ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-09-13 09:59:09

ᠵᠣᠬᠢᠶᠠᠭ᠍ᠴᠢ᠄ ​ᠯᠢᠦ ᠬᠤᠩ ᠵᠠᠩ ᠣᠩᠱᠢᠭ᠍ᠰᠠᠨ ᠣᠳᠠᠭ᠎ᠠ᠄ 3

ᠠᠯᠠᠱᠠ ᠠᠢᠮᠠᠭ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠳᠦ 《 ᠬᠦᠴᠦᠨ ᠨᠡᠮᠡᠷᠢᠯᠡᠪᠡ 》

ᠤᠢ᠍ᠢᠷ᠎ᠠ᠎ᠶ᠋ᠢᠨ ᠡᠳᠦᠷ᠎ᠦᠳ᠎ᠲᠦ ᠠᠯᠠᠱᠠ ᠠᠢᠮᠠᠭ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠡᠯ᠎ᠡ ᠵᠦᠢᠯ᠎ᠦᠨ ᠠᠵᠢᠯ᠎ᠢ ᠪᠣᠳᠠᠲᠠᠢ ᠨᠠᠷᠢᠯᠢᠭ ᠬᠡᠷᠡᠭ᠌ᠵᠢᠭᠦᠯᠵᠦ᠍᠂ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠬᠦ᠌᠎ᠡᠴᠡ ᠡᠮᠦᠨ᠎ᠡ ᠵᠢᠭᠠᠬᠤ ᠮᠠᠲ᠋ᠧᠷᠢᠶᠠᠯ᠎ᠢ ᠲᠤᠬᠢᠷᠠᠭᠤᠯᠤᠨ ᠬᠦᠷᠭᠡᠬᠦ᠌᠎ᠶ᠋ᠢ ᠪᠦᠬᠦ᠌ ᠬᠦᠴᠦᠨ ᠵᠢᠠᠷ᠎ᠢᠶᠡᠨ ᠪᠠᠲᠤᠯᠠᠵᠤ᠂ ᠬᠢᠴᠢᠶᠡᠯᠯᠡᠬᠦ ᠡᠴᠡ ᠡᠮᠦᠨ᠎ᠡ ᠨᠣᠮ ᠪᠢᠴᠢᠭ ᠬᠦᠷᠭᠡᠬᠦ᠌᠎ᠶ᠋ᠢ ᠦᠨᠡᠨ ᠬᠦ᠌ ᠪᠠᠲᠤᠯᠠᠪᠠ᠃

8 ᠰᠠᠷ᠎ᠠ᠎ᠶ᠋ᠢᠨ 24 ᠤ᠋ ᠦᠳᠡ᠎ᠶ᠋ᠢᠨ ᠡᠮᠦᠨ᠎ᠡ᠂ ᠠᠯᠠᠱᠠ ᠠᠢᠮᠠᠭ᠎ᠤᠨ ᠱᠢᠨᠬᠤᠸᠠ ᠨᠣᠮ᠎ᠤᠨ ᠳᠡᠯᠭᠡᠭᠦᠷ᠎ᠦᠨ ᠰᠤᠷᠭᠠᠨ ᠬᠥᠮᠦᠵᠢᠯ᠎ᠦᠨ ᠦᠶ᠋ᠯᠡᠴᠢᠯᠡᠭᠡᠨ᠎ᠦ ᠬᠡᠯᠲᠡᠰ᠎ᠦᠨ ᠬᠥᠮᠥᠷᠭᠡ᠎ᠳᠦ ᠡᠯ᠎ᠡ ᠲᠥᠷᠥᠯ᠎ᠦᠨ ᠵᠢᠭᠠᠬᠤ ᠮᠠᠲ᠋ᠧᠷᠢᠶᠠᠯ᠎ᠢ ᠲᠡᠷᠢ ᠲᠡᠭ᠌ᠰᠢ ᠲᠠᠯᠪᠢᠭᠠᠰᠤᠳᠠᠢ ᠪᠠᠢᠯ᠎ᠠ᠃ ᠠᠵᠢᠯᠲᠠᠳ ᠠᠯᠢ ᠡᠷᠲᠡ᠎ᠡᠴᠡ ᠶᠠᠭᠠᠷᠠᠯᠲᠠᠶ ᠠᠵᠢᠯᠯᠠᠵᠤ᠂ ᠬᠤᠪᠢᠶᠠᠨ ᠲᠠᠷᠬᠠᠭᠠᠵᠤ᠂ ᠪᠣᠭᠣᠳᠠᠯᠯᠠᠵᠤ᠂ ᠲᠣᠭᠠᠯᠠᠨ ᠪᠦᠷᠢᠳᠭᠡᠵᠦ᠂ ᠪᠠᠭᠯᠠᠵᠤ᠂ ᠪᠥᠬᠥ᠌ ᠠᠢᠮᠠᠭ᠎ᠤᠨ ᠡᠯ᠎ᠡ ᠭᠠᠵᠠᠷ᠎ᠲᠤ ᠵᠥᠭᠡᠭᠡᠪᠦᠷᠢᠯᠡᠨ ᠬᠦᠷᠭᠡᠵᠦ ᠪᠠᠢᠪᠠ᠃ ᠨᠠᠮᠤᠷ᠎ᠤᠨ ᠤᠯᠠᠷᠢᠯ᠎ᠤᠨ ᠰᠤᠷᠤᠯᠭ᠎ᠠ᠎ᠶ᠋ᠢᠨ ᠬᠤᠭᠤᠴᠠᠭ᠎ᠠ ᠤᠳᠠᠯ ᠥᠬᠡᠶ ᠡᠬᠢᠯᠡᠬᠦ᠌ ᠪᠤᠯᠤᠭᠰᠠᠨ ᠳᠠᠰᠢᠷᠠᠮ ᠵᠢᠠᠷ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠵᠢᠭᠠᠨ ᠰᠤᠷᠭᠠᠬᠤ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ ᠠᠵᠢᠯᠲᠠᠳ ᠲᠣᠬᠢᠷᠠᠭᠤᠯᠤᠨ ᠬᠦᠷᠭᠡᠬᠦ᠌ ᠪᠠᠷ ᠴᠠᠭ ᠨᠡᠮᠡᠵᠦ᠍ ᠠᠵᠢᠯᠯᠠᠨ᠂ 24 ᠴᠠᠭ᠎ᠢᠶᠠᠷ ᠪᠠᠷᠠᠭ᠎ᠠ ᠲᠣᠰᠭᠣ ᠲᠦᠷᠢᠮ᠎ᠢ ᠪᠠᠷᠢᠮᠲᠠᠯᠠᠵᠤ᠂ ᠭᠦᠷᠭᠡᠨ ᠢᠷᠡᠭᠰᠡᠨ ᠬᠢᠴᠢᠶᠡᠯ᠎ᠦᠨ ᠳᠡᠪᠲᠡᠷ᠎ᠢᠶᠡᠨ ᠳᠤᠬᠠᠢ ᠵᠢᠨ ᠡᠳᠦᠷ᠎ᠲᠦᠨᠢ ᠬᠥᠮᠥᠷᠭᠡ᠎ᠳᠦ ᠣᠷᠣᠭᠤᠯᠵᠤ ᠳᠤᠬᠠᠢ ᠵᠢᠨ ᠡᠳᠦᠷ᠎ᠲᠦᠨᠢ ᠲᠠᠷᠬᠠᠭᠠᠨ ᠥᠭ᠌ᠴᠦ᠂ ᠬᠡᠵᠢᠶ᠎ᠡ ᠢᠷᠡᠭᠰᠡᠨ ᠪᠣᠯ ᠳᠠᠷᠡ ᠳᠠᠷᠤᠢ ᠳ᠋ᠤᠨᠢ ᠬᠣᠷᠢᠶᠠᠨ ᠠᠪᠴᠤ᠌ ᠬᠦᠷᠭᠡᠬᠦ᠌᠎ᠶ᠋ᠢ ᠪᠡᠶᠡᠯᠡᠭᠦᠯᠪᠡ᠃ ᠪᠣᠷᠣᠭᠠᠨ ᠲᠠᠢ ᠴᠠᠭ ᠠᠭᠤᠷ᠎ᠢ ᠪᠣᠳᠣᠯᠬᠢᠯᠠᠨ᠂ ᠪᠠᠰᠠ ᠵᠢᠭᠠᠬᠤ ᠮᠠᠲ᠋ᠧᠷᠢᠶᠠᠯ ᠲᠠᠷᠬᠠᠭᠠᠬᠤ ᠬᠥᠮᠥᠷᠭᠡ᠎ᠶ᠋ᠢᠨ ᠭᠠᠯ ᠤᠨᠲᠠᠷᠠᠭᠠᠬᠤ ᠳᠦᠬᠦᠭᠡᠷᠤᠮᠵᠢ᠎ᠳᠦ ᠬᠠᠮᠠᠭᠠᠯᠠᠯᠲᠠ ᠬᠢᠵᠦ᠍᠂ ᠵᠢᠭᠠᠬᠤ ᠮᠠᠲ᠋ᠧᠷᠢᠶᠠᠯ᠎ᠢ᠎ᠪᠦᠷᠢᠨ ᠪᠦᠲᠦᠨ ᠵᠢᠡᠷ ᠰᠤᠷᠭᠠᠭᠤᠯᠢ᠎ᠳᠤ ᠬᠦᠷᠭᠡᠬᠦ᠎ᠵᠢ ᠦᠨᠡᠨ ᠬᠦ᠌ ᠪᠠᠲᠤᠯᠠᠪᠠ᠃

《ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠬᠢᠴᠢᠶᠡᠯᠯᠡᠬᠦ᠎ᠡᠴᠡ ᠡᠮᠦᠨ᠎ᠡ ᠨᠤᠮ ᠬᠦᠷᠭᠡᠬᠦ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ᠎ᠶ᠋ᠢᠨ ᠬᠠᠮᠲᠤ ᠡᠮᠦᠨᠡᠬᠢ ᠬᠤᠭᠤᠴᠠᠭᠠᠨ᠎ᠳᠤ ᠪᠠᠰᠠ ᠬᠠᠮᠢᠶ᠎ᠠ ᠪᠥᠬᠥᠶ ᠢᠵᠢ ᠪᠥᠷᠢᠳᠦᠭᠦᠯᠬᠦ᠌ ᠠᠵᠢᠯ᠎ᠢ ᠬᠢᠵᠡᠶ᠃ ᠵᠢᠱ᠌ᠢᠶᠡᠯᠡᠪᠡᠯ ᠪᠠᠭ᠍ᠰᠢ᠎ᠨᠠᠷ᠎ᠢ ᠲᠥᠪᠯᠡᠷᠡᠭᠦᠯᠦᠨ ᠪᠣᠯᠪᠠᠰᠤᠷᠠᠭᠤᠯᠬᠤ᠎ᠶ᠋ᠢ ᠴᠢᠩᠭᠠᠳᠭᠠᠵᠤ᠂ ᠬᠢᠴᠢᠶᠡᠯᠯᠡᠬᠦ ᠪᠡᠷ ᠶᠠᠪᠤᠬᠤ᠂ ᠰᠤᠷᠭᠠᠨ ᠬᠥᠮᠦᠵᠢᠯ᠎ᠢ ᠳᠡᠮᠵᠢᠬᠦ᠌ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ᠎ᠢ ᠰᠠᠢᠲᠤᠷ ᠬᠢᠵᠦ᠍᠂ ᠪᠠᠭ᠍ᠰᠢ᠎ᠶ᠋ᠢᠨ ᠲᠣᠬᠢᠷᠠᠭᠤᠯᠤᠯᠲᠠ᠂ ᠵᠢᠭᠠᠨ ᠰᠤᠷᠭᠠᠯᠲᠠ᠎ᠶ᠋ᠢ ᠵᠣᠯᠭᠠᠭᠤᠯᠬᠤ ᠠᠵᠢᠯ᠎ᠢ ᠰᠠᠢᠲᠤᠷ ᠬᠢᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠠᠢ》 ᠭᠡᠵᠦ ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠶᠤᠸᠠᠢ ᠷᠦᠩ ᠰᠤᠷᠪᠤᠯᠵᠢᠯᠠᠭ᠍ᠴᠢ᠎ᠳᠤ ᠬᠡᠯᠡᠪᠡ᠃

ᠲᠠᠨᠢᠯᠴᠠᠭᠤᠯᠤᠭ᠍ᠰᠠᠨ᠎ᠢᠶᠠᠷ᠂ ᠵᠢᠯ᠎ᠤᠨ ᠡᠬᠢᠨ᠎ᠡᠴᠡ ᠨᠠᠭᠠᠰᠢ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠰᠠᠢᠲᠤᠷ ᠬᠢᠬᠦ᠌᠎ᠶ᠋ᠢᠨ ᠲᠥᠯᠥᠭᠡ ᠠᠯᠠᠱᠠ ᠠᠢᠮᠠᠭ᠎ᠤᠨ ᠣᠯᠠᠨ ᠰᠤᠷᠭᠠᠭᠤᠯᠢ ᠬᠤᠤᠰ ᠴᠢᠭ᠌ᠯᠡᠯ᠎ᠢᠶᠡᠷ ᠬᠣᠯᠪᠣᠭᠠᠯᠠᠨ ᠬᠥᠳᠡᠯᠦᠯᠴᠡᠵᠦ᠍᠂ ᠲᠣᠭ᠍ᠲᠠᠭᠤᠨ ᠬᠠᠪᠰᠤᠷᠤᠯᠴᠠᠭ᠎ᠠ ᠪᠠᠢᠭᠤᠯᠬᠤ ᠬᠠᠮᠲᠤ᠎ᠪᠠᠷ ᠪᠠᠢᠭᠤᠯᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠨᠥᠯᠥᠭᠡᠯᠡᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠰᠤᠷᠭᠠᠭᠤᠯᠢ ᠡᠷᠭᠢᠯᠡᠬᠦ᠌ ᠶᠠᠰᠤ ᠴᠢᠨᠠᠷ᠎ᠤᠨ ᠲᠣᠭ᠍ᠲᠠᠭᠤᠨ᠎ᠢᠶᠠᠷ ᠳᠡᠭᠡᠭ᠌ᠰᠢᠯᠡᠬᠦ᠌᠎ᠶ᠋ᠢ ᠠᠬᠢᠭᠤᠯᠪᠠ᠃ ᠡᠭᠦᠨ᠎ᠦ ᠬᠠᠮᠲᠤ ᠠᠯᠠᠱᠠ ᠠᠢᠮᠠᠭ᠎ᠤᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠪᠯᠡᠯ᠎ᠦᠨ ᠵᠢᠭᠠᠬᠤ ᠮᠠᠲ᠋ᠧᠷᠢᠶᠠᠯ᠎ᠢ ᠣᠢᠯᠠᠭᠠᠬᠤ᠂ ᠵᠢᠭᠠᠨ ᠰᠤᠷᠭᠠᠯᠲᠠ᠎ᠶ᠋ᠢ ᠬᠡᠷᠡᠭ᠌ᠵᠢᠭᠦᠯᠬᠦ᠌᠂ ᠬᠠᠮᠢᠶᠠᠷᠬᠤ ᠪᠠ ᠦᠨᠡᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ 《ᠬᠦᠷᠭᠡᠵᠦ᠍ ᠭᠠᠷᠭᠠᠬᠤ》᠂ 《ᠤᠷᠢᠵᠤ ᠠᠪᠴᠢᠷᠠᠬᠤ》 ᠠᠷᠭ᠎ᠠ ᠮᠠᠶᠢᠭ᠎ᠢᠶᠠᠷ ᠳᠠᠮᠵᠢᠭᠤᠯᠤᠨ ᠪᠠᠭ᠍ᠰᠢ᠎ᠨᠠᠷ᠎ᠢ ᠵᠣᠬᠢᠶᠠᠨ ᠪᠠᠢᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠶᠡᠷᠦᠩᠬᠡᠢᠯᠡᠭ᠌ᠰᠡᠨ ᠮᠡᠳᠡᠯᠭᠡ᠎ᠶ᠋ᠢᠨ ᠪᠣᠯᠪᠠᠰᠤᠷᠠᠯ ᠪᠠ ᠬᠢᠴᠢᠶᠡᠯ᠎ᠦᠨ ᠪᠠᠷᠢᠮᠵᠢᠶ᠎ᠠ᠎ᠵᠢᠨ ᠲᠠᠢᠯᠤᠮᠵᠢ᠂ ᠵᠢᠭᠠᠬᠤ ᠮᠠᠲ᠋ᠧᠷᠢᠶᠠᠯ᠎ᠤᠨ ᠵᠠᠳᠠᠯᠤᠯᠲᠠ᠂ ᠳᠠᠰᠭᠠᠯ᠎ᠤᠨ ᠵᠢᠷᠤᠭ ᠲᠥᠯᠥᠪᠯᠡᠭᠡ ᠵᠡᠷᠭᠡ ᠲᠤᠰᠭᠠᠶ ᠰᠡᠳᠦᠪᠲᠦ ᠪᠣᠯᠪᠠᠰᠤᠷᠠᠯ᠎ᠢ ᠥᠷᠨᠢᠭᠦᠯᠵᠦ᠍ ᠂ ᠪᠠᠭ᠍ᠰᠢ᠎ᠨᠠᠷ᠎ᠲᠤ 《 ᠴᠠᠬᠢᠯᠭᠠᠨ ᠴᠡᠨᠡᠭ᠌ᠯᠡᠵᠦ᠍ ᠡᠨᠧᠷᠭᠢ ᠬᠤᠷᠠᠮᠳᠤᠭᠤᠯᠵᠤ》 ᠦᠭᠪᠡ᠃

8 ᠰᠠᠷ᠎ᠠ᠎ᠶ᠋ᠢᠨ 15 ᠡᠴᠡ 18 ᠎ᠤ᠋ ᠡᠳᠦᠷ ᠪᠣᠯᠲᠠᠯ᠎ᠠ ᠲᠣᠰ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠨᠢ ᠪᠥᠬᠥ᠌ ᠠᠢᠮᠠᠭ᠎ᠤᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ 158 ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢ ᠵᠣᠬᠢᠶᠠᠨ ᠪᠠᠢᠭᠤᠯᠵᠤ᠂ ᠪᠤᠭᠤᠲᠤ ᠬᠣᠲᠠ᠎ᠶ᠋ᠢᠨ ᠯᠦ᠍ ᠬᠠᠩ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠲᠥᠪ᠎ᠲᠦ ᠬᠦᠷᠴᠦ᠍ 4 ᠡᠳᠦᠷ᠎ᠦᠨ ᠬᠤᠭᠤᠴᠠᠭ᠎ᠠ᠎ᠲᠠᠶ ᠪᠣᠯᠪᠠᠰᠤᠷᠠᠯ ᠬᠢᠯᠭᠡᠪᠡ᠃ ᠪᠣᠯᠪᠠᠰᠤᠷᠠᠯ ᠳᠡᠭᠡᠷ᠎ᠡ ᠪᠤᠭᠤᠲᠤ᠎ᠶ᠋ᠢᠨ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ《ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ ᠬᠢᠷᠢ ᠲᠡᠩᠴᠡᠭ᠌ᠰᠡᠨ ᠪᠠᠭ᠍ᠰᠢ ᠪᠣᠯᠬᠤ》 ᠪᠠ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ》 ᠭᠡᠬᠦ᠌ ᠰᠡᠳᠦᠪ᠎ᠢᠶᠡᠷ ᠲᠤᠰᠭᠠᠢ ᠰᠡᠳᠦᠪᠲᠦ ᠲᠠᠢᠯᠤᠮᠵᠢ ᠬᠢᠬᠦ᠌᠎ᠶ᠋ᠢᠨ ᠬᠠᠮᠲᠤ ᠪᠠᠭ᠍ᠰᠢ᠎ᠨᠠᠷ᠎ᠲᠤ ᠠᠪᠢᠶ᠎ᠠ᠎ᠶ᠋ᠢᠨ ᠪᠣᠯᠪᠠᠰᠤᠷᠠᠯ᠂ ᠤᠷᠠᠨ ᠤᠩᠱᠢᠯᠭ᠎ᠠ᠎ᠶ᠋ᠢᠨ ᠤᠷ᠎ᠠ ᠮᠡᠷᠭᠡᠵᠢᠯ᠎ᠦᠨ ᠪᠣᠯᠪᠠᠰᠤᠷᠠᠯ᠂ ᠶᠠᠷᠢᠶᠠᠨ᠎ᠤ ᠬᠡᠯᠡᠨ᠎ᠤ ᠢᠯᠡᠳᠭᠡᠬᠦ᠌ ᠪᠣᠯᠪᠠᠰᠤᠷᠠᠯ ᠵᠡᠷᠭᠡ ᠤᠨᠤᠯ ᠪᠣᠯᠤᠨ ᠪᠣᠳᠠᠲᠤ ᠠᠵᠢᠯᠯᠠᠭ᠎ᠠ᠎ᠶ᠋ᠢ ᠤᠶᠠᠯᠳᠤᠭᠤᠯᠤᠭ᠍ᠰᠠᠨ ᠦᠢᠯᠡᠳᠦᠯᠭᠡ᠎ᠶ᠋ᠢᠨ ᠪᠣᠯᠪᠠᠰᠤᠷᠠᠯ ᠬᠢᠵᠦ᠍᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠪ ᠪᠣᠯᠪᠠᠰᠤᠷᠠᠯ ᠪᠠ ᠬᠡᠷᠡᠭ᠌ᠯᠡᠭᠡᠨ᠎ᠦ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠪᠡ᠃

《ᠪᠣᠯᠪᠠᠰᠤᠷᠠᠯ᠎ᠳᠤ ᠣᠷᠣᠯᠴᠠᠬᠤ᠎ᠪᠠᠷ ᠳᠠᠮᠵᠢᠨ ᠪᠢ ᠨᠡᠢᠲᠡᠯᠢᠭ ᠬᠡᠯᠡᠨ᠎ᠦ ᠲᠤᠰᠭᠠᠢ ᠮᠡᠷᠭᠡᠵᠢᠯ᠎ᠦᠨ ᠮᠡᠳᠡᠯᠭᠡ᠎ᠶ᠋ᠢ ᠮᠠᠰᠢ ᠤᠯᠠᠨ ᠣᠯᠵᠤ ᠰᠤᠷᠴᠠᠢ᠃ ᠡᠨᠡ ᠨᠢ ᠮᠢᠨᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠨ ᠵᠢᠭᠠᠨ ᠰᠤᠷᠭᠠᠬᠤ ᠴᠢᠳᠠᠪᠤᠷᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠬᠦ᠌᠎ᠳᠦ ᠠᠱᠢᠭ᠍ᠲᠠᠢ ᠶᠤᠮ》 ᠭᠡᠵᠦ᠍ ᠠᠯᠠᠱᠠ ᠵᠡᠭᠦᠨ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠪᠠᠭ᠍ᠰᠢ ᠵᠤᠯᠠ ᠬᠡᠯᠡᠪᠡ᠃

ᠠᠯᠠᠱᠠ ᠠᠢᠮᠠᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠵᠠᠩ ᠱᠠᠩ ᠼᠠᠢ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠵᠢᠯ᠎ᠤᠨ ᠡᠬᠢᠨ᠎ᠡᠴᠡ ᠨᠠᠭᠠᠰᠢ ᠲᠣᠰ ᠠᠢᠮᠠᠭ ᠱᠠᠨᠰᠢ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠂ ᠱᠠᠨ ᠰᠢ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠂ ᠪᠤᠭᠤᠲᠤ᠎ᠶ᠋ᠢᠨ ᠪᠠᠭ᠍ᠰᠢ᠎ᠶ᠋ᠢᠨ ᠳᠡᠭᠡᠳᠦ ᠰᠤᠷᠭᠠᠭᠤᠯᠢ ᠵᠡᠷᠭᠡ ᠣᠷᠣᠨ᠎ᠤ ᠳᠣᠲᠣᠨ᠎ᠠ ᠭᠠᠳᠠᠨᠠᠬᠢ ᠴᠢᠨᠠᠷ ᠰᠠᠢᠲᠠᠶ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠎ᠦ ᠡᠬᠢ ᠪᠠᠶᠠᠯᠢᠭ᠎ᠢ ᠭᠦᠶ᠋ᠴᠡᠳ ᠠᠱᠢᠭ᠍ᠯᠠᠨ᠂ ᠳᠡᠰ ᠬᠤᠪᠢᠶᠠᠨ ᠰᠤᠷᠤᠯᠭ᠎ᠠ᠎ᠶ᠋ᠢᠨ ᠱᠠᠲᠤ ᠬᠤᠪᠢᠶᠠᠨ ᠬᠢᠴᠢᠶᠡᠯ ᠲᠥᠷᠥᠯ ᠬᠤᠪᠢᠶᠠᠵᠤ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠪᠠᠭ᠍ᠰᠢ᠎ᠨᠠᠷ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠤᠰᠭᠠᠶ ᠪᠣᠯᠪᠠᠰᠤᠷᠠᠯ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠪᠯᠡᠯ᠎ᠦᠨ ᠵᠢᠭᠠᠬᠤ ᠮᠠᠲ᠋ᠧᠷᠢᠶᠠᠯ᠂ ᠬᠢᠴᠢᠶᠡᠯ᠎ᠦᠨ ᠪᠠᠷᠢᠮᠵᠢᠶ᠎ᠠ᠂ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢᠨ ᠪᠣᠯᠪᠠᠰᠤᠷᠠᠯ ᠥᠷᠨᠢᠭᠦᠯᠪᠡ᠃《ᠣᠲᠣ ᠪᠣᠯᠲᠠᠯ᠎ᠠ ᠠᠢᠮᠠᠭ᠎ᠤᠨ ᠲᠠᠰ᠎ᠡᠴᠡ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠨᠤᠭᠤᠳ᠎ᠤᠨ ᠨᠢᠭᠡ᠎ᠡᠴᠡ ᠳᠣᠯᠣᠳᠤᠭᠠᠷ ᠣᠨ᠎ᠤ ᠡᠯ᠎ᠡ ᠬᠢᠴᠢᠶᠡᠯ ᠲᠥᠷᠥᠯ᠎ᠦᠨ ᠪᠠᠭ᠍ᠰᠢ᠎ᠶ᠋ᠢ 28 ᠪᠦᠯᠦᠭ ᠤᠳᠠᠭ᠎ᠠ 1100 ᠭᠠᠷᠤᠶ ᠬᠥᠮᠦᠨ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠤᠭᠰᠠᠨ ᠵᠢᠡᠷ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠵᠢᠭᠠᠨ ᠰᠤᠷᠭᠠᠬᠤ ᠴᠢᠳᠠᠪᠤᠷᠢ ᠠᠯᠬᠤᠮ ᠠᠯᠬᠤᠮ᠎ᠢᠶᠠᠷ ᠳᠡᠭᠡᠭ᠌ᠰᠢᠯᠡᠵᠠᠢ》 ᠭᠡᠵᠦ᠍ ᠵᠠᠩ ᠱᠠᠩ ᠼᠠᠢ ᠬᠡᠯᠡᠪᠡ᠃

ᠣᠢᠯᠠᠭᠠᠭ᠍ᠰᠠᠨ᠎ᠢᠶᠠᠷ᠂ ᠲᠠᠷᠠᠭᠠᠴᠢ᠎ᠶ᠋ᠢᠨ ᠠᠯᠬᠤᠮ᠎ᠳᠤ ᠠᠯᠠᠱᠠ ᠠᠢᠮᠠᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠌ ᠵᠢᠭᠠᠨ ᠰᠤᠷᠭᠠᠯᠲᠠ᠎ᠵᠢ ᠬᠠᠪᠰᠤᠷᠤᠨ ᠲᠡᠳᠬᠦᠬᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 2 ᠡᠩ᠎ᠦᠨ ᠰᠤᠷᠭᠠᠭᠤᠯᠢ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠎ᠠ 1 ᠰᠤᠷᠭᠠᠭᠤᠯᠢ᠎ᠶ᠋ᠢ ᠬᠠᠪᠰᠤᠷᠤᠨ ᠲᠡᠳᠬᠦᠬᠦ᠌ 《ᠬᠣᠶᠠᠷ᠎ᠢ ᠨᠢᠭᠡ᠎ᠲᠡᠶ ᠬᠣᠯᠪᠣᠭ᠍ᠳᠠᠭᠤᠯᠬᠤ》 ᠬᠠᠪᠰᠤᠷᠤᠯᠴᠠᠭ᠎ᠠ ᠪᠠᠢᠭᠤᠯᠵᠤ ᠬᠠᠮᠲᠤ᠎ᠪᠠᠷ ᠪᠠᠢᠭᠤᠯᠬᠤ ᠵᠠᠭ᠍ᠪᠤᠷ ᠪᠠ 《1 + 1 + 1 + 2》 ᠤ᠋ᠨ ᠠᠷᠭ᠎ᠠ ᠮᠠᠶᠢᠭ᠎ᠢ ᠬᠡᠷᠡᠭ᠌ᠯᠡᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠨᠠᠷ᠎ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠍᠂ ᠪᠥᠬᠥ᠌ ᠠᠢᠮᠠᠭ᠎ᠤᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠶ᠋ᠢᠨ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠤᠯᠠᠮ ᠴᠢᠨᠠᠭᠰᠢᠲᠠ ᠳᠡᠭᠡᠭ᠌ᠰᠢᠯᠡᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ᠌᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠪᠠᠭ᠍ᠰᠢ᠎ᠶ᠋ᠢᠨ ᠪᠠᠲᠤᠯᠠᠭ᠎ᠠ ᠬᠠᠩᠭᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面