ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-04-28 11:09:49

ᠵᠣᠬᠢᠶᠠᠭ᠍ᠴᠢ᠄ ​ ᠸᠠᠩ ᠢᠦᠶ ᠵᠦᠧᠧ ᠴᠢᠮᠡᠭᠡᠯᠡᠭ᠌ᠴᠢ ᠼᠦᠢ ᠱᠸ᠋ ᠲᠤᠤ ᠣᠩᠱᠢᠭ᠍ᠰᠠᠨ ᠣᠳᠠᠭ᠎ᠠ᠄ 3

《ᠠᠷᠪᠠᠨ ᠳᠥᠷᠪᠡᠳᠦᠭᠡᠷ ᠲᠠᠪᠤᠨ ᠵᠢᠯ》 ᠡᠴᠠ ᠨᠠᠭᠠᠰᠢ᠂ ᠣᠷᠳᠣᠰ ᠬᠣᠲᠠ ᠱᠢᠶᠠᠨ᠎ᠤ ᠲᠠᠰ᠎ᠤᠨ ᠬᠣᠲᠠ ᠲᠣᠭᠣᠷᠢᠭ᠎ᠢᠶᠠᠷ ᠭᠤᠤᠯᠳᠠᠯᠭ᠎ᠠ ᠪᠣᠯᠭᠠᠭ᠍ᠰᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠢᠨᠠᠨ ᠵᠢᠯᠣᠭᠣᠳᠴᠤ᠌ ᠦᠨᠡᠯᠡᠨ ᠵᠢᠱ᠌ᠢᠬᠦ ᠬᠣᠲᠠ᠎ᠶ᠋ᠢᠨ ᠲᠠᠰ᠎ᠤᠨ ᠳᠠᠬᠢᠨ ᠱᠢᠯᠭᠠᠷᠠᠭᠤᠯᠤᠯᠲᠠ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠦᠨ ᠲᠣᠭᠣᠷᠢᠨ᠎ᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠂ ᠳᠤᠮᠳᠠᠳᠤ᠎ᠶ᠋ᠢᠨ ᠱᠢᠯᠢᠳᠡᠭ ᠰᠣᠶᠣᠯ᠎ᠢ ᠤᠯᠠᠮᠵᠢᠯᠠᠨ ᠪᠠᠳᠠᠷᠠᠭᠤᠯᠬᠤ ᠪᠡᠷ ᠬᠠᠷᠠᠯᠲᠠ ᠪᠤᠯᠭᠠᠵᠤ᠂ ᠦᠨᠳᠦᠰᠦᠨ ᠱᠠᠲᠤᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠤᠬᠠᠭᠤᠯᠭ᠎ᠠ ᠬᠥᠮᠦᠵᠢᠯ᠎ᠦᠨ《ᠲᠤᠯᠤᠭᠠᠨ ᠨᠢᠭᠡ ᠵᠢᠨ ᠢᠨᠵᠧᠨᠧᠷᠢᠩ +》 ᠵᠢᠡᠷ ᠭᠠᠷᠳᠠᠴᠠ ᠪᠣᠯᠭᠠᠵᠤ᠂ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ ᠪᠣᠯᠤᠨ ᠭᠠᠴᠠᠭ᠎ᠠ ᠲᠣᠰᠭᠣᠨ ᠨᠡᠢᠭᠡᠮ ᠲᠣᠭᠣᠷᠢᠭ᠎ᠢᠶᠠᠷ ᠭᠣᠣᠯᠳᠠᠯᠭ᠎ᠠ ᠪᠣᠯᠭᠠᠭ᠍ᠰᠠᠨ ᠣᠷᠣᠨ ᠪᠦᠰᠡ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠠᠷᠢᠮᠵᠢᠶ᠎ᠠ᠎ᠳᠤ ᠬᠦᠷᠭᠡᠬᠦ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠤᠭᠰᠠᠨ ᠪᠠᠢᠨ᠎ᠠ᠃

ᠶᠡᠷᠦ ᠵᠢᠨ ᠪᠣᠯᠪᠠᠰᠤᠷᠠᠯ᠎ᠦᠨ ᠦᠵᠡᠯ ᠤᠬᠠᠮᠰᠠᠷ᠎ᠢ ᠴᠢᠩᠭᠠᠳᠭᠠᠪᠠ᠃ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢ》 ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ》 ᠪᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ《ᠱᠢᠨ᠎ᠡ ᠴᠠᠭ ᠦᠶ᠎ᠡ᠎ᠶ᠋ᠢᠨ ᠦᠭᠡ ᠬᠡᠯᠡ ᠥᠰᠥᠭ ᠪᠢᠴᠢᠭ᠎ᠦᠨ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠰᠠᠨᠠᠯ》 ᠵᠡᠷᠭᠡ᠎ᠪᠡᠷ ᠭᠤᠤᠯᠳᠠᠯᠭ᠎ᠠ ᠪᠣᠯᠭᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ᠎ᠶ᠋ᠢ ᠤᠶᠠᠯᠳᠤᠭᠤᠯᠤᠭ᠍ᠰᠠᠨ ᠬᠠᠮᠢᠶ᠎ᠠ ᠪᠦᠬᠦᠢ ᠪᠣᠯᠪᠠᠰᠤᠷᠠᠯ᠎ᠦᠷᠨᠢᠬᠦᠯᠵᠦ᠂ ᠦᠨᠳᠦᠰᠦᠨ ᠱᠠᠲᠤᠨ᠎ᠤ ᠺᠠᠳ᠋ᠷ᠂ ᠪᠠᠭ᠍ᠰᠢ᠂ ᠵᠠᠯᠠᠭᠤ ᠢᠳᠡᠷᠴᠤᠤᠯ ᠎ᠢ ᠨᠡᠢᠲᠡ 237543 ᠬᠥᠮᠦᠨ ᠤᠳᠠᠭ᠎ᠠ ᠤᠷᠤᠯᠴᠠᠭᠤᠯᠵᠤ᠂ ᠭᠤᠤᠯᠳᠠᠯᠭ᠎ᠠ᠎ᠲᠠᠶ ᠬᠥᠮᠦᠰ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠠᠤᠯᠢᠵᠢᠯ᠎ᠤᠨ ᠤᠬᠠᠮᠰᠠᠷ ᠂ ᠲᠦᠷᠢᠮᠵᠢᠯ᠎ᠤᠨ ᠤᠬᠠᠮᠰᠠᠷ᠎ᠢ ᠲᠠᠰᠤᠷᠠᠯᠲᠠ ᠥᠬᠡᠶ ᠴᠢᠩᠭᠠᠳᠭᠠᠪᠠ᠃

ᠪᠠᠷᠢᠮᠵᠢᠶ᠎ᠠ᠎ᠳᠤ ᠬᠦᠷᠭᠡᠬᠦ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠪᠡ᠃ ᠪᠦᠲᠦᠭᠡᠨ ᠪᠠᠢᠭᠤᠯᠵᠤ ᠠᠱᠢᠭ᠍ᠯᠠᠯᠲᠠ᠎ᠳᠤ ᠣᠷᠣᠭᠤᠯᠤᠭᠠᠳ 2 ᠵᠢᠯ᠎ᠡᠴᠡ ᠳᠡᠭᠡᠭ᠌ᠰᠢ ᠪᠣᠯᠤᠭ᠍ᠰᠠᠨ ᠡᠯ᠎ᠡ ᠱᠠᠲᠤᠨ᠎ᠤ ᠰᠤᠷᠭᠠᠭᠤᠯᠢ ᠨᠤᠭᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠪᠠᠷᠢᠮᠵᠢᠶ᠎ᠠ᠎ᠳᠤ ᠬᠦᠷᠭᠡᠬᠦ ᠪᠠᠢᠭᠤᠯᠤᠯᠲᠠ᠎ᠶ᠋ᠢ ᠪᠦᠬᠦ᠌ ᠲᠠᠯ᠎ᠠ ᠎ᠪᠠᠷ ᠪᠡᠶᠡᠯᠡᠭᠦᠯᠵᠦ᠂ ᠰᠤᠷᠭᠠᠨ ᠬᠥᠮᠦᠵᠢᠯ᠎ᠦᠨ ᠶᠠᠮᠤᠨ᠎ᠤ《ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠰᠠᠨᠠᠯ》 ᠎ᠤ᠋ᠨ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠬᠢᠴᠢᠶᠡᠯ᠎ᠦᠨ ᠪᠠᠢᠷᠢᠯᠠᠭᠤᠯᠤᠯᠲᠠ᠂ ᠵᠢᠭᠠᠨ ᠰᠤᠷᠭᠠᠯᠲᠠ᠎ᠶ᠋ᠢᠨ ᠬᠡᠪ ᠲᠦᠷᠢᠮ᠂ ᠡᠷᠳᠡᠮ ᠱᠢᠨᠵᠢᠯᠡᠭᠡᠨ᠎ᠢᠶᠡᠷ ᠬᠥᠲᠥᠯᠥᠨ ᠳᠠᠭᠠᠭᠤᠯᠬᠤ᠂ ᠴᠢᠳᠠᠪᠤᠷᠢ᠎ᠶ᠋ᠢ ᠰᠢᠯᠭᠠᠨ ᠪᠠᠢᠴᠠᠭᠠᠬᠤ ᠵᠡᠷᠭᠡ ᠲᠠᠯ᠎ᠠ᠎ᠪᠠᠷ ᠪᠠᠷᠢᠮᠵᠢᠶ᠎ᠠ᠎ᠳᠤ ᠬᠦᠷᠦᠭ᠌ᠰᠡᠨ ᠶᠠᠰᠤ ᠴᠢᠨᠠᠷ᠎ᠢ ᠳᠠᠬᠢᠨ ᠪᠠᠢᠴᠠᠭᠠᠬᠤ ᠪᠠ ᠵᠢᠱ᠌ᠢᠶ᠎ᠡ ᠦᠵᠡᠭᠦᠯᠬᠦ ᠡᠭᠦᠳᠦᠨ ᠪᠠᠢᠭᠤᠯᠤᠯᠳᠠ ᠵᠢ ᠦᠨᠡᠯᠡᠨ ᠵᠢᠱ᠌ᠢᠬᠦ ᠵᠢ ᠪᠠᠢᠩᠭᠤ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠪᠡ᠃ ᠣᠳᠣᠬᠠᠨ᠎ᠳᠤ ᠬᠣᠲᠠ᠎ᠶ᠋ᠢᠨ ᠱᠠᠲᠤᠨ᠎ᠠᠴᠠ ᠳᠡᠭᠡᠭ᠌ᠰᠢᠬᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠱ᠌ᠢᠶ᠎ᠡ ᠦᠵᠡᠭᠦᠯᠬᠦ᠌ ᠰᠤᠷᠭᠠᠭᠤᠯᠢ᠎ᠶ᠋ᠢᠨ ᠬᠠᠷᠢᠴᠠᠯ 24.8% ᠳ᠋ᠤ ᠬᠦᠷᠴᠦ᠍ ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠠᠷᠠᠯᠲᠠ᠎ᠶ᠋ᠢ ᠤᠷᠢᠳᠴᠢᠯᠠᠨ ᠪᠡᠶᠡᠯᠡᠭᠦᠯᠪᠡ᠃

ᠲᠤᠰᠭᠠᠶ ᠵᠦᠢᠯ᠎ᠦᠨ ᠪᠠᠢᠴᠠᠭᠠᠯᠲᠠ᠎ᠬᠢᠵᠤ ᠣᠷᠴᠢᠨ ᠲᠣᠭᠣᠷᠢᠨ᠎ᠢ ᠱᠢᠯᠢᠳᠡᠭ᠌ᠵᠢᠭᠦᠯᠪᠡ᠃ ᠡᠯ᠎ᠡ ᠱᠠᠲᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ ᠲᠦᠷᠦᠭᠦᠯᠡᠨ᠂ ᠬᠠᠮᠲᠤᠷᠠᠬᠰᠠᠨ ᠤᠬᠠᠭᠤᠯᠭ᠎ᠠ ᠬᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠵᠢᠯ ᠪᠦᠷᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠣᠲᠠ᠎ᠶ᠋ᠢᠨ ᠲᠣᠭᠣᠷᠢᠭ ᠵᠢᠴᠢ ᠰᠤᠮᠤ ᠱᠢᠶᠠᠩ ᠪᠠᠯᠭᠠᠰᠤ᠎ᠶ᠋ᠢᠨ ᠵᠡᠭᠡᠯᠢ ᠭᠤᠳᠤᠮᠵᠢ᠎ᠶ᠋ᠢᠨ ᠡᠭᠦᠳᠡᠨ ᠳᠡᠭᠡᠷᠡᠬᠢ ᠫᠠᠢᠰᠠ ᠢᠯᠡᠷᠬᠡᠢᠯᠡᠯ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠨᠢᠭᠡᠴᠢ ᠵᠡᠷᠭᠡ᠎ᠳᠦ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠪᠠᠢᠨᠭᠭᠤ ᠵᠢᠨ ᠪᠠᠢᠴᠠᠭᠠᠯᠲᠠ ᠥᠷᠨᠢᠭᠦᠯᠵᠦ᠍᠂ ᠡᠯ᠎ᠡ ᠲᠥᠷᠥᠯ᠎ᠦᠨ ᠫᠠᠢᠰᠠ ᠢᠯᠡᠷᠬᠡᠢᠯᠡᠯ᠂ ᠠᠯᠪᠠᠨ ᠵᠠᠷ ᠂ ᠵᠠᠷ ᠮᠡᠳᠡᠭᠡ ᠵᠡᠷᠭᠡ 2 ᠲᠦᠮᠡ ᠭᠠᠷᠤᠶ ᠭᠠᠵᠠᠷ᠎ᠢ ᠪᠠᠢᠴᠠᠭᠠᠵᠤ᠂ ᠴᠡᠭ᠌ᠴᠡᠯᠡᠨ ᠰᠠᠢᠵᠢᠷᠠᠭᠤᠯᠬᠤ ᠮᠡᠳᠡᠭ᠌ᠳᠡᠯ᠎ᠦᠨ ᠪᠢᠴᠢᠭ᠎ᠢ 1377 ᠬᠤᠪᠢ ᠪᠠᠭᠤᠯᠭᠠᠵᠤ᠂ ᠨᠡᠢᠭᠡᠮ᠎ᠦᠨ ᠬᠡᠷᠡᠭ᠌ᠯᠡᠭᠡᠨ᠎ᠦ ᠦᠰᠦᠭ ᠪᠢᠴᠢᠭ᠎ᠦᠨ ᠲᠦᠷᠢᠮᠵᠢᠭᠰᠡᠨ ᠬᠡᠮᠵᠢᠶ᠎ᠡ᠎ᠶ᠋ᠢ ᠮᠡᠳᠡᠭ᠌ᠳᠡᠬᠦᠢᠴᠡ ᠳᠡᠭᠡᠭ᠌ᠰᠢᠯᠡᠭᠦᠯᠪᠡ᠃

ᠪᠣᠰᠣᠭ᠎ᠠ ᠴᠣᠭ᠍ᠴᠠᠲᠤ ᠤᠬᠠᠭᠤᠯᠭ᠎ᠠ᠎ᠶ᠋ᠢᠨ ᠵᠢᠭ᠍ᠰᠠᠭᠠᠯ᠎ᠢ ᠪᠦᠷᠢᠯᠳᠦᠭᠦᠯᠪᠡ᠃ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠂ ᠬᠣᠲᠠ ᠪᠠᠯᠭᠠᠰᠤ᠎ᠶ᠋ᠢᠨ ᠵᠡᠭᠡᠯᠢ ᠲᠣᠭᠣᠷᠢᠭ ᠵᠢᠴᠢ ᠨᠡᠢᠭᠡᠮ ᠲᠣᠭᠣᠷᠢᠭ᠎ᠤᠨ ᠠᠭᠤᠳᠠᠮ ᠲᠠᠯᠠᠪᠠᠶ ᠵᠡᠷᠭᠡ᠎ᠶ᠋ᠢ ᠭᠦᠶ᠋ᠴᠡᠳ ᠠᠱᠢᠭ᠍ᠯᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠰᠠᠭᠤᠷᠢᠨ᠂ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠂ ᠵᠢᠱ᠌ᠢᠶ᠎ᠡ ᠦᠵᠡᠭᠦᠯᠬᠦ᠌ ᠵᠡᠭᠡᠯᠢ ᠭᠤᠳᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠥᠷᠨᠢᠭᠦᠯᠵᠦ᠍᠂ ᠬᠣᠱᠢᠭᠤ ᠲᠣᠭᠣᠷᠢᠭ ᠪᠤᠯᠭᠠᠨ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠰᠠᠭᠤᠷᠢᠨ᠂ ᠦᠭᠡ ᠬᠡᠯᠡ ᠥᠰᠥᠭ ᠪᠢᠴᠢᠭ᠎ᠦᠨ ᠵᠢᠱ᠌ᠢᠶ᠎ᠡ ᠦᠵᠡᠭᠦᠯᠬᠦ᠌ ᠵᠡᠭᠡᠯᠢ ᠵᠢ ᠪᠠᠢᠭᠤᠯᠵᠤ᠂ ᠰᠤᠮᠤ ᠱᠢᠶᠠᠩ ᠪᠠᠯᠭᠠᠰᠤ ᠪᠦᠬᠦᠨ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠪᠠᠢᠭᠤᠯᠪᠠ᠃ ᠣᠳᠣᠬᠠᠨ ᠪᠣᠯᠲᠠᠯ᠎ᠠ ᠣᠷᠳᠣᠰ ᠬᠣᠲᠠ ᠰᠤᠷᠳᠠᠯ ᠤᠬᠠᠭᠤᠯᠭ᠎ᠠ᠂ ᠨᠢᠭᠡᠳᠦᠮᠡᠯ ᠹᠷᠣᠨᠲ᠂ ᠰᠤᠷᠭᠠᠨ ᠬᠥᠮᠦᠵᠢᠯ ᠵᠡᠷᠭᠡ ᠬᠦᠷᠢᠶ᠎ᠡ᠎ᠶ᠋ᠢ ᠬᠠᠮᠤᠷᠤᠭ᠍ᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠰᠠᠭᠤᠷᠢᠨ ᠎ᠢ 1᠂ ᠬᠣᠲᠠ᠎ᠶ᠋ᠢᠨ ᠲᠠᠰ᠎ᠤᠨ ᠰᠠᠭᠤᠷᠢᠨ᠎ᠢ 14 ᠪᠠᠢᠭᠤᠯᠵᠤ᠂ ᠰᠤᠮᠤ ᠱᠢᠶᠠᠩ ᠪᠠᠯᠭᠠᠰᠤ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠤᠬᠠᠭᠤᠯᠭ᠎ᠠ᠎ᠶ᠋ᠢᠨ ᠰᠠᠭᠤᠷᠢᠨ᠎ᠢ 39 ᠂ ᠵᠢᠱ᠌ᠢᠶ᠎ᠡ ᠦᠵᠡᠭᠦᠯᠬᠦ᠌ ᠵᠡᠭᠡᠯᠢ ᠵᠢ 9 ᠪᠠᠢᠭᠤᠯᠵᠤ᠂ ᠡᠯ᠎ᠡ ᠱᠠᠲᠤᠨ᠎ᠤ ᠵᠠᠭᠤᠴᠢᠯᠠᠭᠤᠷ᠎ᠦᠨ ᠬᠢᠨ ᠦᠭᠡ ᠬᠡᠯᠡ ᠥᠰᠥᠭ ᠪᠢᠴᠢᠭ᠎ᠦᠨ ᠲᠤᠰᠭᠠᠶ ᠪᠤᠯᠤᠩ᠎ᠢ 10 ᠨᠡᠭᠡᠭᠡᠵᠦ᠍᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ᠎ᠶ᠋ᠢ ᠤᠶᠠᠯᠳᠤᠭᠤᠯᠤᠭ᠍ᠰᠠᠨ ᠪᠣᠰᠣᠭ᠎ᠠ ᠴᠣᠭ᠍ᠴᠠᠲᠤ ᠤᠬᠠᠭᠤᠯᠭ᠎ᠠ᠎ᠶ᠋ᠢᠨ ᠵᠢᠭ᠍ᠰᠠᠭᠠᠯ᠎ᠢ ᠪᠥᠬᠥ᠌ ᠲᠠᠯ᠎ᠠ᠎ᠪᠠᠷ ᠪᠤᠢ ᠪᠤᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠲᠦᠷᠢᠮᠵᠢᠬᠦᠯᠬᠦ ᠦᠵᠡᠯ ᠤᠬᠠᠮᠰᠠᠷ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠪᠠ᠃

ᠲᠦᠷᠦᠯ ᠲᠡᠮᠳᠡᠭ᠎ᠤᠨ ᠠᠵᠢᠯ ᠢᠯᠡᠳᠳᠠ ᠦᠷ᠎ᠡ ᠪᠦᠲᠦᠮᠵᠢ ᠣᠯᠪᠠ᠃ ᠣᠷᠳᠣᠰ᠎ᠤᠨ ᠦᠭᠡ ᠬᠡᠯᠡᠨ᠎ᠦ ᠤᠷᠠᠯᠢᠭ᠎ᠤᠨ ᠨᠠᠢᠷ᠎ᠢᠶᠠᠷ ᠤᠳᠤᠷᠢᠳᠤᠮᠵᠢ ᠪᠣᠯᠭᠠᠵᠤ᠂ ᠪᠥᠬᠥ᠌ ᠤᠯᠤᠰ᠎ᠤᠨ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ᠎ᠢᠶᠠᠷ ᠲᠠᠪᠴᠠᠩ ᠪᠣᠯᠭᠠᠵᠤ᠂ 《ᠬᠣᠱᠢᠭᠤ ᠪᠤᠯᠭᠠᠨ ᠨᠢᠭᠡ ᠲᠦᠷᠦᠯ ᠲᠡᠮᠳᠡᠭ ᠲᠠᠢ ᠂ ᠪᠥᠬᠥ᠌ ᠠᠷᠠᠳ᠎ᠢᠶᠡᠷ᠎ᠢᠶᠡᠨ ᠣᠷᠣᠯᠴᠠᠬᠤ》ᠱᠢᠷᠢᠰ ᠲᠦᠷᠦᠯ ᠲᠡᠮᠳᠡᠭ᠎ᠤᠨ ᠠᠵᠢᠯᠯᠠᠭ᠎ᠠ᠎ᠶ᠋ᠢᠨ ᠡᠩᠨᠡᠭᠡ᠎ᠶ᠋ᠢ ᠪᠦᠷᠢᠯᠳᠦᠭᠦᠯᠪᠡ᠂ ᠵᠥᠪᠬᠡᠨ ᠣᠷᠳᠣᠰ᠎ᠤᠨ ᠦᠭᠡ ᠬᠡᠯᠡᠨ᠎ᠦ ᠤᠷᠠᠯᠢᠭ᠎ᠤᠨ ᠨᠠᠢᠷ᠎ᠲᠤ ᠣᠷᠣᠯᠴᠠᠭ᠍ᠰᠠᠨ ᠬᠥᠮᠦᠨ᠎ᠦ ᠲᠣᠭ᠎ᠠ 6000 ᠲᠦᠮᠡᠡ ᠬᠦᠮᠦᠨ ᠤᠳᠠᠭ᠎ᠠ᠎ᠶ᠋ᠢ ᠳᠠᠪᠠᠵᠤ᠂ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ ᠵᠢᠴᠢ ᠷᠠᠳᠢᠣ᠋ ᠲᠧᠯᠸᠢᠰ᠎ᠦᠨ ᠱᠢᠰᠲ᠋ᠧᠮ᠎ᠦᠨ ᠬᠥᠬᠢᠭᠦᠯᠦᠯ᠎ᠢ ᠤᠯᠠᠨᠳᠠ ᠬᠦᠷᠳᠡᠵᠤ᠂ ᠪᠥᠬᠥ᠌ ᠤᠯᠤᠰ᠎ᠲᠤ ᠨᠥᠯᠥᠭᠡᠯᠡᠬᠦ᠌ ᠬᠦᠴᠦᠨ᠎ᠪᠦᠬᠦᠢ ᠲᠦᠷᠦᠯ ᠲᠡᠮᠳᠡᠭ᠎ᠢ ᠡᠬᠦᠳᠦᠨ᠂ ᠣᠯᠠᠨ ᠲᠦᠮᠡᠨ᠎ᠦ ᠰᠠᠢᠨ ᠦᠨᠡᠯᠡᠯᠲᠡ᠎ᠶ᠋ᠢ ᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面