ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-09-04 10:08:59

ᠵᠣᠬᠢᠶᠠᠭ᠍ᠴᠢ᠄ ᠬᠤᠸᠠᠩ ᠹᠦ ᠮᠧᠶ ᠱᠢᠶᠠᠨ ᠭᠦᠸᠧ ᠴᠢ ᠨᠠᠨ ᠣᠩᠱᠢᠭ᠍ᠰᠠᠨ ᠣᠳᠠᠭ᠎ᠠ᠄ 3

《ᠴᠥᠩ ᠵᠧᠨ᠎ᠤ ᠲᠠᠪᠤᠳᠤᠭᠠᠷ ᠤᠨ᠎ᠤ 12 ᠰᠠᠷ᠎ᠠ᠎ᠳᠤ᠂ ᠪᠢ ᠰᠢ ᠬᠤ᠌ ᠨᠠᠭᠤᠷ᠎ᠤ᠋ᠨ ᠬᠦᠪᠡᠭᠡᠨ᠎ᠠ ᠰᠠᠭᠤᠪᠠ᠃ ᠶᠡᠬᠡ ᠴᠠᠰᠤ ᠭᠤᠷᠪᠠᠨ ᠡᠳᠦᠷ ᠦᠷᠬᠦᠯᠵᠢᠯᠡᠵᠤ᠂ ᠨᠠᠭᠤᠷ᠎ᠢᠶᠡᠷ ᠵᠢᠭᠤᠯᠴᠢᠯᠠᠬᠤ ᠬᠦᠮᠦᠨ ᠰᠢᠪᠠᠭᠤᠳ᠎ᠤᠨ ᠲᠠᠭᠤᠨ ᠲᠠᠰᠤᠷᠠᠪᠠᠢ》᠃ 8 ᠰᠠᠷ᠎ᠠ᠎ᠶ᠋ᠢᠨ 30 ᠎ᠤ᠋ ᠦᠳᠡ᠎ᠶ᠋ᠢᠨ ᠡᠮᠦᠨᠡᠬᠢ 11 ᠴᠠᠭ 15 ᠮᠢᠨᠦ᠋ᠲ᠎ᠲᠦ᠂ ᠤᠯᠠᠭᠠᠨᠴᠠᠪ ᠬᠣᠲᠠ᠎ᠶ᠋ᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠠᠩᠬ᠎ᠠ ᠳᠤᠮᠳᠠᠳᠤ᠎ᠶ᠋ᠢᠨ ᠭᠤᠷᠪᠠᠳᠤᠭᠠᠷ ᠣᠨ᠎ᠤ 94 ᠳ᠋ᠤᠭᠡᠷ ᠠᠩᠭᠢ ᠶ᠋ᠢᠨ ᠬᠡᠯᠡ ᠪᠢᠴᠢᠭ ᠎ᠦᠨ ᠬᠢᠴᠢᠶᠡᠯ ᠳᠡᠭᠡᠷ᠎ᠡ᠂ ᠵᠣᠣ ᠸᠧᠶ ᠰᠤᠷᠤᠭ᠍ᠴᠢᠳ᠎ᠢᠶᠠᠨ ᠳᠠᠭᠠᠭᠤᠯᠤᠨ《ᠬᠤ᠌ ᠱᠢᠨ ᠲᠢᠩᠰᠨ ᠳ᠋ᠤ ᠴᠠᠰᠤ ᠰᠤᠨᠢᠷᠬᠠᠭᠰᠠᠨ ᠨᠢ》 ᠭᠡᠬᠦ᠌ ᠬᠢᠴᠢᠶᠡᠯ᠎ᠢ ᠤᠶᠠᠩᠭᠠᠯᠠᠨ ᠤᠩᠱᠢᠵᠤ᠂ ᠬᠢᠴᠢᠶᠡᠯ᠎ᠦᠨ ᠲᠠᠩᠬᠢᠮ᠎ᠤᠨ ᠰᠤᠷᠤᠯᠴᠠᠯᠭ᠎ᠠ᠎ᠶ᠋ᠢᠨ ᠠᠭᠤᠷ ᠠᠮᠢᠰᠭᠤᠯ ᠮᠠᠰᠢ ᠦᠳᠬᠡᠨ ᠪᠠᠢᠯ᠎ᠠ᠃

《ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠵᠦ ᠰᠤᠷᠤᠯᠴᠠᠬᠤ ᠨᠢ ᠬᠡᠦᠬᠡᠳ᠎ᠦᠳ᠎ᠦᠨ ᠰᠡᠳᠭᠢᠯ᠎ᠳᠦ ᠤᠯᠤᠰ᠎ᠢᠶᠠᠨ ᠬᠠᠢᠷᠠᠯᠠᠬᠤ ᠦᠷ᠎ᠡ᠎ᠶ᠋ᠢ ᠰᠠᠴᠤᠵᠤ᠂ ᠲᠡᠳᠡᠨ᠎ᠢ ᠨᠠᠩ ᠥᠷᠭᠡᠨ ᠬᠠᠷᠠᠭ᠎ᠠ᠎ᠲᠠᠶ ᠪᠣᠯᠭᠠᠵᠤ᠂ ᠨᠡᠢᠭᠡᠮ ᠨᠡᠢᠲᠡ᠎ᠳᠦ ᠨᠠᠩ ᠣᠯᠠᠨ ᠰᠤᠷᠤᠯᠴᠠᠬᠤ ᠪᠠ ᠠᠵᠢᠯᠯᠠᠬᠤ ᠲᠣᠬᠢᠶᠠᠯ ᠣᠯᠭᠣᠬᠤ ᠪᠣᠯᠤᠨ᠎ᠠ》 ᠭᠡᠵᠦ ᠤᠯᠠᠭᠠᠨᠴᠠᠪ ᠬᠣᠲᠠ᠎ᠶ᠋ᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠵᠣᠣ ᠸᠧᠶ ᠰᠤᠷᠪᠤᠯᠵᠢᠯᠠᠭ᠍ᠴᠢ᠎ᠳᠤ ᠬᠡᠯᠡᠪᠡ᠃

ᠤᠯᠤᠰ ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠢ ᠬᠡᠷᠡᠭ᠌ᠯᠡᠭ᠌ᠰᠡᠨ᠎ᠡᠴᠡ ᠨᠠᠭᠠᠱᠢᠬᠢ ᠰᠤᠷᠤᠭ᠍ᠴᠢᠳ᠎ᠤᠨ ᠬᠤᠪᠢᠷᠠᠯᠲᠠ ᠵᠢᠨ ᠲᠤᠬᠠᠢ ᠶᠠᠷᠢᠬᠤ ᠳ᠋ᠤ᠂ ᠵᠤᠤ ᠸᠧᠢ᠄《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠶᠢ ᠡᠬᠢᠯᠡᠵᠦ᠍ ᠬᠡᠷᠡᠭ᠌ᠯᠡᠬᠦ ᠳ᠋ᠤ᠂ ᠰᠤᠷᠤᠭ᠍ᠴᠢᠳ᠎ᠤᠨ ᠦᠰᠦᠭ ᠲᠠᠨᠢᠬᠤ ᠬᠡᠮᠵᠢᠶ᠎ᠡ ᠬᠢᠵᠠᠭᠠᠷ᠎ᠲᠠᠶ᠎ᠡᠴᠡ ᠪᠤᠯᠵᠤ᠂ ᠤᠩᠱᠢᠬᠤ ᠪᠠ ᠪᠢᠴᠢᠬᠦ᠌᠎ᠳᠦ ᠬᠦᠴᠢᠷᠳᠡᠳᠡᠭ ᠪᠠᠢᠯ᠎ᠠ᠃ ᠡᠢᠮᠦ᠍᠎ᠡᠴᠡ᠂ ᠪᠢ ᠰᠤᠷᠤᠭ᠍ᠴᠢᠳ ᠎ᠢ ᠡᠳᠦᠷ ᠪᠦᠷᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠦᠭᠡ ᠬᠤᠯᠪᠤᠵᠤ ᠦᠬᠦᠯᠡᠪᠦᠷᠢ ᠵᠤᠬᠢᠶᠠᠯᠭᠠᠵᠤ᠂ ᠭᠠᠷᠠᠭ᠎ᠤᠨ ᠲᠡᠮᠳᠡᠭ᠌ᠯᠡᠯ ᠬᠢᠯᠭᠡᠵᠦ᠍᠂ ᠳᠠᠷᠠᠭ᠎ᠠ ᠨᠢ ᠰᠤᠯᠠ ᠲᠡᠮᠳᠡᠭ᠌ᠯᠡᠯ ᠪᠢᠴᠢᠭᠦᠯᠵᠦ᠂ ᠲᠠᠰᠤᠷᠠᠯᠲᠠ ᠦᠭᠡᠢ ᠬᠠᠪᠰᠤᠷᠴᠤ᠌᠂ ᠬᠥᠲᠥᠯᠥᠨ ᠵᠢᠯᠣᠭᠣᠳᠴᠤ᠌᠂ ᠵᠣᠷᠢᠭ᠍ᠵᠢᠭᠤᠯᠬᠤ ᠪᠡᠷ ᠲᠠᠮᠵᠢᠨ᠂ ᠤᠳᠤ ᠲᠡᠳᠡ ᠰᠣᠨᠣᠰᠬᠤ ᠤᠩᠱᠢᠬᠤ ᠪᠢᠴᠢᠬᠦ᠌᠎ᠳᠦ ᠪᠦᠷ ᠠᠰᠠᠭᠤᠳᠠᠯ ᠦᠭᠡᠢ ᠪᠣᠯᠵᠠᠶ》 ᠭᠡᠵᠦ ᠲᠦᠷᠦᠭᠳᠡᠯ ᠭᠦᠨ ᠬᠡᠯᠡᠪᠡ᠃

ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ᠂ ᠤᠯᠠᠭᠠᠨᠴᠠᠪ ᠬᠤᠳᠠ᠎ᠶ᠋ᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠪᠠᠭ᠍ᠰᠢ᠎ᠶ᠋ᠢᠨ ᠡᠩᠨᠡᠭᠡ᠎ᠶ᠋ᠢ ᠴᠢᠨᠠᠭ᠍ᠰᠢᠳᠠ ᠴᠢᠩᠭᠠᠳᠭᠠᠬᠤ᠂ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠪᠠᠶᠠᠯᠢᠭ᠍ᠵᠢᠭᠤᠯᠬᠤ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ ᠎ᠪᠠᠷ ᠳᠡᠯᠭᠡᠷᠡᠭᠦᠯᠦᠨ ᠬᠡᠷᠡᠭ᠌ᠯᠡᠬᠦ᠌ ᠠᠵᠢᠯ ᠎ᠢ ᠦᠷᠭᠦᠯᠵᠢᠯᠡᠨ ᠰᠠᠢᠲᠤᠷ ᠬᠢᠵᠦ᠍᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠬᠦ᠌ ᠪᠠ ᠰᠠᠢᠲᠤᠷ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠪᠠ᠃

ᠠᠩᠬ᠎ᠠ ᠳᠤᠮᠳᠠᠳᠤ᠎ᠶ᠋ᠢᠨ ᠭᠤᠷᠪᠠᠳᠤᠭᠠᠷ ᠣᠨ᠎ᠤ 94 ᠳ᠋ᠤᠭᠡᠷ ᠠᠩᠭᠢ᠎ᠶ᠋ᠢᠨ ᠰᠤᠷᠤᠭ᠍ᠴᠢ ᠪᠦᠦ ᠬᠠᠢᠷ᠎ᠠ ᠰᠤᠷᠪᠤᠯᠵᠢᠯᠠᠭ᠍ᠴᠢ᠎ᠳᠤ᠄ 《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ᠎ᠪᠠᠷ ᠳᠠᠮᠵᠢᠨ᠂ ᠡᠷᠳᠡᠮ ᠮᠡᠳᠡᠯᠭᠡ ᠡᠵᠡᠮᠱᠢᠵᠦ᠍᠂ ᠲᠠᠨᠢᠯᠲᠠ ᠤᠶᠤᠨ᠎ᠵᠢᠡᠨ ᠨᠡᠮᠡᠭ᠌ᠳᠡᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠤᠩᠱᠢᠯᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠪᠡ》᠃ ᠲᠡᠷᠡ᠄《ᠪᠢ ᠬᠡᠯᠡ ᠪᠢᠴᠢᠭ᠎ᠦᠨ ᠬᠢᠴᠢᠶᠡᠯ ᠎ᠦᠨ ᠳᠡᠪᠲᠡᠷ᠎ᠲᠡᠬᠢ〈ᠰᠣᠭ᠍ᠲᠣᠭᠤ ᠡᠪᠦᠭᠡᠨ᠎ᠦ ᠲᠢᠩᠰᠡ᠎ᠶ᠋ᠢᠨ ᠲᠡᠮᠳᠡᠭ᠌ᠯᠡᠯ〉 ᠎ᠢ᠋ ᠬᠠᠮᠤᠭ ᠡᠴᠡ ᠲᠤᠭᠤᠳᠠᠬ᠂ ᠡᠨᠡ ᠵᠣᠬᠢᠶᠠᠯ᠎ᠳᠤ ᠭᠣᠢᠳᠠ ᠰᠠᠢᠬᠠᠨ ᠣᠷᠴᠢᠨ ᠲᠣᠭᠣᠷᠢᠨ ᠪᠠ ᠪᠠᠢᠭᠠᠯᠢ᠎ᠶ᠋ᠢᠨ ᠥᠩᠭᠡ ᠦᠵᠡᠮᠵᠢ᠎ᠶ᠋ᠢ ᠵᠢᠷᠤᠭ᠍ᠯᠠᠭ᠍ᠰᠠᠨ ᠪᠥᠭᠡᠳ ᠪᠠᠰᠠ ᠠᠷᠠᠳ ᠲᠦᠮᠡᠨ᠎ᠲᠡᠶ ᠵᠢᠷᠭᠠᠯ ᠴᠡᠩᠭᠡᠯ᠎ᠢᠶᠡᠨ ᠬᠠᠮᠲᠤᠳᠭᠠᠬᠤ ᠰᠡᠳᠭᠢᠯᠭᠡ᠎ᠶ᠋ᠢ ᠢᠯᠡᠷᠡᠭᠦᠯᠦᠭ᠌ᠰᠡᠨ ᠶᠤᠮ᠂ ᠰᠤᠷᠤᠯᠴᠠᠯᠭ᠎ᠠ᠎ᠪᠠᠷ ᠳᠡᠮᠵᠢᠨ ᠮᠢᠨᠦ᠍ ᠬᠠᠷᠠᠭ᠎ᠠ ᠲᠡᠯᠡᠭᠰᠡᠨ ᠪᠥᠭᠡᠳ ᠰᠡᠳᠭᠢᠬᠦ ᠴᠢᠳᠠᠪᠤᠷᠢ ᠴᠤ᠌ ᠳᠡᠭᠡᠭ᠌ᠰᠢᠯᠡᠯ᠎ᠠ》 ᠭᠡᠵᠦ ᠬᠡᠯᠡᠪᠡ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠠᠭᠠᠨᠴᠠᠪ ᠬᠤᠳᠠ᠎ᠶ᠋ᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠵᠢᠨ ᠬᠢᠨ ᠢᠯᠡ᠎ᠪᠡᠷ ᠤᠷᠢᠵᠤ ᠡᠯᠰᠡᠬᠦ᠌᠂ ᠰᠤᠷᠭᠠᠭᠤᠯᠢ᠎ᠶ᠋ᠢᠨ ᠳᠣᠲᠣᠷ᠎ᠠ᠎ᠡᠴᠡ ᠱᠢᠯᠢᠨ ᠰᠣᠩᠭᠣᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠯᠤᠰ ᠲᠦᠷᠦ᠍᠎ᠶ᠋ᠢᠨ ᠬᠡᠪ ᠴᠢᠨᠠᠷ᠎ᠢᠶᠠᠷ ᠪᠠᠲᠤ ᠴᠢᠩᠭ᠎ᠠ ᠪᠠ ᠵᠢᠭᠠᠨ ᠰᠤᠷᠭᠠᠯᠲᠠ᠎ᠶ᠋ᠢᠨ ᠲᠦᠪᠱᠢᠨ᠎ᠢᠶᠡᠷ ᠨᠡᠯᠢᠶᠡᠳ ᠥᠨᠳᠥᠷ ᠪᠠᠭ᠍ᠰᠢ᠎ᠶ᠋ᠢᠨ ᠡᠩᠨᠡᠭᠡ᠎ᠶ᠋ᠢ ᠭᠦᠢᠴᠡᠳ ᠲᠤᠬᠢᠷᠠᠭᠤᠯᠵᠤ᠂ ᠰᠦᠯᠵᠢᠶ᠎ᠠ ᠪᠠ ᠪᠤᠳᠠᠳᠤ ᠴᠤᠭᠴᠠ᠎ᠶ᠋ᠢ ᠤᠶᠠᠯᠳᠤᠭᠤᠯᠬᠤ ᠠᠷᠭ᠎ᠠ ᠬᠡᠯᠪᠡᠷᠢ᠎ᠪᠡᠷ ᠪᠠᠭ᠍ᠰᠢ᠎ᠶ᠋ᠢ ᠰᠣᠩᠭᠣᠨ ᠲᠣᠮᠢᠯᠠᠵᠤ ᠥᠪᠡᠷᠲᠡᠭᠡᠨ ᠵᠠᠰᠠᠬᠤ ᠣᠷᠣᠨ᠂ ᠬᠤᠳᠠ ᠪᠠ ᠰᠤᠷᠭᠠᠭᠤᠯᠢ ᠭᠤᠷᠪᠠᠨ ᠱᠠᠳᠤ᠎ᠪᠠᠷ ᠰᠤᠷᠤᠯᠭ᠎ᠠ᠎ᠶ᠋ᠢᠨ ᠱᠠᠳᠤ ᠬᠤᠪᠢᠶᠠᠵᠤ᠂ ᠬᠢᠴᠢᠶᠡᠯ ᠲᠦᠷᠦᠯ ᠬᠤᠪᠢᠶᠠᠵᠤ᠂ ᠲᠡᠰ ᠳᠠᠪᠬᠤᠷᠭ᠎ᠠ ᠬᠤᠪᠢᠶᠠᠵᠤ ᠱᠢᠰᠲ᠋ᠧᠮ᠎ᠲᠡᠶ ᠪᠣᠯᠪᠠᠰᠤᠷᠠᠯ᠎ᠳᠤ ᠣᠷᠣᠯᠴᠠᠭᠤᠯᠪᠠ᠃ ᠲᠣᠰ ᠰᠤᠷᠭᠠᠭᠤᠯᠢ᠎ᠶ᠋ᠢᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠰᠡᠭ ᠪᠠᠭ᠍ᠰᠢ ᠨᠢ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠭᠤᠤᠯ ᠪᠠᠭ᠍ᠰᠢ᠂ ᠤᠯᠠᠭᠠᠨᠴᠠᠪ ᠬᠣᠲᠠ᠎ᠶ᠋ᠢᠨ ᠵᠠᠯᠠᠭᠤ ᠪᠠᠭ᠍ᠰᠢ᠎ᠶ᠋ᠢᠨ ᠦᠨᠳᠦᠰᠦᠨ ᠪᠣᠯᠪᠠᠰᠤᠷᠠᠯ᠎ᠤᠨ ᠬᠣᠶᠠᠳᠤᠭᠠᠷ ᠳᠡᠰ᠎ᠤᠨ ᠱᠠᠩᠨᠠᠯ ᠵᠡᠷᠭᠡ ᠢᠷᠠᠭᠤ ᠠᠯᠳᠠᠷ᠎ᠢ ᠭᠥᠷᠳᠡᠪᠡ᠃

ᠡᠭᠦᠨ᠎ᠡᠴᠡ ᠭᠠᠳᠠᠨ᠎ᠠ᠂ ᠲᠣᠰ ᠰᠤᠷᠭᠠᠭᠤᠯᠢ ᠨᠢ ᠪᠠᠰᠠ ᠪᠡᠭᠡᠵᠢᠩ᠎ᠦᠨ ᠨᠠᠶ᠋ᠮᠠᠳᠤᠭᠠᠷ ᠳᠤᠮᠳᠠᠳᠤ ᠰᠤᠷᠭᠠᠭᠤᠯᠢ᠎ᠶ᠋ᠢᠨ ᠤᠯᠠᠭᠠᠨᠴᠠᠪ ᠬᠤᠪᠢᠶᠠᠷᠢ ᠰᠤᠷᠭᠠᠭᠤᠯᠢ᠎ᠲᠠᠶ ᠬᠠᠪᠰᠤᠷᠤᠯᠴᠠᠭ᠎ᠠ ᠪᠠᠢᠭᠤᠯᠵᠤ᠂ ᠬᠡᠯᠡ ᠪᠢᠴᠢᠭ᠂ ᠲᠡᠦᠬᠡ᠂ ᠶᠣᠰᠣ ᠮᠣᠷᠠᠯ ᠬᠢᠭᠡᠳ ᠬᠠᠤᠯᠢ᠎ᠴᠠᠭᠠᠵᠠ᠎ᠵᠢᠨ ᠪᠠᠭ᠍ᠰᠢ ᠲᠣᠮᠢᠯᠠᠨ᠂ ᠨᠠᠷᠠᠲᠤ ᠪᠠᠭ᠍ᠰᠢ᠎ᠪᠠᠷ ᠱᠠᠪᠢ ᠳᠠᠭᠠᠭᠤᠯᠬᠤ᠂ ᠣᠢᠷ᠎ᠠ ᠬᠠᠪᠢ᠎ᠳᠤᠨᠢ ᠪᠠᠭ᠍ᠰᠢᠯᠠᠭᠤᠯᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃

《ᠪᠣᠯᠪᠠᠰᠤᠷᠠᠯ ᠪᠠ ᠰᠤᠷᠤᠯᠴᠠᠯᠭ᠎ᠠ᠎ᠪᠠᠷ ᠳᠠᠮᠵᠢᠨ᠂ ᠪᠢ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ ᠎ᠦᠨ ᠵᠢᠭᠠᠬᠤ ᠮᠠᠲ᠋ᠧᠷᠢᠶᠠᠯ᠎ᠳᠤ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠪᠤᠴᠠ᠎ᠳᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠨᠡᠩ ᠰᠠᠢᠲᠤᠷ ᠥᠷᠨᠢᠭᠦᠯᠵᠦ᠍᠂ ᠰᠤᠷᠤᠭ᠍ᠴᠢᠳ᠎ᠲᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠶ᠋ᠢ ᠨᠡᠩ ᠣᠨᠣᠪᠴᠢᠲᠠᠢ ᠤᠢ᠍ᠢᠯᠠᠭᠠᠭᠤᠯᠪᠠ》᠃ ᠵᠤᠤ ᠸᠧᠢ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠰᠤᠷᠤᠯᠭ᠎ᠠ᠎ᠶ᠋ᠢᠨ ᠬᠤᠭᠤᠴᠠᠭ᠎ᠠ ᠪᠦᠷᠢ᠎ᠳᠦ ᠪᠠᠰᠠ ᠶᠠᠷᠢᠶᠠᠨ᠎ᠤ ᠤᠷᠤᠯᠳᠤᠭᠠᠨ ᠦᠷᠨᠢᠬᠦᠯᠬᠦ᠂ ᠱᠢᠯᠦᠭ ᠤᠶᠠᠩᠭᠠᠯᠠᠬᠤ ᠵᠡᠷᠭᠡ ᠠᠵᠢᠯᠯᠠᠭ᠎ᠠ ᠥᠷᠨᠢᠭᠦᠯᠵᠦ᠍᠂ ᠨᠠᠭᠠᠳᠤᠮ ᠳᠤᠭᠯᠠᠭᠠᠮ᠎ᠤᠨ ᠳᠤᠮᠳᠠ ᠬᠦᠮᠦᠵᠢᠯ ᠬᠦᠷᠲᠡᠭᠡᠵᠦ᠂ ᠰᠤᠷᠤᠭ᠍ᠴᠢᠳ᠎ᠤᠨ ᠰᠤᠷᠤᠯᠴᠠᠬᠤ ᠤᠷᠮ᠎ᠠ ᠪᠠᠬ᠎ᠠ᠎ᠶ᠋ᠢ ᠬᠥᠭ᠌ᠵᠢᠭᠡᠵᠦ᠍᠂ ᠳᠤᠮᠳᠠᠳᠤ᠎ᠵᠢᠨ ᠰᠤᠶᠤᠯ᠎ᠢ ᠰᠤᠷᠤᠭᠴᠢᠳ᠎ᠤᠨ ᠰᠡᠳᠭᠢᠯ ᠳ᠋ᠤ ᠦᠨᠳᠦᠰᠦᠯᠡᠭᠦᠯᠦᠨ᠎ᠡ ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面