2023-09-16 13:46:26
《ᠨᠦᠬᠦᠤᠨ ᠡ᠂ ᠪᠢᠳᠡ ᠬᠠᠮᠲᠤ ᠳ᠋ᠠᠭᠠᠨ ᠡᠷᠭᠢᠴᠡᠭᠦᠯᠵᠦ ᠦᠵᠡᠶ᠎ᠡ ! 〈ᠨᠣᠭᠣᠭᠠᠨ ᠮᠣᠳᠣᠨ ᠳᠣᠣᠷᠠᠬᠢ ᠪᠠᠭ᠎ᠠ ᠰᠤᠷᠭᠠᠭᠤᠯᠢ〉᠂ 〈ᠴᠡᠴᠡᠭᠳᠤ ᠰᠤᠷᠭᠠᠭᠤᠯᠢ〉᠂ 〈ᠮᠡᠳᠡᠬᠦ᠌ ᠦᠭᠡᠢ ᠪᠣᠯ ᠠᠰᠠᠭᠤᠭᠠᠷᠠᠢ〉 ᠡᠨᠡ ᠬᠡᠳᠦᠨ ᠬᠢᠴᠢᠶᠡᠯ ᠪᠦᠷ ᠰᠤᠷᠭᠠᠭᠤᠯᠢᠶ᠋ᠢᠨ ᠬᠦᠷᠢᠶᠡᠲᠡᠶ ᠬᠣᠯᠪᠣᠭ᠎ᠠ ᠲᠠᠶ ᠪᠢᠵᠡ?》 ᠭᠡᠵᠦ ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠣᠱᠢᠭᠤᠨᠤ ᠬᠠᠡ ᠠᠭᠤᠯᠠ ᠪᠠᠭ᠎ᠠ ᠰᠤᠷᠭᠠᠭᠤᠯᠢ ᠵᠢᠨ ᠭᠤᠷᠪᠠᠳᠤᠭᠠᠷ ᠣᠨ ᠤ ᠬᠡᠯᠡ ᠪᠢᠴᠢᠭ ᠦᠨ ᠪᠠᠭ᠍ᠰᠢ ᠪᠦᠦ ᠮᠧᠶ ᠷᠦᠩ ᠰᠤᠷᠤᠭ᠍ᠴᠢᠳ ᠲᠠᠢ ᠪᠠᠨ ᠨᠢᠭᠡᠳᠦᠭᠡᠷ ᠨᠢᠭᠡᠴᠢ ᠶ᠋ᠢᠨ ᠰᠤᠷᠤᠯᠴᠠᠯᠭ᠎ᠠ ᠶ᠋ᠢᠨ ᠠᠭᠤᠯᠭ᠎ᠠ ᠪᠠᠨ ᠳ᠋ᠦᠩᠨᠡᠵᠦ᠍ ᠪᠠᠢᠯ᠎ᠠ᠃
《ᠳᠡᠭᠡᠷ᠎ᠡ ᠬᠤᠭᠤᠴᠠᠭᠠᠨ ᠡᠴᠦᠰ ᠵᠢᠡᠷ᠂ ᠪᠢ ᠰᠤᠷᠭᠠᠭᠤᠯᠢ ᠶ᠋ᠢᠨ ᠵᠢᠡᠨ ᠬᠡᠳᠦᠨ ᠪᠠᠭ᠍ᠰᠢ ᠨᠠᠷᠲᠠᠶ ᠬᠠᠮᠲᠤ ᠪᠡᠭᠡᠵᠢᠩ ᠦᠨ ᠴᠠᠩ ᠫᠢᠩ ᠦ᠋ᠨ ᠱᠢ ᠰᠠᠨ ᠯᠢᠨᠭ ᠪᠠᠭ᠎ᠠ ᠰᠤᠷᠭᠠᠭᠤᠯᠢ ᠳᠤ ᠰᠤᠷᠤᠯᠴᠠᠬᠤ ᠪᠡᠷ ᠬᠦᠷᠪᠡ᠂ ᠲᠡᠳᠡᠨᠦ 〈ᠶᠡᠭᠡ ᠨᠢᠭᠡᠴᠢ ᠶ᠋ᠢᠨ ᠵᠢᠭᠠᠨ ᠰᠤᠷᠭᠠᠯᠲᠠ〉 ᠶ᠋ᠢᠨ ᠠᠷᠭ᠎ᠠ ᠮᠠᠶᠢᠭ ᠨᠢ ᠮᠠᠰᠢ ᠰᠠᠢᠨ᠂ ᠡᠨᠡ ᠰᠤᠷᠤᠯᠭ᠎ᠠ ᠵᠢᠨ ᠬᠤᠭᠤᠴᠠᠭ᠎ᠠ ᠪᠢ ᠲᠤᠷᠰᠢᠨ ᠬᠡᠷᠡᠭ᠌ᠯᠡᠭᠡᠳ ᠦᠷ᠎ᠡ ᠪᠦᠲᠦᠮᠵᠢ ᠮᠠᠰᠢ ᠢᠯᠡᠷᠬᠡᠶ ᠪᠠᠢᠨ᠎ᠠ》 ᠭᠡᠵᠦ᠍ ᠪᠦᠦ ᠮᠧᠶ ᠷᠦᠩ ᠬᠡᠯᠡᠭ᠌ᠰᠡᠨᠢᠶᠡᠨ ᠵᠠᠯᠭᠠᠭᠠᠳ ᠬᠡᠳᠦᠨ ᠬᠢᠴᠢᠶᠡᠯ ᠦᠨ ᠴᠠᠭ ᠤᠨ ᠠᠭᠤᠯᠭ᠎ᠠ ᠶ᠋ᠢ ᠨᠢᠭᠡ ᠳᠤᠤᠷ᠎ᠠ ᠬᠡᠯᠬᠢᠨ ᠬᠤᠯᠪᠤᠪᠠᠯ᠂ ᠰᠤᠷᠤᠭ᠍ᠴᠢᠳᠤᠨ ᠲᠣᠰ ᠨᠢᠭᠡᠴᠢ ᠶ᠋ᠢᠨ ᠠᠭᠤᠯᠭ᠎ᠠ ᠶ᠋ᠢ ᠨᠠᠩ ᠰᠠᠢᠳᠤᠷ ᠡᠵᠡᠮᠱᠢᠭᠦ ᠳ᠋ᠤ ᠬᠠᠪᠰᠤᠷᠤᠮᠵᠢ ᠪᠣᠯᠤᠨ᠎ᠠ᠂ ᠰᠤᠷᠤᠭ᠍ᠴᠢᠳ ᠴᠥᠮ ᠡᠢᠮᠦ᠍ᠷᠬᠦᠦ ᠬᠢᠴᠢᠶᠡᠯᠯᠡᠬᠦ᠌ ᠠᠷᠭ᠎ᠠ ᠮᠠᠶᠢᠭ ᠲᠸ᠋ ᠳᠤᠷᠠᠲᠠᠶ ᠪᠠᠢᠳᠠᠭ ᠬᠡᠯᠡ᠃
ᠬᠠᠡ ᠠᠭᠤᠯᠠ ᠪᠠᠭ᠎ᠠ ᠰᠤᠷᠭᠠᠭᠤᠯᠢ ᠪᠠᠭ᠍ᠰᠢ ᠶ᠋ᠢᠨ ᠪᠣᠯᠪᠠᠰᠤᠷᠠᠯ ᠤᠨ ᠡᠷᠴᠢᠮᠢ ᠴᠢᠩᠭᠠᠷᠠᠭᠤᠯᠵᠤ᠂ ᠭᠠᠳᠠᠭ᠍ᠰᠢ ᠭᠠᠷᠬᠤ ᠤᠷᠢᠵᠤ ᠠᠪᠴᠢᠷᠠᠬᠤ ᠪᠣᠯᠪᠠᠰᠤᠷᠠᠯ ᠤᠨ ᠵᠠᠭ᠍ᠪᠤᠷ ᠢᠶᠠᠷ ᠪᠠᠭ᠍ᠰᠢ ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠣᠨᠣᠯᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶ᠋ᠢᠨ ᠦᠶ᠋ᠯᠡᠳᠦᠯᠭᠡ ᠶ᠋ᠢᠨ ᠴᠢᠳᠠᠪᠤᠷᠢ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠣᠢᠯᠠᠭᠠᠭ᠍ᠰᠠᠨᠢᠶᠠᠷ᠂ ᠬᠠᠡ ᠠᠭᠤᠯᠠ ᠪᠠᠭ᠎ᠠ ᠰᠤᠷᠭᠠᠭᠤᠯᠢ ᠶ᠋ᠢᠨ ᠣᠯᠠᠨ ᠪᠠᠭ᠍ᠰᠢ ᠤᠷᠢᠳ ᠬᠣᠵᠢᠳ ᠵᠡᠭᠦᠨ ᠬᠣᠢᠲᠤ ᠶ᠋ᠢᠨ ᠪᠠᠭ᠍ᠰᠢ ᠶ᠋ᠢᠨ ᠶᠡᠬᠡ ᠰᠤᠷᠭᠠᠭᠤᠯᠢ ᠳᠤ ᠬᠦᠷᠴᠦ᠍ 《ᠬᠡᠯᠡ ᠪᠢᠴᠢᠭ ᠦᠨ ᠡᠯᠧᠮᠧᠨ᠋ᠲᠢ ᠬᠢᠴᠢᠶᠡᠯ ᠦᠨ ᠲᠠᠩᠬᠢᠮ ᠤᠨ ᠵᠢᠭᠠᠨ ᠰᠤᠷᠭᠠᠯᠲᠠᠵᠢᠨ ᠦᠶ᠋ᠯᠡᠳᠦᠯᠭᠡ ᠪᠤᠯᠭᠠᠨ ᠬᠤᠪᠢᠷᠠᠭᠤᠯᠬᠤ》 ᠪᠠ 《ᠰᠤᠷᠭᠠᠭᠤᠯᠢ ᠶ᠋ᠢᠨ ᠵᠠᠬᠢᠷᠤᠯ ᠤᠨ ᠤᠳᠤᠷᠢᠳᠭᠤ ᠴᠢᠳᠠᠪᠤᠷᠢ ᠶ᠋ᠢ ᠳᠡᠭᠡᠭ᠌ᠰᠢᠯᠡᠭᠦᠯᠬᠦ᠌》 ᠪᠣᠯᠪᠠᠰᠤᠷᠠᠯ ᠳᠤ ᠣᠷᠣᠯᠴᠠᠵᠤ᠂ ᠪᠡᠭᠡᠵᠢᠩ ᠦᠨ ᠱᠢ ᠰᠠᠨ ᠯᠢᠨᠭ ᠪᠠᠭ᠎ᠠ ᠰᠤᠷᠭᠠᠭᠤᠯᠢ ᠳᠤ ᠬᠦᠷᠴᠦ᠍ ᠠᠵᠢᠯ ᠤᠨ ᠪᠠᠢᠷᠢ ᠳᠠᠭᠠᠨ ᠰᠤᠷᠤᠯᠴᠠᠭᠰᠠᠨ ᠪᠦᠭᠡᠳ ᠤᠯᠠᠭᠠᠨᠬᠠᠳᠠ ᠬᠣᠲᠠ᠎ᠶ᠋ᠢᠨ ᠤᠤᠯᠤᠨ ᠦᠨᠳᠦᠰᠦᠲᠡᠨ ᠦ ᠬᠡᠯᠡ ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠬᠡᠯᠡ ᠪᠢᠴᠢᠭᠦᠨ ᠨᠢᠭᠡᠳᠦᠭᠡᠷ ᠣᠨ ᠤ ᠭᠤᠤᠯᠯᠠᠭ᠍ᠴᠢ ᠪᠠᠭ᠍ᠰᠢ ᠶ᠋ᠢᠨ ᠪᠣᠯᠪᠠᠰᠤᠷᠠᠯ ᠳᠤ ᠣᠷᠣᠯᠴᠠᠵᠤ᠂ ᠲᠡᠷᠢᠭᠦᠨ ᠦ ᠣᠢᠯᠠᠭᠠᠭ᠍ᠳᠠᠬᠤᠨ ᠢ ᠡᠵᠡᠮᠰᠢᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠱᠢᠨ᠎ᠡ ᠬᠦᠴᠦᠨ ᠨᠡᠮᠡᠷᠢᠯᠡᠪᠡ᠃
ᠣᠢᠷᠠᠶ᠋ᠢᠨ ᠵᠢᠯᠡᠴᠡ ᠨᠠᠭᠠᠰᠢ᠂ ᠠᠷᠤ ᠬᠣᠷᠴᠢᠨ ᠬᠣᠱᠢᠭᠤᠨᠤ ᠰᠤᠷᠭᠠᠨ ᠬᠥᠮᠦᠵᠢᠯᠦᠨ ᠱᠢᠰᠲ᠋ᠧᠮᠦᠨ ᠬᠢᠨ ᠪᠠᠭ᠍ᠰᠢᠶ᠋ᠢᠨ ᠡᠬᠢ ᠪᠠᠶᠠᠯᠢᠭᠤᠨ ᠲᠣᠬᠢᠷᠠᠭᠤᠯᠤᠯᠲᠠᠶ᠋ᠢ ᠴᠢᠩᠭᠠᠳᠭᠠᠵᠤ᠂ ᠪᠠᠭ᠍ᠰᠢ ᠨᠠᠷᠤᠨ ᠪᠣᠯᠪᠠᠰᠤᠷᠠᠯᠤᠨ ᠡᠷᠴᠢᠮ ᠢ ᠴᠢᠩᠭᠠᠷᠠᠭᠤᠯᠵᠤ᠂ ᠣᠯᠠᠨ ᠵᠦᠶ᠋ᠯ ᠦᠨ ᠠᠷᠭ᠎ᠠ ᠬᠡᠮᠵᠢᠶᠡᠶ᠋ᠢ ᠵᠡᠷᠭᠡ ᠪᠡᠷ ᠬᠡᠷᠡᠭ᠌ᠯᠡᠵᠦ᠍᠂ ᠤᠯᠤᠰ ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯᠢ ᠪᠥᠬᠥ᠌ ᠬᠦᠴᠦᠨ ᠢᠶᠡᠷᠢᠶᠡᠨ ᠳᠡᠯᠭᠡᠷᠡᠭᠦᠯᠦᠨ ᠬᠡᠷᠡᠭ᠌ᠯᠡᠵᠦ᠍᠂ ᠪᠠᠭ᠍ᠰᠢ ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠᠶ᠋ᠢᠨ ᠲᠦᠪᠱᠢᠨ ᠲᠠᠰᠤᠷᠠᠯᠲᠠ ᠥᠬᠡᠶ ᠳᠡᠭᠡᠭ᠌ᠰᠢᠯᠡᠵᠦ᠍᠂ ᠪᠠᠭ᠍ᠰᠢ ᠶ᠋ᠢᠨ ᠡᠩᠨᠡᠭᠡ ᠶ᠋ᠢᠨ ᠲᠤᠰᠭᠠᠢᠵᠢᠭ᠍ᠰᠠᠨ ᠬᠡᠮᠵᠢᠶ᠎ᠡ ᠡᠳᠦᠷ ᠢᠷᠡᠬᠦᠶ᠎ᠡ ᠴᠢᠩᠭᠠᠷᠠᠪᠠ᠃
ᠵᠢᠯ ᠪᠦᠷᠢᠶ᠋ᠢᠨ 3 ᠰᠠᠷ᠎ᠠ᠂ 9 ᠰᠠᠷᠠᠶ᠋ᠢᠨ ᠬᠠᠪᠤᠷ ᠨᠠᠮᠤᠷᠤᠨ ᠤᠯᠠᠷᠢᠯᠤᠨ ᠰᠤᠷᠭᠠᠭᠤᠯᠢ ᠡᠬᠢᠯᠡᠬᠦ᠌ ᠵᠠᠩᠭᠢᠯᠠᠭᠠᠶ᠋ᠢᠨ ᠴᠠᠭ ᠢ ᠠᠱᠢᠭ᠍ᠯᠠᠨ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠰᠤᠷᠤᠯᠴᠠᠯᠭ᠎ᠠ ᠪᠣᠯᠪᠠᠰᠤᠷᠠᠯ ᠢ ᠲᠥᠪᠯᠡᠷᠡᠭᠦᠯᠦᠨ ᠵᠣᠬᠢᠶᠠᠨ ᠪᠠᠢᠭᠤᠯᠤᠨ ᠥᠷᠨᠢᠭᠦᠯᠵᠦ᠍᠂ ᠺᠠᠳ᠋ᠷ᠂ ᠪᠠᠭ᠍ᠰᠢ ᠨᠠᠷ ᠲᠸ᠋ ᠨᠡᠢᠲᠡ 10056 ᠬᠥᠮᠦᠨ ᠤᠳᠠᠭ᠎ᠠ ᠪᠣᠯᠪᠠᠰᠤᠷᠠᠯ ᠬᠦᠷᠳᠡᠭᠡᠪᠡ; ᠲᠤᠬᠠᠢᠯᠠᠭ᠍ᠰᠠᠨ ᠠᠵᠢᠯ ᠤᠨ ᠪᠣᠯᠪᠠᠰᠤᠷᠠᠯ ᠢ ᠢᠳᠡᠪᠬᠢᠲᠡᠶ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ ᠡᠴᠡ ᠵᠣᠬᠢᠶᠠᠨ ᠪᠠᠢᠭᠤᠯᠤᠨ ᠥᠷᠨᠢᠭᠦᠯᠦᠭ᠌ᠰᠡᠨ 《ᠰᠢᠯᠢᠳᠡᠭ ᠪᠠᠭ᠍ᠰᠢ》 ᠶ᠋ᠢᠨ ᠪᠣᠯᠪᠠᠰᠤᠷᠠᠯ ᠳᠤ 21 ᠬᠥᠮᠦᠨ ᠤᠳᠠᠭ᠎ᠠ᠂ 《ᠭᠠᠷᠮᠠᠭᠠᠶ ᠪᠠᠭ᠍ᠰᠢ》 ᠶ᠋ᠢᠨ ᠪᠣᠯᠪᠠᠰᠤᠷᠠᠯ ᠳᠤ 4 ᠬᠥᠮᠦᠨ ᠤᠳᠠᠭ᠎ᠠ᠂ 《ᠴᠢᠨᠵᠦᠸ᠋ ᠲᠥᠯᠥᠪᠯᠡᠭᠡ》 ᠶ᠋ᠢᠨ ᠪᠣᠯᠪᠠᠰᠤᠷᠠᠯᠳᠤ 4 ᠬᠥᠮᠦᠨ ᠤᠳᠠᠭ᠎ᠠ ᠣᠷᠣᠯᠴᠠᠪᠠ; ᠵᠡᠭᠦᠨ ᠬᠣᠢᠲᠤ ᠶ᠋ᠢᠨ ᠪᠠᠭ᠍ᠰᠢ ᠶ᠋ᠢᠨ ᠶᠡᠬᠡ ᠰᠤᠷᠭᠠᠭᠤᠯᠢ ᠡᠴᠡ ᠡᠷᠭᠢᠯᠡᠭ᠌ᠰᠡᠨ 2022 ᠣᠨᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠳᠥᠷᠪᠡᠨ ᠠᠢᠮᠠᠭ ᠬᠣᠲᠠ ᠶ᠋ᠢᠨ ᠠᠩᠬ᠎ᠠ ᠵᠡᠷᠭᠡ ᠶ᠋ᠢᠨ ᠳᠤᠮᠳᠠᠳᠤ ᠰᠤᠷᠭᠠᠭᠤᠯᠢ ᠶ᠋ᠢᠨ ᠬᠡᠯᠡ ᠪᠢᠴᠢᠭ ᠂ ᠶᠣᠰᠣ ᠰᠤᠷᠲᠠᠬᠤᠨ ᠬᠢᠭᠡᠳ ᠬᠠᠤᠯᠢᠵᠢᠯ᠂ ᠲᠡᠦᠬᠡ ᠶ᠋ᠢᠨ ᠱᠢᠨᠵᠢᠯᠡᠭᠡᠨ ᠦ ᠰᠠᠯᠠᠭ᠎ᠠ ᠶ᠋ᠢᠨ ᠪᠣᠯᠪᠠᠰᠤᠷᠠᠯ ᠤᠨ ᠪᠦᠯᠬᠦᠮ ᠦᠨ ᠵᠢᠯᠣᠭᠣᠳᠭᠤ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠵᠡᠭᠦᠨ ᠬᠣᠢᠲᠤ ᠶ᠋ᠢᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠪᠣᠯᠪᠠᠰᠤᠷᠠᠯᠤᠨ ᠠᠩᠭᠢ ᠶ᠋ᠢ 2 ᠬᠤᠭᠤᠴᠠᠭ᠎ᠠ ᠡᠷᠭᠢᠯᠡᠵᠦ᠍᠂ ᠠᠵᠢᠯ ᠤᠨ ᠪᠠᠢᠷᠢ ᠳᠠᠭᠠᠵᠤ ᠰᠤᠳᠤᠯᠤᠨ ᠰᠤᠷᠤᠯᠴᠠᠬᠤ ᠠᠵᠢᠯᠯᠠᠭᠠᠳᠤ 4 ᠬᠥᠮᠦᠨ ᠤᠳᠠᠭ᠎ᠠ ᠣᠷᠣᠯᠴᠠᠪᠠ; ᠬᠣᠱᠢᠭᠤᠨᠤ ᠳᠣᠲᠣᠷᠠᠬᠢ ᠪᠣᠯᠪᠠᠰᠤᠷᠠᠯᠢ ᠯᠠᠪᠳᠠᠭᠤᠨ ᠪᠠᠲᠤᠲᠠᠶ ᠥᠷᠨᠢᠭᠦᠯᠵᠦ᠍᠂ ᠤᠤᠯ ᠤᠨ ᠦᠨᠳᠦᠰᠦᠲᠡᠨ ᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠶ᠋ᠢᠨ ᠨᠢᠭᠡᠳᠦᠯᠲᠡᠶ ᠨᠠᠢᠷᠠᠭᠤᠯᠤᠭ᠍ᠰᠠᠨ ᠭᠤᠷᠪᠠᠨ ᠬᠢᠴᠢᠶᠡᠯ ᠲᠥᠷᠥᠯ ᠦᠨ ᠪᠣᠯᠪᠠᠰᠤᠷᠠᠯ ᠢ ᠣᠯᠠᠨ ᠤᠳᠠᠭ᠎ᠠ ᠵᠣᠬᠢᠶᠠᠨ ᠪᠠᠢᠭᠤᠯᠵᠤ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠪᠣᠯᠪᠠᠰᠤᠷᠠᠯ ᠢ 40 ᠭᠠᠷᠤᠶ ᠤᠳᠠᠭ᠎ᠠ ᠵᠣᠬᠢᠶᠠᠨ ᠪᠠᠢᠭᠤᠯᠵᠤ᠂ ᠪᠠᠭ᠍ᠰᠢ ᠨᠠᠷᠢ 650 ᠭᠠᠷᠤᠶ ᠬᠥᠮᠦᠨ ᠤᠳᠠᠭ᠎ᠠ ᠤᠷᠤᠯᠴᠠᠭᠤᠯᠵᠤ᠂ ᠪᠠᠭ᠍ᠰᠢ ᠶ᠋ᠢᠨ ᠪᠣᠯᠪᠠᠰᠤᠷᠠᠯ ᠢ ᠪᠦᠬᠦᠨ ᠢ ᠪᠦᠷᠬᠦᠭᠦᠯᠪᠡ᠃
《ᠪᠣᠯᠪᠠᠰᠤᠷᠠᠯ ᠠᠴᠠ ᠭᠠᠳᠠᠨ᠎ᠠ᠂ ᠪᠢᠳᠡ ᠪᠠᠰᠠ ᠢᠯᠡ ᠪᠡᠷ ᠠᠵᠢᠯᠲᠠᠨ ᠡᠯᠰᠡᠬᠦ᠌᠂ ᠬᠣᠱᠢᠭᠤᠨ ᠭᠠᠳᠠᠨ᠎ᠠ ᠡᠴᠡ ᠱᠢᠯᠵᠢᠭᠦᠯᠦᠨ ᠠᠪᠴᠢᠷᠠᠬᠤ᠂ ᠬᠣᠱᠢᠭᠤᠨ ᠳᠣᠲᠣᠷ᠎ᠠ ᠪᠠᠨ ᠲᠣᠬᠢᠷᠠᠭᠤᠯᠬᠤ ᠵᠡᠷᠭᠡ ᠠᠷᠭ᠎ᠠ ᠮᠠᠶᠢᠭ ᠢᠶᠠᠷ ᠳᠠᠮᠵᠢᠭᠤᠯᠤᠨ 266 ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠪᠠᠭ᠍ᠰᠢ ᠶ᠋ᠢ ᠲᠣᠬᠢᠷᠠᠭᠤᠯᠤᠭ᠍ᠰᠠᠨ ᠪᠥᠭᠡᠳ ᠪᠥᠬᠥ᠌ ᠬᠣᠱᠢᠭᠤᠨ ᠤ ᠦᠨᠳᠦᠰᠦᠲᠡᠨ ᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ 21 ᠰᠤᠷᠭᠠᠭᠤᠯᠢ ᠬᠢᠭᠡᠳ ᠡᠩ ᠦᠨ 24 ᠰᠤᠷᠭᠠᠭᠤᠯᠢ ᠳᠠᠢ ᠬᠠᠪᠰᠤᠷᠤᠯᠴᠠᠭ᠎ᠠ ᠪᠠᠢᠭᠤᠯᠵᠤ᠂ ᠪᠥᠬᠥ᠌ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠬᠠᠷᠢᠯᠴᠠᠨ ᠰᠤᠯᠢᠯᠴᠠᠨ ᠬᠠᠷᠢᠯᠴᠠᠨ ᠰᠤᠷᠤᠯᠴᠠᠵᠤ᠂ ᠬᠠᠮᠲᠤ ᠪᠠᠷ ᠳᠠᠪᠱᠢᠬᠤᠶ᠋ᠢ ᠪᠡᠶᠡᠯᠡᠭᠦᠯᠪᠡ》 ᠭᠡᠵᠦ᠍ ᠠᠷᠤ ᠬᠣᠷᠴᠢᠨ ᠬᠣᠱᠢᠭᠤᠨ ᠤ ᠰᠤᠷᠭᠠᠨ ᠬᠥᠮᠦᠵᠢᠯᠦᠨ ᠲᠣᠪᠴᠢᠶᠠᠨᠤ ᠳᠡᠳ᠋ ᠳᠠᠷᠤᠭ᠎ᠠ ᠴᠢᠩ ᠶᠤᠸᠠᠨ ᠬᠡᠯᠡᠪᠡ᠃
ᠣᠳᠣᠬᠠᠨ ᠪᠣᠯᠲᠠᠯ᠎ᠠ᠂ ᠠᠷᠤ ᠬᠣᠷᠴᠢᠨ ᠬᠣᠱᠢᠭᠤᠨᠤ ᠪᠣᠶ ᠪᠥᠬᠥᠶ ᠨᠢᠭᠡᠳᠦᠯᠲᠡᠶ ᠨᠠᠢᠷᠠᠭᠤᠯᠤᠭ᠍ᠰᠠᠨ ᠭᠤᠷᠪᠠᠨ ᠬᠢᠴᠢᠶᠡᠯ ᠲᠥᠷᠥᠯ ᠦᠨ ᠪᠠᠭ᠍ᠰᠢ ᠶ᠋ᠢᠨ ᠨᠡᠢᠲᠡᠯᠢᠭ ᠬᠡᠯᠡᠨ ᠦ ᠬᠢᠷᠢ ᠲᠦᠪᠱᠢᠨ ᠨᠢ ᠳᠤᠮᠳᠠᠴᠢ ᠪᠠᠷ ᠬᠣᠶᠠᠳᠤᠭᠠᠷ ᠳᠡᠰ ᠤᠨ ᠬᠥᠬᠡ ᠲᠠᠰ ᠲᠤ ᠬᠦᠷᠴᠦ᠍᠂ ᠪᠤᠰᠤᠳ ᠬᠢᠴᠢᠶᠡᠯ ᠲᠥᠷᠥᠯ ᠦᠨ ᠪᠠᠭ᠍ᠰᠢ ᠨᠠᠷᠤᠨ ᠨᠡᠢᠲᠡᠯᠢᠭ ᠬᠡᠯᠡᠨ ᠦ ᠬᠢᠷᠢ ᠲᠦᠪᠱᠢᠨᠨᠢ ᠬᠣᠶᠠᠳᠤᠭᠠᠷ ᠳᠡᠰᠤᠨ ᠬᠥᠬᠡᠭ᠌ᠴᠢᠨ ᠲᠠᠰ ᠲᠤ ᠬᠦᠷᠴᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠮᠦᠩᠭᠦᠨᠬᠤᠸᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃