2023-09-12 10:32:56
ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠤᠢ᠍ᠢᠯᠠᠭᠠᠭ᠍ᠰᠠᠠᠶ᠋ᠢᠡᠷ᠂ ᠡᠨᠡ ᠵᠢᠯ᠎ᠦᠨ ᠨᠠᠮᠤᠷ᠎ᠤᠨ ᠤᠯᠠᠷᠢᠯ᠎ᠤᠨ ᠰᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ ᠪᠡᠷ᠂ ᠪᠦᠬᠦ᠌ ᠣᠷᠣᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠤᠷᠤᠭ᠍ᠰᠢᠲᠠᠢ ᠲᠡᠯᠭᠡᠷᠡᠬᠦᠯᠦᠨ ᠬᠡᠷᠡᠭ᠌ᠯᠡᠪᠡ᠃
ᠣᠢᠯᠠᠭᠠᠭ᠍ᠰᠠᠨ᠎ᠢᠶᠠᠷ᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠍᠂ ᠬᠡᠯᠡ ᠪᠢᠴᠢᠭ᠂ ᠲᠡᠦᠬᠡ᠎ᠶ᠋ᠢᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠭᠠᠨ ᠬᠥᠮᠦᠵᠢᠯ᠎ᠦᠨ ᠶᠠᠮᠤᠨ᠎ᠠᠴᠠ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ ᠪᠥᠭᠡᠳ 2023 ᠣᠨ᠎ᠤ 9 ᠰᠠᠷ᠎ᠠ᠎ᠠᠴᠠ ᠡᠬᠢᠯᠡᠨ ᠪᠥᠬᠥ᠌ ᠤᠯᠤᠰ᠎ᠤᠨ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠢ ᠬᠡᠷᠡᠭ᠌ᠵᠢᠭᠦᠯᠦᠭ᠌ᠰᠡᠨ ᠡᠯ᠎ᠡ ᠲᠥᠷᠥᠯ᠎ᠦᠨ ᠠᠵᠢᠯ ᠮᠡᠷᠭᠡᠵᠢᠯ᠎ᠦᠨ ᠰᠤᠷᠭᠠᠭᠤᠯᠢ (ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ ᠪᠠᠭ᠍ᠲᠠᠨ᠎ᠠ ) ᠵᠢᠨ ᠱᠢᠨ᠎ᠡ ᠨᠢᠭᠡᠳᠦᠭᠡᠷ ᠣᠨ ᠡᠴᠡ ᠡᠬᠢᠯᠡᠨ ᠬᠡᠷᠡᠭ᠌ᠯᠡᠪᠡ᠃ ᠮᠠᠨ᠎ᠤ ᠣᠷᠣᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠰᠠᠢᠲᠤᠷ ᠬᠢᠬᠦ᠌᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠡᠴᠡ ᠪᠥᠬᠥ᠌ ᠣᠷᠣᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠂ ᠪᠠᠭ᠍ᠰᠢ᠎ᠶ᠋ᠢᠨ ᠪᠠᠲᠤᠯᠠᠭ᠎ᠠ᠂ ᠪᠠᠭ᠍ᠰᠢ᠎ᠶ᠋ᠢᠨ ᠪᠣᠯᠪᠠᠰᠤᠷᠠᠯ᠂ ᠵᠢᠭᠠᠨ ᠰᠤᠷᠭᠠᠯᠲᠠ ᠵᠢᠭᠠᠨ ᠰᠤᠳᠤᠯᠤᠯᠲᠠ ᠵᠡᠷᠭᠡ᠎ᠳᠦ ᠪᠥᠬᠥ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠠ᠃
ᠪᠠᠭ᠍ᠰᠢ᠎ᠶ᠋ᠢ ᠪᠦᠷᠢᠨ ᠲᠣᠬᠢᠷᠠᠭᠤᠯᠬᠤ ᠲᠠᠯ᠎ᠠ᠎ᠪᠠᠷ᠂ ᠡᠯ᠎ᠡ ᠭᠠᠵᠠᠷ᠎ᠤᠨ᠎ᠬᠢᠨ ᠢᠯᠡ᠎ᠪᠡᠷ ᠤᠷᠢᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠱᠢᠶᠠᠨ᠎ᠤ ᠬᠡᠪᠴᠢᠶᠡᠨ᠎ᠳᠦ ᠲᠣᠬᠢᠷᠠᠭᠤᠯᠬᠤ᠂ ᠨᠢᠭᠡ ᠬᠣᠲᠠ᠎ᠳᠤ ᠰᠤᠷᠭᠠᠭᠤᠯᠢ ᠠᠯᠤᠰᠯᠠᠨ ᠬᠢᠴᠢᠶᠡᠯ ᠤᠷᠤᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠪᠠᠭ᠍ᠰᠢ᠎ᠶ᠋ᠢ ᠨᠥᠬᠥᠪᠥᠷᠢᠯᠡᠵᠦ᠍ ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠪᠠᠲᠤᠯᠠᠪᠠ᠃ ᠪᠠᠭ᠍ᠰᠢ᠎ᠨᠠᠷ ᠲᠸ᠋ ᠪᠣᠯᠪᠠᠰᠤᠷᠠᠯᠬᠦᠷᠳᠡᠭᠡᠬᠦ ᠲᠠᠯ᠎ᠠ᠎ᠪᠠᠷ᠂ ᠰᠤᠷᠭᠠᠭᠤᠯᠢ ᠡᠬᠢᠯᠡᠬᠦ᠌᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ ᠪᠠ ᠠᠢᠮᠠᠭ ᠬᠣᠲᠠ᠎ᠶ᠋ᠢᠨ 20 ᠨᠡᠷᠡᠰ ᠬᠠᠮᠢᠶ᠎ᠠ ᠪᠥᠬᠥᠶ ᠬᠢᠴᠢᠶᠡᠯ ᠲᠥᠷᠥᠯ᠎ᠦᠨ ᠵᠢᠭᠠᠨ ᠰᠤᠳᠤᠯᠤᠭ᠍ᠴᠢ ᠪᠠ ᠪᠠᠭ᠍ᠰᠢ᠎ᠶ᠋ᠢ ᠱᠢᠯᠢᠨ ᠰᠣᠩᠭᠣᠵᠤ ᠵᠣᠬᠢᠶᠠᠨ ᠪᠠᠢᠭᠤᠯᠵᠤ᠂ ᠰᠤᠷᠭᠠᠨ ᠬᠥᠮᠦᠵᠢᠯ᠎ᠦᠨ ᠶᠠᠮᠤᠨ᠎ᠠᠴᠠ ᠡᠷᠭᠢᠯᠡᠭ᠌ᠰᠡᠨ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ᠌ ᠪᠣᠯᠪᠠᠰᠤᠷᠠᠯ᠎ᠳᠤ ᠣᠷᠣᠯᠴᠠᠭᠤᠯᠬᠤ᠎ᠶ᠋ᠢᠨ ᠬᠠᠮᠲᠤ ᠪᠥᠬᠥ᠌ ᠣᠷᠣᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠬᠢᠴᠢᠶᠡᠯ ᠵᠢᠭᠠᠬᠤ ᠪᠠᠭ᠍ᠰᠢ ᠨᠠᠷ᠎ᠢ ᠰᠦᠯᠵᠢᠶᠡᠨ ᠳᠡᠭᠡᠷ᠎ᠡ ᠵᠣᠬᠢᠶᠠᠨ ᠪᠠᠢᠭᠤᠯᠵᠤ ᠪᠣᠯᠪᠠᠰᠤᠷᠠᠯ᠎ᠳᠤ ᠣᠷᠣᠯᠴᠠᠭᠤᠯᠪᠡ; ᠥᠪᠡᠷᠲᠡᠭᠡᠨ ᠵᠠᠰᠠᠬᠤ ᠣᠷᠣᠨ᠎ᠠᠴᠠ ᠪᠠᠰᠠ ᠪᠥᠬᠥ᠌ ᠣᠷᠣᠨ᠎ᠤ 530 ᠨᠡᠷᠡᠰ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠭᠤᠤᠯᠯᠠᠭ᠍ᠴᠢ ᠪᠠᠭ᠍ᠰᠢ᠎ᠶ᠋ᠢ ᠵᠣᠬᠢᠶᠠᠨ ᠪᠠᠢᠭᠤᠯᠤᠨ ᠲᠤᠰᠭᠠᠶ ᠪᠣᠯᠪᠠᠰᠤᠷᠠᠯ ᠥᠷᠨᠢᠭᠦᠯᠵᠦ᠍ ᠂ ᠪᠠᠭ᠍ᠰᠢ᠎ᠨᠠᠷ᠎ᠢ ᠬᠠᠪᠰᠤᠷᠤᠨ ᠬᠢᠴᠢᠶᠡᠯ᠎ᠦᠨ ᠪᠠᠷᠢᠮᠵᠢᠶ᠎ᠠ᠎ᠶ᠋ᠢᠨ ᠤᠢᠯᠠᠭᠠᠭᠳᠠᠬᠤᠨ ᠵᠣᠷᠢᠭ ᠰᠠᠨᠠᠭ᠎ᠠ᠎ᠶ᠋ᠢ ᠤᠯᠠᠮ ᠴᠢᠨᠠᠭᠰᠢᠳᠠ ᠡᠵᠡᠮᠱᠢᠭᠦᠯᠵᠦ᠍᠂ ᠱᠢᠨ᠎ᠡ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠬᠦ᠌᠎ᠳᠦ ᠰᠠᠢᠨ ᠰᠠᠢᠬᠠᠨ ᠰᠠᠭᠤᠷᠢ᠎ᠶ᠋ᠢ ᠲᠠᠯᠪᠢᠪᠠ᠃ ᠰᠤᠷᠭᠠᠭᠤᠯᠢ ᠡᠬᠢᠯᠡᠬᠦ᠌᠎ᠡᠴᠡ ᠡᠮᠦᠨ᠎ᠡ᠂ ᠰᠤᠷᠭᠠᠨ ᠬᠥᠮᠦᠵᠢᠯ᠎ᠦᠨ ᠲᠢᠩᠬᠢᠮ ᠬᠡᠪᠯᠡᠯ ᠲᠠᠷᠬᠠᠭᠠᠯᠳᠠ ᠵᠢᠨ ᠨᠢᠭᠡᠴᠢ ᠵᠢ ᠨᠢᠭᠡᠳᠦᠯᠲᠡᠶ ᠲᠥᠯᠥᠪᠯᠡᠨ᠂ ᠡᠳᠦᠷ ᠪᠦᠷᠢ ᠡᠯ᠎ᠡ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ ᠨᠤᠭᠤᠳ ᠲᠸ᠋ ᠨᠤᠮ ᠬᠦᠷᠭᠡᠭᠰᠡᠨ ᠪᠠᠢᠳᠠᠯ ᠵᠡᠷᠭᠡ᠎ᠶ᠋ᠢ ᠵᠤᠬᠢᠴᠠᠭᠤᠯᠬᠤ᠎ᠪᠠᠷ ᠳᠠᠮᠵᠢᠭᠤᠯᠤᠨ᠂ ᠡᠯ᠎ᠡ ᠭᠠᠵᠠᠷ ᠡᠯ᠎ᠡ ᠰᠤᠷᠭᠠᠭᠤᠯᠢ᠎ᠶ᠋ᠢᠨ ᠬᠢᠴᠢᠶᠡᠯ᠎ᠦᠨ ᠡᠮᠦᠨ᠎ᠡ ᠨᠤᠮ ᠬᠦᠷᠭᠡᠭᠦ ᠪᠡ ᠬᠥᠮᠦᠨ ᠪᠦᠷᠢᠳᠦ ᠨᠢᠭᠡ ᠳᠡᠪᠲᠡᠷ ᠣᠯᠭᠣᠬᠤ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃