ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-08-29 16:23:55

ᠵᠣᠬᠢᠶᠠᠭ᠍ᠴᠢ᠄ ​ᠯᠢᠦ ᡁᠢ ᠱᠢᠶᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠶ᠋ᠢᠨ ᠵᠢᠯ᠎ᠡᠴᠡ ᠨᠠᠭᠠᠰᠢ ᠂ ᠮᠠᠨ᠎ᠤ ᠣᠷᠣᠨ ᠤᠯᠠᠨ ᠱᠠᠲᠤᠨ᠎ᠤ ᠪᠣᠯᠪᠠᠰᠤᠷᠠᠯ᠂ ᠪᠦᠬᠦ᠌ ᠠᠵᠢᠯᠳᠠᠨ ᠣᠷᠣᠯᠴᠠᠬᠤ ᠂ ᠪᠦᠬᠦ᠌ ᠲᠠᠯ᠎ᠠ᠎ᠪᠠᠷ ᠠᠬᠢᠭᠤᠯᠬᠤ ᠵᠡᠷᠭᠡ ᠠᠷᠭ᠎ᠠ ᠬᠡᠮᠵᠢᠢ᠎ᠡ᠎ᠪᠡᠷ ᠳᠠᠮᠵᠢᠭᠤᠯᠤᠨ ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠲᠦᠪᠱᠢᠨ ᠪᠣᠯᠤᠨ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃

2022 ᠣᠨ᠎ᠳᠤ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ ᠵᠡᠷᠭᠡ᠎ᠪᠡᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠳᠤᠮᠳᠠᠳᠤ ᠪᠠᠭ᠎ᠠ ᠰᠤᠷᠭᠠᠭᠤᠯᠢ ( ᠬᠡᠦᠬᠡᠳ᠎ᠦᠨ ᠴᠡᠴᠡᠷᠯᠢᠭ ) ᠵᠢᠨ ᠪᠠᠭ᠍ᠰᠢ᠎ᠶ᠋ᠢ ᠨᠡᠢ᠌ᠲᠡ 1.1 ᠲᠦᠮᠡ ᠭᠠᠷᠤᠢ ᠬᠥᠮᠦᠨ᠎ᠢ ᠪᠣᠯᠪᠠᠰᠤᠷᠠᠭᠤᠯᠤᠬᠰᠡᠨ ᠎ᠤ᠎ᠬᠠᠮᠲᠤ ᠨᠡᠢᠲᠡᠯᠢᠭ ᠬᠡᠯᠡᠨ᠎ᠦ ᠲᠦᠪᠰᠢᠨ᠎ᠦ ᠵᠡᠷᠭᠡ ᠳᠡᠰ᠎ᠤᠨ ᠦᠨᠡᠮᠯᠡᠯ ᠣᠯᠤᠭᠠᠳᠤᠢ 1.6 ᠲᠦᠮᠡᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ (ᠬᠡᠦᠬᠡᠳ᠎ᠦᠨ ᠴᠡᠴᠡᠷᠯᠢᠭ) ᠵᠢᠨ ᠠᠵᠢᠯ᠎ᠤᠨ ᠪᠠᠢᠷᠢ᠎ᠳᠤ ᠪᠠᠢᠭ᠎ᠠ ᠪᠠᠭ᠍ᠰᠢ᠎ᠳᠤ ᠨᠡᠢᠲᠡᠯᠢᠭ ᠬᠡᠯᠡᠨ᠎ᠦ ᠲᠦᠪᠰᠢᠨ᠎ᠦ ᠱᠢᠯᠭᠠᠯᠲᠠ ᠬᠢᠵᠦ᠍ ᠂ 1.5 ᠲᠦᠮᠡ ᠭᠠᠷᠤᠢ ᠪᠠᠭ᠍ᠰᠢ᠎ᠳᠤ ᠭᠤᠷᠪᠠᠳᠤᠭᠠᠷ ᠳᠡᠰ᠎ᠤᠨ ᠬᠦᠬᠡ ᠲᠡᠰ᠎ᠡᠴᠡ ᠳᠡᠭᠡᠭ᠌ᠰᠢᠬᠢ ᠵᠡᠷᠭᠡ ᠳᠡᠰ᠎ᠤᠨ ᠦᠨᠡᠮᠯᠡᠯ ᠣᠯᠭᠣᠪᠠ᠃ ᠪᠦᠦ ᠱᠢᠶᠠᠩ ᠴᠦᠨ ᠪᠣᠯ ᠲᠦᠩᠯᠢᠶᠣᠤ ᠬᠣᠲᠠ᠎ᠶ᠋ᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠪᠠᠭ᠍ᠰᠢ ᠪᠣᠯᠤᠨ᠎ᠠ ᠂ ᠲᠦᠩᠯᠢᠶᠣᠤ ᠬᠣᠲᠠ᠎ᠶ᠋ᠢᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠩᠭᠢ᠎ᠳᠤ ᠣᠷᠣᠯᠴᠠᠵᠤ ᠂ ᠪᠣᠯᠪᠠᠰᠤᠷᠠᠯ᠎ᠤᠨ ᠳᠤᠮᠳᠠ ᠲᠤᠰᠭᠠᠶ ᠮᠡᠷᠭᠡᠵᠢᠯᠲᠡᠨ ᠪᠠᠭ᠍ᠰᠢ᠎ᠨᠠᠷ᠎ᠲᠠᠶ ᠰᠠᠨᠠᠯ᠎ᠢᠶᠠᠨ ᠰᠣᠯᠢᠯᠴᠠᠬᠤ᠎ᠪᠠᠷ ᠳᠡᠮᠵᠢᠨ᠂ ᠲᠡᠷᠡ ᠥᠪᠡᠷ᠎ᠦᠨ ᠮᠠᠰᠢ ᠣᠯᠠᠨ ᠪᠠᠭᠤᠷᠠᠶ ᠲᠠᠯ᠎ᠠ ᠪᠠ ᠬᠦᠷᠦᠯᠴᠡᠬᠦ᠌ ᠥᠬᠡᠶ ᠲᠠᠯ᠎ᠠ᠎ᠪᠠᠨ ᠤᠯᠵᠤ ᠮᠠᠳᠡᠵᠠᠢ ᠃ ᠲᠡᠷᠡ《ᠮᠢᠨᠦ᠍ ᠣᠳᠣ᠎ᠶ᠋ᠢᠨ ᠨᠡᠢᠲᠡᠯᠢᠭ ᠬᠡᠯᠡᠨ᠎ᠦ ᠲᠦᠪᠰᠢᠨ ᠪᠣᠯ ᠬᠣᠶᠠᠳᠤᠭᠠᠷ ᠳᠡᠰ᠎ᠤᠨ ᠬᠥᠬᠡᠭ᠌ᠴᠢᠨ ᠳᠡᠰ ᠪᠣᠯᠤᠨ᠎ᠠ ᠂ ᠪᠣᠯᠪᠠᠰᠤᠷᠠᠯ᠎ᠢᠶᠠᠷ ᠳᠠᠮᠵᠢᠨ ᠬᠦᠷᠦᠯᠴᠡᠬᠦ᠌ ᠦᠭᠡᠢ ᠲᠠᠯ᠎ᠠ ᠪᠠᠨ ᠤᠢᠯᠠᠭᠠᠯ᠎ᠠ ᠂ ᠪᠢ ᠶᠠᠭ ᠥᠪᠡᠷ᠎ᠦᠨ ᠨᠡᠢᠲᠡᠯᠢᠭ ᠬᠡᠯᠡᠨ᠎ᠦ ᠲᠦᠪᠰᠢᠨ᠎ᠵᠢᠡᠨ᠎ᠲᠠᠰᠤᠷᠠᠯᠲᠠ ᠦᠭᠡᠢ ᠪᠣᠯᠪᠠᠰᠤᠷᠠᠭᠤᠯᠤᠨ ᠵᠠᠯᠠᠷᠠᠭᠤᠯᠵᠤ ᠂ ᠵᠢᠷᠤᠮᠵᠢᠭᠤᠯᠤᠨ ᠳᠡᠭᠡᠭ᠌ᠰᠢᠯᠡᠭᠦᠯᠵᠦ᠍ ᠂ ᠳᠠᠷᠠᠭ᠎ᠠ ᠤᠳᠠᠭᠠᠨ᠎ᠤ ᠨᠡᠢᠲᠡᠯᠢᠭ ᠬᠡᠯᠡᠨ᠎ᠦ ᠲᠦᠪᠰᠢᠨ᠎ᠦ ᠱᠢᠯᠭᠠᠯᠲᠠ᠎ᠳᠤ ᠤᠯᠠᠮ ᠨᠢᠭᠡ ᠠᠯᠬᠤᠮ ᠳᠠᠪᠱᠢᠬᠤ᠎ᠪᠠᠷ ᠴᠢᠷᠮᠠᠢᠵᠤ ᠪᠠᠢᠨ᠎ᠠ》 ᠭᠡᠪᠡ᠃

ᠣᠢᠯᠠᠭᠠᠭ᠍ᠰᠠᠨ᠎ᠢᠶᠠᠷ᠂ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠡᠴᠡ ᠪᠥᠬᠥ᠌ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠲᠦᠪᠱᠢᠨ᠎ᠦ ᠵᠡᠷᠭᠡ ᠳᠡᠰ᠎ᠤᠨ ᠦᠨᠡᠮᠯᠡᠯ᠎ᠢᠶᠡᠷ ᠠᠵᠢᠯ᠎ᠤᠨ ᠪᠠᠢᠷᠢ᠎ᠳᠤ ᠭᠠᠷᠬᠤ ᠲᠦᠷᠢᠮ᠎ᠢ ᠵᠢᠷᠤᠮᠵᠢᠭᠤᠯᠪᠠ᠃ 2023 ᠣᠨ᠎ᠳᠤ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠡᠴᠡ 5000 ᠨᠡᠷᠡᠰ ᠳᠤᠮᠳᠠᠳᠤ ᠪᠠᠭ᠎ᠠ ᠰᠤᠷᠭᠠᠭᠤᠯᠢ (ᠬᠡᠦᠬᠡᠳ᠎ᠦᠨ ᠴᠡᠴᠡᠷᠯᠢᠭ)ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢᠨ ᠪᠣᠯᠪᠠᠰᠤᠷᠠᠯ᠎ᠢ ᠦᠷᠭᠦᠯᠵᠢᠯᠡᠨ ᠳᠣᠭᠢᠷᠠᠭᠤᠯᠵᠤ᠂ ᠦᠨᠡᠮᠯᠡᠯ᠎ᠲᠡᠶ᠎ᠪᠡᠷ ᠠᠵᠢᠯ᠎ᠤᠨ ᠪᠠᠢᠷᠢ᠎ᠳᠤ ᠭᠠᠷᠬᠤ ᠬᠥᠮᠦᠨ᠎ᠦ ᠲᠣᠭ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面