2023-09-14 09:54:55
《ᠪᠠᠭ᠍ᠰᠢ ᠡ ᠁ ᠰᠠᠶᠢᠬᠠᠨ ᠪᠢ ᠲᠤᠩᠭᠤᠷᠴᠠᠬᠯᠠᠬᠤ ᠬᠡᠰᠡᠨ ᠳ᠋ᠸ᠋ ᠲᠡᠳᠡ ᠨᠠᠳᠠ ᠳ᠋ᠤ ᠮᠡᠬᠡ ᠵᠠᠷᠤᠵᠦ ᠤᠢᠴᠢᠭᠤᠯᠵᠠᠢ ! 》 ᠪᠠᠶᠠᠨᠨᠠᠭᠤᠷ ᠬᠤᠳᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠮᠢᠩᠭᠠᠨ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠹᠠᠨ ᠴᠦᠨ ᠮᠧᠢ᠎ᠶᠢᠨ ᠠᠯᠪᠠᠨ ᠭᠡᠷ᠎ᠲᠦ ᠨᠢᠭᠡᠨ ᠬᠡᠦᠬᠡᠳ ᠨᠤᠲᠤᠭ᠎ᠤᠨ ᠠᠶᠠᠯᠭᠤ ᠬᠣᠯᠢᠯᠳᠤᠭᠰᠠᠨ《ᠨᠡᠢᠲᠡᠯᠢᠭ ᠬᠡᠯᠡ》 ᠪᠡᠷ ᠵᠠᠭᠠᠯᠳᠤᠭᠠᠳ ᠠᠯᠪᠠᠨ ᠭᠡᠷ᠎ᠦᠨ ᠪᠦᠬᠦ ᠪᠠᠭ᠍ᠰᠢ ᠨᠠᠷ᠎ᠢ ᠢᠨᠢᠶᠡᠯᠭᠡᠪᠡ᠃
《ᠮᠢᠩᠭᠠᠨ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ ᠴᠥᠮ ᠣᠢᠷ᠎ᠠ ᠬᠠᠪᠢ ᠶ᠋ᠢᠨ ᠠᠢᠯ ᠲᠣᠰᠬᠣᠨ ᠠ᠋ᠴᠠ ᠢᠷᠡᠭᠰᠡᠨ ᠶᠤᠮ᠂ ᠡᠩ᠎ᠦᠨ ᠦᠶ᠎ᠡ᠎ᠳᠦ ᠣᠯᠠᠩᠬᠢ᠎ᠳᠠᠭᠠᠨ ᠨᠤᠳᠤᠭ᠎ᠤᠨ ᠠᠶᠠᠯᠭᠤ ᠪᠠᠷ ᠶᠠᠷᠢᠳᠠᠭ᠂ ᠰᠤᠷᠭᠠᠭᠤᠯᠢ᠎ᠳᠤ ᠤᠷᠤᠭᠠᠳ ᠨᠡᠢᠲᠡᠯᠢᠭ ᠬᠡᠯᠡᠨ᠎ᠦ ᠬᠥᠮᠦᠵᠢᠯ ᠪᠠ ᠪᠣᠯᠪᠠᠰᠤᠷᠠᠯ᠎ᠢ ᠭᠥᠷᠳᠡᠭᠰᠡᠨᠦ ᠳᠠᠷᠠᠭ᠎ᠠ ᠡᠨᠡ ᠬᠦ᠌ ᠦᠵᠡᠭᠳᠡᠯ ᠨᠢ ᠶᠠᠪᠤᠬᠤ ᠲᠤᠲᠤᠮ ᠴᠥᠭᠡᠷᠡᠵᠦ᠂ ᠠᠩᠬᠢ ᠳᠠᠪᠰᠢᠬᠤ ᠵᠢ ᠳᠠᠭᠠᠯᠳᠤᠨ ᠬᠡᠦᠬᠡᠳ᠎ᠦᠳ ᠤᠷᠠᠨ ᠤᠩᠰᠢᠯᠭ᠎ᠠ᠎ᠶᠢᠨ ᠤᠷᠤᠯᠳᠤᠭᠠᠨ᠂ ᠶᠠᠷᠢᠶ᠎ᠠ ᠢᠯᠡᠳᠬᠡᠯ᠎ᠦᠨ ᠤᠷᠤᠯᠳᠤᠭᠠᠨ᠎ᠳᠤ ᠢᠳᠡᠪᠬᠢᠲᠡᠢ ᠣᠷᠣᠯᠴᠠᠵᠤ ᠂ ᠴᠢᠨᠠᠭᠰᠢᠯᠠᠪᠠᠯ ᠮᠠᠰᠢ ᠣᠯᠠᠨ ᠬᠡᠦᠬᠡᠳ ᠰᠤᠷᠭᠠᠭᠤᠯᠢ᠎ᠶᠢᠨ ᠲᠠᠢᠰᠠᠨ ᠡᠴᠨ ᠬᠤᠰᠢᠭᠤ᠂ ᠬᠤᠳᠠ ᠵᠢᠨ ᠲᠠᠢᠰᠠᠨ ᠳ᠋ᠤ ᠬᠦᠷᠳᠡᠯ᠎ᠡ ᠶᠠᠪᠤᠵᠤ᠂ ᠶᠠᠪᠤᠬᠤ ᠲᠤᠳᠤᠮ ᠢᠳᠡᠬᠡᠯ ᠲᠡᠬᠦᠯᠳᠡᠷ ᠪᠤᠯᠵᠠᠢ》 ᠬᠡᠵᠦ ᠹᠠᠨ ᠴᠦᠨ ᠮᠧᠶ ᠬᠡᠯᠡᠨ᠎ᠡ᠃
ᠨᠡᠢᠲᠡᠯᠢᠭ ᠬᠡᠯᠡ ᠵᠢ ᠤᠯᠠᠮ ᠴᠢᠨᠠᠬᠰᠢᠳᠠ ᠪᠠᠢᠩᠭᠤ ᠬᠡᠷᠡᠭᠯᠡᠬᠦ ᠬᠡᠯᠡ ᠪᠣᠯᠭᠠᠬᠤ᠎ᠶᠢᠨ ᠲᠥᠯᠥᠭᠡ ᠣᠢᠷ᠎ᠠ᠎ᠶᠢᠨ ᠵᠢᠯ᠎ᠳᠦ ᠤᠷᠠᠳ᠎ᠤᠨ ᠡᠮᠦᠨᠡᠲᠦ ᠬᠤᠰᠢᠭᠤ ᠰᠤᠷᠭᠠᠭᠤᠯᠢ᠎ᠶᠢᠨ 《ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ + ᠰᠤᠷᠭᠠᠭᠤᠯᠢ᠎ᠶᠢᠨ ᠬᠦᠷᠢᠶᠡᠨ᠎ᠦ ᠦᠭᠡ ᠬᠡᠯᠡᠨ᠎ᠦ ᠣᠷᠴᠢᠨ ᠲᠣᠭᠣᠷᠢᠨ》 ᠤ᠋ ᠰᠤᠷᠭᠠᠨ ᠬᠥᠮᠦᠵᠢᠯ᠎ᠦᠨ ᠰᠠᠭᠤᠷᠢ ᠵᠢᠭ᠍ᠰᠠᠭᠠᠯ᠎ᠤᠨ ᠭᠠᠵᠠᠷ᠎ᠢ ᠰᠠᠢᠲᠤᠷ ᠠᠰᠢᠭ᠍ᠯᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠣᠣᠯ ᠰᠢᠵᠢᠮ ᠪᠣᠯᠭᠠᠵᠤ᠂ ᠪᠤᠶ ᠪᠦᠬᠦᠢ ᠳᠤᠮᠳᠠᠳᠤ ᠪᠠᠭ᠎ᠠ ᠰᠤᠷᠭᠠᠭᠤᠯᠢ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠢᠳᠡᠪᠬᠢᠲᠡᠢ᠎ᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ 《ᠴᠢᠨᠠᠷ ᠰᠠᠢᠲᠠᠢ ᠰᠤᠷᠭᠠᠭᠤᠯᠢ ᠬᠢᠭᠡᠳ ᠦᠨᠳᠦᠰᠦᠲᠡᠨ᠎ᠦ ᠰᠤᠷᠭᠠᠭᠤᠯᠢ᠂ ᠬᠣᠲᠠ᠎ᠶᠢᠨ ᠲᠣᠭᠣᠷᠢᠭ᠋᠎ᠤᠨ ᠰᠤᠷᠭᠠᠭᠤᠯᠢ ᠬᠢᠭᠡᠳ ᠰᠢᠶᠠᠩ ᠪᠠᠯᠭᠠᠰᠤ᠎ᠶᠢᠨ ᠰᠤᠷᠭᠠᠭᠤᠯᠢ》 ᠵᠢᠨ ᠬᠤᠤᠰᠯᠠᠨ ᠬᠠᠮᠲᠤ ᠪᠠᠷ ᠪᠠᠶ᠋ᠢᠭᠤᠯᠬᠤ ᠲᠣᠭᠲᠠᠴᠠ᠎ᠲᠠᠢ ᠤᠶᠠᠯᠳᠤᠭᠤᠯᠤᠨ᠂ ᠨᠠᠮ᠎ᠤᠨ ᠭᠡᠰᠢᠭᠦᠨ ᠪᠠᠭ᠍ᠰᠢ᠂ ᠭᠣᠣᠯᠯᠠᠭ᠍ᠴᠢ ᠪᠠᠭ᠍ᠰᠢ᠎ᠶᠢᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ ᠂ ᠭᠣᠣᠯ ᠰᠡᠳᠦᠪᠲᠦ ᠨᠠᠮ᠎ᠤᠨ ᠡᠳᠦᠷ᠂ ᠨᠠᠮ᠎ᠤᠨ ᠪᠠᠢᠭᠤᠯᠤᠯᠲᠠ᠎ᠶᠢᠨ ᠬᠣᠯᠪᠣᠭ᠎ᠠ ᠵᠡᠷᠭᠡ ᠰᠤᠷᠭᠠᠭᠤᠯᠢ᠎ᠶᠢᠨ ᠬᠣᠭᠣᠷᠣᠨᠳᠣᠬᠢ ᠵᠢᠭᠠᠨ ᠰᠤᠳᠤᠯᠵᠤ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶᠢᠨ ᠦᠢᠯᠡᠳᠦᠯᠭᠡ᠂ ᠬᠡᠷᠡᠭᠯᠡᠯᠲᠡ ᠪᠠ ᠪᠦᠬᠦᠯᠢ ᠴᠣᠭᠴᠠ᠎ᠶᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠬᠢᠷᠢ ᠬᠡᠮᠵᠢᠶ᠎ᠡ᠎ᠶᠢᠨ ᠳᠡᠭᠡᠭᠰᠢᠯᠡᠯᠲᠡ᠎ᠶᠢ ᠪᠦᠲᠦᠮᠵᠢᠲᠡᠶ ᠠᠬᠢᠭᠤᠯᠪᠠ᠃ ᠡᠭᠦᠨ᠎ᠦ ᠬᠠᠮᠲᠤ ᠰᠤᠷᠭᠠᠭᠤᠯᠢ᠎ᠳᠤ 《ᠥᠯᠢᠭᠡᠷ ᠶᠠᠷᠢᠬᠤ ᠤᠷᠤᠯᠳᠤᠭᠠᠨ》᠂ 《ᠬᠤᠪᠢᠰᠬᠠᠯᠳᠤ ᠦᠯᠢᠬᠡᠷ ᠤ᠋ᠨ ᠲᠠᠢᠯᠪᠤᠷᠢᠯᠠᠭ᠍ᠴᠢ᠎ᠶᠢᠨ ᠤᠷᠤᠯᠳᠤᠭᠠᠨ》 ᠂ 《ᠨᠣᠮ ᠤᠩᠰᠢᠬᠤ ᠨᠠᠢᠷ》᠂ 《ᠬᠢᠲᠠᠳ ᠥᠰᠥᠭ᠎ᠦᠨ ᠰᠣᠨᠣᠰᠴᠤ ᠪᠢᠴᠢᠬᠦ ᠴᠤᠬᠯᠠᠭᠠᠨ》᠂ 《ᠦᠰᠦᠨ ᠪᠢᠷ ᠪᠤᠯᠤᠳ ᠪᠢᠷ ᠤ ᠵᠢᠨ ᠪᠢᠷ ᠪᠤᠯᠤᠨ ᠲᠠᠳᠠᠯᠠᠭᠠᠨ ᠵᠢᠷᠤᠬ ᠤ᠋ᠨ ᠤᠷᠤᠯᠳᠤᠭᠠᠨ》᠂ ᠪᠠᠭ᠍ᠰᠢ᠎ᠶᠢᠨ ᠨᠡᠢᠲᠡᠯᠢᠭ ᠬᠡᠯᠡᠨ᠎ᠦ ᠪᠣᠯᠪᠠᠰᠤᠷᠠᠯ ᠵᠡᠷᠭᠡ ᠪᠠᠭ᠍ᠰᠢ ᠰᠤᠷᠤᠭ᠍ᠴᠢᠳ᠎ᠤᠨ ᠬᠠᠮᠲᠤ᠎ᠶᠢᠨ ᠡᠭᠦᠳᠦᠯᠲᠡ᠎ᠶᠢᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ ᠂ 《ᠨᠡᠢᠲᠡᠯᠢᠭ ᠬᠡᠯᠡ᠎ᠶᠢ ᠰᠠᠢᠨ ᠶᠠᠷᠢᠬᠤ》 ᠬᠠᠯᠠᠭᠤᠨ ᠥᠷᠨᠢᠯᠲᠡ᠎ᠶᠢ ᠪᠤᠢ ᠪᠣᠯᠭᠠᠵᠤ᠂ ᠪᠠᠭ᠍ᠰᠢ ᠪᠣᠯᠣᠨ ᠰᠤᠷᠤᠭ᠍ᠴᠢᠳ ᠡᠳᠦᠷ ᠲᠤᠳᠤᠮ᠎ᠤᠨ ᠬᠡᠷᠡᠭᠯᠡᠭᠡᠨ᠎ᠳᠡᠭᠡᠨ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠵᠢ ᠦᠨᠡᠨ ᠬᠦ᠌ ᠬᠡᠷᠡᠭᠯᠡᠬᠦ ᠪᠤᠯᠵᠦ᠂ ᠡᠯ᠎ᠡ ᠭᠠᠵᠠᠷ ᠣᠷᠣᠨ᠂ ᠡᠯ᠎ᠡ ᠦᠨᠳᠦᠰᠦᠲᠡᠨ᠎ᠦ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ᠎ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ᠎ᠢ ᠠᠬᠢᠭᠤᠯᠵᠠᠢ᠃
《ᠣᠳᠣᠬᠠᠨ᠎ᠳᠤ ᠪᠠᠭ᠍ᠰᠢ ᠨᠠᠷ ᠬᠢᠴᠢᠶᠡᠯᠯᠡᠬᠦ᠎ᠳᠡᠭᠡᠨ ᠴᠥᠮ ᠨᠡᠢᠲᠡᠯᠢᠭ ᠬᠡᠯᠡ ᠶ᠋ᠢ ᠬᠡᠷᠡᠭᠯᠡᠵᠦ ᠪᠠᠢᠨ᠎ᠠ᠃ ᠰᠤᠷᠤᠭ᠍ᠴᠢᠳ ᠬᠢᠴᠢᠶᠡᠯ ᠲᠡᠭᠡᠷ᠎ᠡ᠂ ᠬᠢᠴᠢᠶᠠᠯ᠎ᠤᠨ ᠭᠠᠳᠠᠨ᠎ᠠ ᠪᠦᠷ ᠨᠡᠢᠲᠡᠯᠢᠭ ᠬᠡᠯᠡ᠎ᠪᠡᠷ ᠶᠠᠷᠢᠯᠴᠠᠵᠤ ᠪᠠᠢᠨ᠎ᠠ᠃ ᠡᠭᠦᠨ᠎ᠤ ᠬᠠᠮᠳᠤ ᠰᠤᠷᠤᠭ᠍ᠴᠢᠳ ᠡᠴᠡ ᠭᠡᠷ᠎ᠦᠨ ᠠᠬᠠᠮᠠᠳ ᠢ᠋ᠢᠡᠨ ᠳᠠᠢᠴᠢᠯᠠᠨ ᠭᠡᠷ᠎ᠦᠨ ᠠᠬᠠᠮᠠᠳ ᠤ᠋ᠨ ᠦᠭᠡ ᠬᠡᠯᠡᠨ᠎ᠦ ᠣᠷᠴᠢᠨ ᠨᠥᠬᠥᠴᠡᠯ ᠴᠦ᠍ ᠲᠤᠢᠯ᠎ᠤᠨ ᠶᠡᠬᠡᠪᠡᠷ ᠰᠠᠢᠵᠢᠷᠠᠵᠤ᠂ ᠰᠤᠷᠭᠠᠭᠤᠯᠢ ᠶ᠋ᠢᠨ ᠳᠣᠲᠣᠨ᠎ᠠ ᠭᠠᠳᠠᠨ᠎ᠠ ᠶ᠋ᠢᠨ ᠬᠠᠮᠳᠤᠷᠠᠯ ᠬᠦᠴᠦᠨ ᠢ᠋ ᠪᠤᠶ ᠪᠣᠯᠭᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠴᠤ ᠬᠡᠷᠡᠭᠯᠡᠬᠦ ᠰᠠᠢᠨ ᠰᠠᠢᠬᠠᠨ ᠠᠭᠤᠷ ᠠᠮᠢᠰᠬᠤᠯ ᠪᠣᠯᠣᠨ ᠬᠡᠪ ᠰᠤᠷᠲᠠᠯ ᠢ᠋ ᠪᠤᠶ ᠪᠣᠯᠭᠠᠵᠤ᠂ ᠬᠠᠮᠲᠤ᠎ᠪᠠᠷ ᠬᠡᠦᠬᠡᠳ᠎ᠲᠡᠬᠡᠨ ᠰᠠᠢᠨ ᠰᠠᠢᠬᠠᠨ ᠢᠷᠡᠭᠡᠳᠦᠢ ᠶ᠋ᠢ ᠴᠤᠬᠴᠠᠯᠠᠵᠦ ᠪᠠᠢᠨ᠎ᠠ》 ᠭᠡᠵᠦ ᠮᠢᠩᠭᠠᠨ ᠪᠠᠭ᠎ᠠ ᠰᠤᠷᠭᠠᠭᠤᠯᠢ᠎ᠶᠢᠨ ᠵᠠᠬᠢᠷᠤᠯ ᠵᠠᠩ ᠰᠢᠶᠣᠣ ᠸᠸᠨ ᠰᠤᠷᠪᠤᠯᠵᠢᠯᠠᠭ᠍ᠴᠢ᠎ᠳᠤ ᠬᠡᠯᠡᠨ᠎ᠡ᠃
《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠠᠵᠢᠯ ᠪᠣᠯ ᠨᠢᠭᠡᠨ ᠣᠷᠳᠣ᠌ ᠬᠤᠭᠤᠴᠠᠭᠠᠨ᠎ᠤ ᠪᠥᠭᠡᠳ ᠰᠢᠰᠲᠧᠮ᠎ᠲᠠᠢ ᠢᠨᠵᠧᠨᠧᠷᠢᠩ ᠮᠥᠨ᠃ ᠣᠲᠣ᠌ ᠪᠣᠯᠲᠠᠯ᠎ᠠ ᠮᠠᠨ᠎ᠤ ᠬᠤᠰᠢᠭᠤ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠤᠬᠠᠭᠤᠯᠭ᠎ᠠ᠎ᠶᠢ ᠦᠷᠨᠢᠬᠦᠯᠦᠨ 3.1 ᠲᠦᠮᠡ ᠭᠠᠷᠤᠢ ᠪᠠᠭ᠍ᠰᠢ ᠰᠤᠷᠤᠭ᠍ᠴᠢᠳ᠎ᠢ ᠬᠠᠮᠤᠷᠴᠤ᠂ ᠮᠠᠯᠵᠢᠬᠤ ᠲᠠᠷᠢᠶᠠᠯᠠᠬᠤ ᠣᠷᠣᠨ᠎ᠤ 3450 ᠰᠤᠷᠤᠭ᠍ᠴᠢᠳ᠎ᠲᠤ ᠠᠰᠢᠭ᠋ ᠬᠦᠷᠲᠡᠭᠡᠵᠦ᠂ ᠣᠯᠠᠩᠬᠢ ᠬᠢᠴᠢᠶᠡᠯᠯᠡᠵᠦ ᠪᠠᠢᠭ᠎ᠠ ᠪᠠᠭ᠍ᠰᠢ᠎ᠶᠢᠨ ᠨᠡᠢᠲᠡᠯᠢᠭ ᠬᠡᠯᠡ ᠨᠢ ᠬᠣᠶᠠᠳᠤᠭᠠᠷ ᠳᠡᠰ᠎ᠤᠨ ᠬᠥᠬᠡᠭᠴᠢᠨ ᠵᠡᠷᠭᠡ᠎ᠡᠴᠡ ᠳᠡᠭᠡᠭᠰᠢ ᠬᠢᠷᠢ ᠲᠦᠪᠰᠢᠨ᠎ᠳᠦ ᠭᠦᠷᠦᠭᠰᠡᠨ ᠪᠠᠢᠨ᠎ᠠ᠃ ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠳᠤ ᠮᠠᠨ᠎ᠤ ᠬᠣᠰᠢᠭᠤᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠦᠷᠭᠦᠯᠵᠢᠯᠡᠨ ᠴᠢᠷᠮᠠᠢᠵᠤ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠪᠡᠷ ᠰᠠᠢᠳᠤᠷ ᠶᠠᠷᠢᠬᠤ᠂ ᠲᠦᠷᠢᠮᠵᠢᠬᠦᠨ ᠦᠰᠦᠭ ᠢ᠋ ᠰᠠᠢᠳᠤᠷ ᠪᠢᠴᠢᠬᠦ ᠵᠢ ᠪᠡᠷᠢᠮᠳᠠᠯᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠰᠤᠷᠤᠯᠴᠠᠯᠭ᠎ᠠ ᠪᠠ ᠠᠮᠢᠳᠤᠷᠠᠯ᠎ᠳᠤ ᠠᠭᠤᠰᠬᠠᠵᠤ᠂ ᠬᠡᠦᠬᠡᠳ᠎ᠦᠳ᠎ᠲᠦ ᠨᠠᠩ ᠥᠷᠭᠡᠨ ᠰᠠᠷᠠᠭᠤᠯ ᠢᠷᠡᠭᠡᠳᠦᠢ᠎ᠶᠢ ᠴᠤᠬᠴᠠᠯᠠᠵᠦ ᠦᠭᠬᠦ ᠪᠡᠷ ᠮᠡᠷᠡᠢᠨᠡ》 ᠬᠡᠵᠦ ᠤᠷᠠᠳ᠎ᠤᠨ ᠡᠮᠦᠨᠡᠲᠦ ᠬᠣᠰᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠣᠶᠠᠳᠤᠭᠠᠷ ᠳᠡᠰ᠎ᠤᠨ ᠡᠷᠬᠢᠯᠡᠭᠴᠢ ᠭᠡᠰᠢᠭᠦᠴᠢ ᠵᠣᠣ ᠹᠧᠩ ᠠᠢ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃