ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-09-08 10:42:10

ᠵᠣᠬᠢᠶᠠᠭ᠍ᠴᠢ᠄ ᠯᠢ ᠵᠢᠶᠠ ᠢᠦᠶ ᠣᠩᠱᠢᠭ᠍ᠰᠠᠨ ᠣᠳᠠᠭ᠎ᠠ᠄ 3

ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠮᠡᠭ᠌ᠴᠡ ᠬᠣᠷᠴᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠬᠦᠷᠢᠶᠡᠨ᠎ᠳᠦ ᠬᠦᠷ ᠬᠦᠭᠵᠢᠶᠠᠨ ᠪᠢᠯᠬᠠᠨ᠎ᠠ᠃ ᠪᠠᠭ᠎ᠠ ᠰᠤᠷᠭᠠᠭᠤᠯᠢ᠎ᠶ᠋ᠢᠨ ᠲᠠᠪᠤ ᠵᠢᠨ ᠨᠢᠬᠡ ᠵᠢᠨ ᠠᠩᠭᠢ᠎ᠳᠤ᠂ ᠰᠤᠷᠤᠭ᠍ᠴᠢᠳ ᠬᠡᠯᠡ ᠪᠢᠴᠢᠭ᠎ᠦᠨ ᠪᠠᠭ᠍ᠰᠢ᠎ᠶ᠋ᠢᠨ ᠳᠠᠭᠠᠭᠤᠯᠭ᠎ᠠ ᠳᠤᠤᠷ᠎ᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠵᠤ᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠨᠢᠭᠡᠳᠦᠭᠡᠷ ᠬᠢᠴᠢᠶᠡᠯ᠎ᠵᠢᠡᠨ ᠡᠬᠢᠯᠡᠭᠦᠯᠪᠡ᠃ 《ᠰᠤᠷᠭᠠᠭᠤᠯᠢ ᠡᠬᠢᠯᠡᠭ᠌ᠰᠡᠨ ᠠᠩᠬᠠᠨ᠎ᠤ ᠡᠳᠦᠷ᠂ ᠪᠠᠭ᠍ᠰᠢ ᠪᠢᠳᠡᠨ᠎ᠳᠦ ᠡᠷᠲᠡᠨ᠎ᠦ ᠱᠢᠯᠦᠭ ᠳᠠᠭᠤᠯᠠᠯ᠎ᠤᠨ ᠬᠢᠴᠢᠶᠡᠯ ᠵᠢᠭᠠᠵᠠᠢ᠂ ᠡᠷᠲᠡᠨ᠎ᠦ ᠱᠢᠯᠦᠭ ᠳᠠᠭᠤᠯᠠᠯ ᠢ᠋ ᠰᠤᠷᠬᠤ ᠳ᠋ᠤ ᠤᠷᠮ᠎ᠠ ᠳᠠᠢ᠂ ᠤᠩᠱᠢᠬᠤ᠎ᠳᠤ ᠤᠷᠤᠰᠤᠮ᠎ᠠ ᠰᠠᠢᠬᠠᠨ》ᠭᠡᠵᠦ᠍ ᠰᠤᠷᠤᠭ᠍ᠴᠢ ᠴᠠᠰᠤᠨ ᠪᠠᠶᠠᠷᠲᠠᠶ ᠬᠡᠯᠡᠨ᠎ᠡ᠃

ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠭᠠᠳ ᠶᠡᠬᠡ ᠠᠱᠢᠭ ᠬᠦᠷᠳᠡᠵᠡᠢ᠂ ᠰᠡᠳᠭᠢᠬᠦ ᠴᠢᠳᠠᠪᠤᠷᠢ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠦᠪᠱᠢᠨ ᠢᠯᠡᠳᠲᠡ ᠳᠡᠭᠡᠭ᠌ᠰᠢᠯᠡᠵᠡᠢ ᠬᠡᠵᠦ ᠦᠨᠳᠦᠷ ᠨᠢᠬᠡ ᠵᠢᠨ ᠰᠤᠷᠤᠭᠴᠢ ᠡᠦ ᠬᠠᠰᠠᠷ ᠶᠠᠷᠢᠯ᠎ᠠ᠃

ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ᠂ ᠬᠣᠷᠴᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ ᠵᠢᠭᠠᠨ ᠰᠤᠷᠭᠠᠬᠤ ᠲᠥᠰᠦᠯ᠎ᠢᠶᠡᠨ ᠲᠡᠭᠦᠯᠳᠡᠷᠵᠢᠭᠦᠯᠵᠦ᠍ ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ ᠠᠵᠢᠯ᠎ᠢ ᠢᠳᠡᠪᠬᠢᠲᠡᠢ ᠠᠬᠢᠭᠤᠯᠵᠤ ᠪᠤᠢ᠃ ᠪᠣᠢ ᠪᠦᠬᠦᠢ ᠣᠨ ᠤ᠋ ᠰᠤᠷᠤᠭ᠍ᠴᠢᠳ ᠪᠦᠷ ᠵᠢᠭᠠᠨ ᠰᠤᠷᠭᠠᠯᠲᠠ᠎ᠶ᠋ᠢᠨ ᠲᠥᠯᠥᠪᠯᠡᠭᠡ ᠪᠠ ᠵᠢᠭᠠᠨ ᠰᠤᠷᠭᠠᠯᠲᠠ᠎ᠶ᠋ᠢᠨ ᠠᠬᠢᠴᠠ ᠶᠣᠰᠣᠭᠠᠷ ᠡᠳᠦᠷ ᠲᠤᠲᠤᠮ᠎ᠤᠨ ᠰᠤᠷᠤᠯᠴᠠᠯᠭ᠎ᠠ ᠪᠠᠨ ᠥᠷᠨᠢᠭᠦᠯᠵᠦ᠍ ᠪᠤᠢ᠃ 《ᠪᠢᠳᠡ ᠵᠢᠭᠠᠨ ᠰᠤᠷᠭᠠᠯᠲᠠ᠎ᠶ᠋ᠢᠨ ᠪᠠᠭ᠍ᠰᠢ᠎ᠶ᠋ᠢ ᠭᠦᠶ᠋ᠴᠡᠳ ᠳᠣᠭᠢᠷᠠᠭᠤᠯᠤᠨ ᠴᠢᠩᠭᠠᠳᠭᠠᠵᠤ᠂ ᠵᠢᠭᠠᠬᠤ ᠵᠢ ᠰᠤᠳᠤᠯᠬᠤ ᠪᠠ ᠨᠠᠩ ᠣᠯᠠᠨ ᠵᠢᠭᠠᠬᠤ ᠵᠢ ᠰᠤᠳᠤᠯᠬᠤ ᠬᠦᠴᠦᠨ᠎ᠢ ᠤᠷᠤᠭᠤᠯᠤᠨ ᠠᠪᠴᠢᠷᠠᠵᠤ᠂ 45 ᠮᠢᠨᠦ᠋ᠲ᠎ᠤ᠋ᠨ ᠬᠢᠴᠢᠶᠡᠯ᠎ᠦᠨ ᠲᠠᠩᠬᠢᠮ᠎ᠤ᠋ᠨ ᠦᠷ᠎ᠡ ᠪᠦᠲᠦᠮᠵᠢ ᠴᠢᠨᠠᠷ ᠴᠢᠨᠰᠠᠭ᠎ᠠ ᠵᠢ ᠳᠡᠬᠡᠭᠰᠢᠯᠡᠬᠦᠯᠵᠦ ᠪᠠᠢᠨ᠎ᠠ》 ᠭᠡᠵᠦ᠍ ᠰᠤᠷᠭᠠᠭᠤᠯᠢ᠎ᠶ᠋ᠢᠨ ᠵᠠᠬᠢᠷᠤᠯ ᠭᠦᠸᠧ ᠸᠧᠶ ᠳ᠋ᠦᠩ ᠶᠠᠷᠢᠯ᠎ᠠ᠃

《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠪᠦᠬᠦ᠌ ᠲᠠᠯ᠎ᠠ᠎ᠪᠠᠷ ᠴᠢᠩᠭᠠᠳᠭᠠᠬᠤ ᠪᠣᠯ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠮᠥᠨ᠂ ᠡᠨᠡ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ ᠲᠠᠪᠱᠢᠯᠳᠠ᠎ᠶ᠋ᠢ ᠲᠦᠷᠭᠡᠳᠭᠡᠬᠦ᠌᠎ᠳᠦ ᠴᠢᠬᠤᠯᠠ ᠶᠡᠬᠡ ᠪᠥᠭᠡᠳ ᠠᠯᠤᠰ ᠬᠡᠳᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠨᠢ ᠰᠤᠷᠤᠭ᠍ᠴᠢᠳ᠎ᠲᠤ ᠨᠡᠩ ᠴᠢᠨᠠᠷ ᠰᠠᠢᠲᠠᠢ ᠰᠤᠷᠭᠠᠨ ᠬᠥᠮᠦᠵᠢᠯ ᠬᠦᠷᠲᠡᠭᠡᠬᠦ᠌᠎ᠳᠦ ᠠᠱᠢᠭ᠍ᠲᠠᠢ ᠶᠤᠮ᠃ ᠲᠠᠷᠠᠭᠠᠴᠢ᠎ᠶ᠋ᠢᠨ ᠠᠯᠬᠤᠮ᠎ᠳᠤ᠂ ᠰᠤᠷᠭᠠᠭᠤᠯᠢ ᠡᠴᠡ ᠪᠠᠭ᠍ᠰᠢ᠎ᠶ᠋ᠢᠨ ᠡᠩᠨᠡᠭᠡ᠎ᠶ᠋ᠢᠨ ᠪᠣᠯᠪᠠᠰᠤᠷᠠᠯ ᠎ᠢ ᠤᠯᠠᠮ ᠴᠢᠩᠭᠠᠳᠭᠠᠵᠤ᠂ ᠪᠠᠭ᠍ᠰᠢ᠎ᠶ᠋ᠢᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠠᠳᠤᠯᠠᠨ᠎ᠠ》 ᠭᠡᠵᠦ᠍ ᠭᠦᠸᠧ ᠸᠧᠶ ᠳ᠋ᠦᠩ ᠬᠡᠯᠡᠪᠡ᠃

ᠤᠢ᠍ᠢᠷ᠎ᠠ᠎ᠶ᠋ᠢᠨ ᠵᠢᠯ᠎ᠳᠦ ᠲᠦᠩᠯᠢᠶᠣᠤ ᠬᠤᠳᠠ᠎ᠶ᠋ᠢᠨ ᠬᠣᠷᠴᠢᠨ ᠲᠣᠭᠣᠷᠢᠭ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠢᠶᠠᠷ ᠱᠢᠪᠲᠤᠯᠤᠯᠲᠠ ᠪᠣᠯᠭᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠡᠩᠨᠡᠭᠡ᠎ᠶ᠋ᠢᠨ ᠪᠣᠯᠪᠠᠰᠤᠷᠠᠯ ᠪᠣᠯᠤᠨ ᠵᠢᠭᠠᠬᠤ ᠮᠠᠲ᠋ᠧᠷᠢᠶᠠᠯ᠎ᠤᠨ ᠬᠢᠴᠢᠶᠡᠯ᠎ᠦᠨ ᠪᠠᠷᠢᠮᠵᠢᠶ᠎ᠠ᠎ᠶ᠋ᠢᠨ ᠪᠣᠯᠪᠠᠰᠤᠷᠠᠯ᠎ᠢ ᠴᠢᠩᠭ᠎ᠠ ᠠᠳᠭᠤᠵᠤ᠂ ᠪᠠᠢᠩᠭᠤ᠎ᠶ᠋ᠢᠨ ᠵᠢᠭᠠᠨ ᠰᠤᠳᠤᠯᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠪᠡ᠃ ᠣᠲᠣ ᠪᠣᠯᠲᠠᠯ᠎ᠠ᠂ ᠬᠣᠷᠴᠢᠨ ᠲᠣᠭᠣᠷᠢᠭ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤ ᠪᠠ ᠥᠨᠳᠥᠷ ᠳᠤᠮᠳᠠᠳᠤ᠎ᠶ᠋ᠢᠨ ᠱᠠᠳᠤᠨ ᠳ᠋ᠤ ᠨᠢᠭᠡᠨᠲᠡ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠦᠬᠦᠨ᠎ᠢ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠬᠢᠴᠢᠶᠡᠯᠯᠡᠵᠦ᠍ ᠪᠠᠢᠭ᠎ᠠ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面