷ ᠬᠡᠷᠡᠭᠯᠡᠵᠤ᠂ ᠤᠤᠯ᠎ᠤᠨ ᠦᠨᠳᠦᠰᠦᠲᠡᠨ᠎ᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠵᠢᠨ ᠪᠠᠭ᠍ᠰᠢ᠎ᠶ᠋ᠢᠨ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠪᠠᠭ᠍ᠰᠢ᠎ᠶ᠋ᠢᠨ ᠠᠵᠢᠯ᠎ᠤᠨ ᠭᠠᠵᠠᠷ᠎ᠤᠨ ᠳᠠᠷᠤᠭ᠎ᠠ ᠸᠠᠩ ᠵᠢᠶᠦ᠋ᠨ ᠸᠧᠶ ᠵᠢᠨ ᠲᠠᠨᠢᠯᠴᠠᠭᠤᠯᠤᠭᠰᠠᠨ ᠵᠢᠡᠷ᠂ ᠮᠠᠨ᠎ᠤ ᠣᠷᠣᠨ ᠪᠠᠭ᠍ᠰᠢ ᠨᠠᠷ᠎ᠤᠨ ᠨᠢᠭᠡ ᠬᠤᠳᠠᠨ ᠳ᠋ᠠᠭᠠᠨ ᠰᠤᠷᠭᠠᠭᠤᠯᠢ ᠠᠯᠤᠰᠯᠠᠨ ᠪᠠᠭ᠍ᠰᠢᠯᠠᠬᠤ ᠲᠣᠭ᠍ᠲᠠᠴᠠ᠎ᠶ᠋ᠢ ᠪᠠᠢᠭᠤᠯᠵᠤ᠂ ᠬᠠᠷᠢᠶ᠎ᠠ ᠱᠢᠶᠠᠨ᠎ᠤ ᠬᠡᠪᠴᠢᠶᠡᠨ᠎ᠳᠡᠬᠢ ᠰᠤᠷᠭᠠᠭᠤᠯᠢ᠎ᠶ᠋ᠢᠨ ᠪᠠᠭ᠍ᠰᠢ᠎ᠵᠢᠨ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠭ᠌ᠰᠡᠨ ᠰᠠᠭᠤᠷᠢᠨ ᠳᠡᠭᠡᠷ᠎ᠡ᠂ ᠣᠢᠷ᠎ᠠ ᠬᠠᠪᠢ᠎ᠵᠢᠨ ᠵᠢᠡᠨ ᠦᠨᠳᠦᠰᠦᠲᠡᠨ᠎ᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ ᠣᠴᠢᠵᠤ ᠪᠠᠭ᠍ᠰᠢᠯᠠᠬᠤ ᠪᠤᠶᠤ ᠬᠢᠴᠢᠶᠡᠯ ᠣᠷᠣᠬᠤ᠎ᠶ᠋ᠢ ᠤᠷᠮᠠᠰᠢᠭᠤᠯᠤᠨ ᠵᠣᠷᠢᠭ᠍ᠵᠢᠭᠤᠯᠪᠠ᠃ ᠬᠢᠴᠢᠶᠡᠯ ᠬᠠᠪᠰᠤᠷᠭᠠᠭ᠍ᠰᠠᠨ ᠪᠠᠭ᠍ᠰᠢ ᠤᠤᠯ ᠰᠤᠷᠭᠠᠭᠤᠯᠢ᠎ᠶ᠋ᠢᠨ ᠵᠢᠡᠨ ᠴᠠᠯᠢᠩ ᠬᠠᠷᠠᠭᠠᠯᠵᠠᠯ᠎ᠢ ᠡᠳ᠋ᠯᠡᠬᠦ᠌᠎ᠡᠴᠡ ᠭᠠᠳᠠᠨ᠎ᠠ᠂ ᠬᠢᠴᠢᠶᠡᠯ ᠬᠠᠪᠰᠤᠷᠭᠠᠭ᠍ᠰᠠᠨ ᠰᠤᠷᠭᠠᠭᠤᠯᠢ ᠵᠢᠨ ᠬᠢᠨ ᠪᠠᠰᠠ ᠵᠣᠬᠢᠬᠤ ᠬᠡᠮᠵᠢᠶᠡᠨ᠎ᠦ ᠬᠢᠴᠢᠶᠡᠯ ᠬᠠᠪᠰᠤᠷᠭᠠᠭ᠍ᠰᠠᠨ ᠬᠠᠷᠠᠮᠵᠢ ᠪᠠ ᠵᠠᠮ ᠬᠠᠷᠢᠯᠴᠠᠭᠠᠨ᠎ᠤ ᠨᠥᠬᠥᠪᠥᠷᠢ ᠥᠭ᠌ᠭᠦᠨ᠎ᠡ᠃ ᠲᠠᠬᠢᠪᠠᠯ᠂ 2021 ᠣᠨ᠎ᠠᠴᠠ ᠡᠬᠢᠯᠡᠨ᠂ ᠮᠠᠨ᠎ᠤ ᠣᠷᠣᠨ ᠠᠬᠠᠮᠠᠤᠨ ᠪᠠᠭ᠍ᠰᠢ ᠨᠠᠷ᠎ᠤᠨ ᠬᠢᠴᠢᠶᠡᠯ ᠵᠢᠭᠠᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠡᠯ᠎ᠡ ᠭᠠᠵᠠᠷ᠎ᠤᠨ ᠬᠢᠨ᠎ᠦ ᠲᠠᠪᠤᠨ ᠵᠢᠯ᠎ᠦᠨ ᠳᠣᠲᠣᠷᠠᠬᠢ ᠠᠵᠢᠯ᠎ᠠᠴᠠ ᠪᠠᠨ ᠠᠮᠠᠷᠠᠭ᠍ᠰᠠᠨ ᠱᠢᠯᠢᠳᠡᠭ᠂ ᠭᠤᠤᠯᠯᠠᠭ᠍ᠴᠢ ᠪᠠᠭ᠍ᠰᠢ᠎ᠶ᠋ᠢ ᠤᠷᠢᠵᠤ ᠠᠵᠢᠯ᠎ᠤᠨ ᠪᠠᠢᠷᠢ᠎ᠳᠠᠭᠠᠨ ᠪᠤᠴᠠᠵᠤ ᠪᠠᠭ᠍ᠰᠢᠯᠠᠬᠤᠶ᠋ᠢ ᠵᠣᠷᠢᠭ᠍ᠵᠢᠭᠤᠯᠪᠠ᠃ ᠳᠠᠬᠢᠨ ᠤᠷᠢᠭ᠍ᠳᠠᠭᠰᠠᠨ ᠪᠠᠭ᠍ᠰᠢ ᠳ᠋ᠤ ᠠᠵᠢᠯ᠎ᠠᠴᠠ ᠪᠠᠨ ᠠᠮᠠᠷᠠᠭ᠍ᠰᠠᠨ ᠣᠯᠭᠣᠮᠵᠢ ᠬᠦᠷᠳᠡᠭᠡᠮᠵᠢ ᠵᠢᠨ ᠬᠢᠨᠢ ᠰᠠᠭᠤᠷᠢᠨ ᠳᠡᠭᠡᠷ᠎ᠡ᠂ ᠬᠥᠮᠦᠨ ᠪᠦᠷᠢᠳᠦ ᠵᠢᠯ ᠪᠦᠷᠢ 4 ᠲᠦᠮᠡᠨ ᠲᠥᠭᠥᠷᠢᠭ᠎ᠦᠨ ᠠᠵᠢᠯ᠎ᠤᠨ ᠨᠥᠬᠥᠪᠥᠷᠢ ᠣᠯᠭᠣᠨ᠎ᠠ᠃ ᠡᠭᠦᠨ᠎ᠡᠴᠡ ᠭᠠᠳᠠᠨ᠎ᠠ᠂ ᠪᠠᠭ᠍ᠰᠢ᠎ᠨᠠᠷ᠎ᠤᠨ ᠰᠣᠯᠢᠯᠴᠠᠭ᠎ᠠ ᠬᠢᠬᠦ ᠡᠷᠴᠢᠮ᠎ᠢ ᠴᠢᠩᠭᠠᠷᠠᠭᠤᠯᠵᠤ᠂ ᠱᠢᠶᠠᠨ᠎ᠠᠴᠠ ᠰᠤᠷᠭᠠᠭᠤᠯᠢ᠎ᠶ᠋ᠢ ᠬᠠᠮᠢᠶᠠᠷᠬᠤ ᠤᠷᠢᠵᠤ ᠬᠡᠷᠡᠭ᠌ᠯᠡᠬᠦ᠌ ᠥᠭᠡᠷᠡᠴᠢᠯᠡᠯᠲᠡ᠎ᠶ᠋ᠢᠨ ᠱᠠᠭᠠᠷᠳᠠᠯᠭ᠎ᠠ ᠲᠠᠶ ᠤᠶᠠᠯᠳᠤᠭᠤᠯᠤᠨ᠂ ᠡᠯ᠎ᠡ ᠬᠣᠱᠢᠭᠤ ᠱᠢᠶᠠᠨ (ᠬᠣᠲᠠ᠂ ᠲᠣᠭᠣᠷᠢᠭ) ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠰᠤᠯᠢᠯᠴᠠᠭ᠎ᠠ ᠬᠢᠬᠦ ᠬᠥᠮᠦᠨ᠎ᠦ ᠲᠣᠭ᠎ᠠ ᠪᠠ ᠡᠷᠴᠢᠮ᠎ᠢ ᠴᠢᠩᠭᠠᠷᠠᠭᠤᠯᠵᠤ᠂ ᠮᠡᠷᠭᠡᠵᠢᠯ᠎ᠦᠨ ᠴᠣᠯᠠ᠎ᠶ᠋ᠢ ᠬᠡᠯᠪᠡᠢᠯᠭᠡᠬᠦ᠌ ᠲᠥᠷᠥ ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠂ ᠠᠵᠢᠯ᠎ᠤᠨ ᠪᠠᠢᠷᠢ᠎ᠳᠤ ᠤᠷᠢᠵᠤ ᠬᠡᠷᠡᠭ᠌ᠯᠡᠬᠦ᠌᠎ᠶ᠋ᠢ ᠤᠷᠢᠳ᠎ᠢᠶᠠᠷ ᠨᠢᠭᠡᠳᠦᠯᠲᠡᠶ ᠲᠥᠯᠥᠪᠯᠡᠬᠦ᠌ ᠵᠡᠷᠭᠡ ᠤᠷᠮᠠᠱᠢᠭᠤᠯᠬᠤ ᠲᠣᠭ᠍ᠲᠠᠴᠠ ᠵᠢ ᠬᠡᠷᠡᠭᠵᠢᠬᠦᠯᠬᠦ ᠪᠠᠷ ᠳᠠᠮᠵᠢᠭᠤᠯᠤᠨ᠂ ᠨᠠᠩ ᠣᠯᠠᠨ ᠱᠢᠯᠢᠳᠡᠭ ᠵᠠᠯᠠᠭᠤ ᠪᠠᠭ᠍ᠰᠢ ᠨᠠᠷ᠎ᠢ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ ᠣᠴᠢᠵᠤ ᠣᠷᠣᠯᠠᠨ ᠬᠢᠴᠢᠶᠡᠯᠯᠡᠬᠥᠶ᠋ᠢ ᠬᠥᠲᠥᠯᠥᠨ ᠵᠢᠯᠣᠭᠣᠳᠪᠠ᠃
《ᠰᠤᠷᠭᠠᠨ ᠬᠥᠮᠦᠵᠢᠯ᠎ᠦᠨ ᠲᠢᠩᠬᠢᠮ᠎ᠡᠴᠡ ᠪᠠᠰᠠ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠬᠢᠨ ᠬᠠᠷᠢᠶ᠎ᠠ ᠰᠤᠷᠭᠠᠭᠤᠯᠢ ᠪᠠᠨ ᠵᠢᠯᠣᠭᠣᠳᠴᠤ᠌ ᠪᠠᠢᠭᠠᠳ ᠳᠤᠲᠠᠬᠳᠠᠵᠤ ᠪᠠᠢᠭ᠎ᠠ ᠪᠠᠭ᠍ᠰᠢ ᠨᠠᠷ᠎ᠢ ᠣᠨ ᠬᠤᠪᠢᠶᠠᠨ᠂ ᠬᠢᠴᠢᠶᠡᠯ ᠲᠥᠷᠥᠯ ᠬᠤᠪᠢᠶᠠᠨ ᠨᠥᠬᠥᠪᠥᠷᠢᠯᠡᠬᠦ᠌ ᠲᠥᠰᠦᠯ ᠭᠠᠷᠭᠠᠵᠤ᠂ ᠲᠤᠳᠠᠭᠳᠠᠵᠤ ᠪᠠᠢᠭ᠎ᠠ ᠪᠠᠭᠰᠢ ᠵᠢ ᠦᠨᠡᠨ ᠬᠦ᠌ ᠭᠦᠶ᠋ᠴᠡᠳ ᠨᠥᠬᠥᠪᠥᠷᠢᠯᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠲᠣᠬᠢᠷᠠᠭᠤᠯᠤᠯᠲᠠ ᠬᠢᠭ᠌ᠰᠡᠨ ᠪᠠᠢᠳᠠᠯ᠎ᠠᠴᠠ ᠦᠵᠡᠪᠡᠯ᠂ ᠡᠯ᠎ᠡ ᠠᠢᠮᠠᠭ ᠬᠣᠲᠠ᠎ᠶ᠋ᠢᠨ ᠣᠲᠣ᠎ᠶ᠋ᠢᠨ ᠪᠠᠢᠭ᠎ᠠ ᠣᠷᠣᠨ ᠲᠣᠭ᠎ᠠ ᠪᠠ ᠬᠣᠭᠣᠰᠣᠨ ᠣᠷᠣᠨ ᠲᠣᠭ᠎ᠠ᠎ᠨᠢ ᠪᠠᠭ᠍ᠰᠢ᠎ᠶ᠋ᠢ ᠨᠥᠬᠥᠪᠥᠷᠢᠯᠡᠬᠦ᠌ ᠬᠡᠷᠡᠭ᠌ᠴᠡᠭᠡ᠎ᠶ᠋ᠢ ᠪᠦᠷᠢᠮᠦᠰᠦᠨ ᠪᠠᠲᠤᠯᠠᠵᠤ᠂ ᠮᠠᠨ᠎ᠤ ᠣᠷᠣᠨ᠎ᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠬᠦ᠌᠎ᠳᠦ ᠴᠢᠩᠭ᠎ᠠ ᠬᠦᠴᠦᠲᠡᠶ ᠪᠠᠭ᠍ᠰᠢ᠎ᠵᠢᠨ ᠪᠠᠲᠤᠯᠠᠭ᠎ᠠ ᠬᠠᠩᠭᠠᠪᠠ》 ᠭᠡᠵᠦ᠍ ᠸᠠᠩ ᠵᠢᠶᠦ᠋ᠨ ᠸᠧᠶ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃