2023-09-15 09:42:34
48 ᠨᠠᠰᠤᠲᠠᠢ ᠫᠠᠨ ᠸᠧᠢ ᠪᠣᠯ ᠪᠠᠶᠠᠨᠨᠠᠭᠤᠷ ᠬᠤᠳᠠ ᠶ᠋ᠢᠨ ᠤᠷᠠᠳ ᠤᠨ ᠬᠣᠢᠲᠤ ᠬᠣᠱᠢᠭᠤᠨ ᠤ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶ᠋ᠢᠨ ᠳᠡᠭᠡᠳᠦ ᠵᠡᠷᠭᠡ ᠶ᠋ᠢᠨ ᠪᠠᠭ᠍ᠰᠢ ᠪᠤᠯᠤᠨ᠎ᠠ᠂ ᠨᠢᠭᠡᠨᠲᠡ 31 ᠵᠢᠯ ᠦᠨ ᠵᠢᠭᠠᠨ ᠰᠤᠷᠭᠠᠯᠲᠠ ᠶ᠋ᠢᠨ ᠠᠵᠢᠯ ᠢ ᠬᠢᠵᠦ᠍᠂ ᠵᠢᠭᠠᠨ ᠰᠤᠷᠭᠠᠯᠲᠠ ᠶ᠋ᠢᠨ ᠲᠤᠷᠱᠢᠯᠭ᠎ᠠ ᠪᠠᠶᠠᠯᠢᠭ᠂ ᠬᠢᠴᠢᠶᠡᠯᠯᠡᠬᠦ᠌ ᠠᠷᠭ᠎ᠠ ᠨᠢ ᠥᠪᠡᠷᠮᠢᠴᠡ ᠣᠨᠴᠠᠯᠢᠭᠲᠠᠶ᠃ ᠡᠨᠡ ᠵᠢᠯ ᠦᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ᠌ ᠦᠶ᠎ᠡ ᠳᠦ ᠫᠠᠨ ᠸᠧᠶ ᠪᠠᠭ᠍ᠰᠢ ᠨᠠᠷᠤᠨ ᠰᠣᠯᠢᠯᠴᠠᠭ᠎ᠠ ᠬᠢᠬᠦᠪᠠᠷ ᠳᠡᠮᠵᠢᠨ ᠤᠷᠠᠳ ᠤᠨ ᠬᠣᠢᠲᠤ ᠬᠣᠱᠢᠭᠤᠨ ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ (ᠤᠤᠯ ᠤᠨ ᠦᠨᠳᠦᠰᠦᠲᠡᠨ ᠦ ᠦᠭᠡ ᠬᠡᠯᠡ ᠪᠡᠷ ᠬᠢᠴᠢᠶᠡᠯᠯᠡᠵᠦ ᠪᠠᠢᠭᠰᠠᠨ ᠪᠠᠭ᠎ᠠ ᠰᠤᠷᠭᠠᠭᠤᠯᠢ) ᠳ᠋ᠤ ᠢᠷᠡᠵᠦ᠍᠂ ᠲᠠᠪᠤᠳᠤᠭᠠᠷ ᠣᠨ ᠤ ᠬᠣᠶᠠᠷ ᠠᠩᠭᠢ ᠶ᠋ᠢᠨ ᠲᠣᠭᠠᠨ ᠤ ᠤᠬᠠᠭᠠᠨ ᠤ ᠵᠢᠭᠠᠨ ᠰᠤᠷᠭᠠᠯᠲᠠ ᠶ᠋ᠢᠨ ᠡᠭᠦᠷᠭᠡ ᠶ᠋ᠢ ᠡᠭᠦᠷᠭᠡᠯᠡᠪᠡ᠃
《ᠠᠩᠬ᠎ᠠ ᠢᠷᠡᠬᠦ ᠳ᠋ᠡᠭᠡᠨ ᠬᠡᠦᠬᠡᠳ ᠦᠳ ᠵᠢᠭᠠᠨ ᠰᠤᠷᠭᠠᠯᠲᠠ ᠶ᠋ᠢᠨ ᠠᠬᠢᠴᠠ ᠵᠢ ᠳᠠᠭᠠᠵᠤ ᠠᠮᠵᠢᠬᠤ ᠦᠭᠡᠢᠪᠤᠯᠪᠠᠤ ᠬᠡᠵᠦ ᠰᠠᠨᠠᠭᠠᠰᠢᠷᠠᠵᠤ ᠪᠠᠢᠯ᠎ᠠ᠃ ᠬᠡᠪᠡᠴᠦ ᠨᠢᠭᠡ ᠭᠠᠷᠠᠭ ᠢᠯᠡᠬᠦᠦ ᠪᠤᠯᠬᠤᠳᠦ ᠬᠡᠦᠬᠡᠳ ᠦᠳ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠦ ᠵᠢᠭᠠᠨ ᠰᠤᠷᠭᠠᠯᠲᠠ ᠳᠤ ᠵᠣᠬᠢᠴᠠᠵᠤ᠂ ᠬᠢᠴᠢᠶᠡᠯ ᠳᠡᠭᠡᠷ᠎ᠡ ᠴᠦ᠍ ᠮᠠᠰᠢ ᠢᠳᠡᠪᠬᠢᠲᠡᠢ ᠠᠰᠠᠭᠤᠯᠳᠠ ᠬᠠᠷᠢᠭᠤᠯᠵᠦ ᠪᠠᠢᠯ᠎ᠠ᠃ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ ᠰᠠᠢᠲᠤᠷ ᠰᠤᠷᠬᠤ ᠨᠢ ᠬᠡᠦᠬᠡᠳ ᠲᠦ ᠪᠠᠰᠠ ᠨᠢᠭᠡ ᠴᠣᠩᠬᠣ ᠨᠡᠭᠡᠭᠡᠵᠦ᠍ ᠥᠭ᠌ᠭᠦᠭ᠌ᠰᠡᠨ ᠲᠡᠶ ᠠᠳᠠᠯᠢ ᠶᠤᠮ᠂ ᠲᠠᠳᠠ ᠨᠠᠩ ᠰᠠᠢᠨ ᠰᠠᠢᠬᠠᠨ ᠢᠷᠡᠭᠡᠳᠦᠶ ᠲᠡᠶ ᠪᠣᠯᠬᠤ ᠨᠢ ᠯᠠᠪᠳᠠᠢ !》 ᠭᠡᠵᠦ ᠫᠠᠨ ᠸᠧᠶ ᠰᠤᠷᠪᠤᠯᠵᠢᠯᠠᠭ᠍ᠴᠢ ᠳᠤ ᠶᠠᠷᠢᠨ᠎ᠠ᠃
ᠣᠢᠷ᠎ᠠ ᠶ᠋ᠢᠨ ᠵᠢᠯᠳᠤ ᠤᠷᠠᠳ ᠤᠨ ᠬᠣᠢᠲᠤ ᠬᠣᠱᠢᠭᠤ ᠪᠠᠭ᠍ᠰᠢ ᠶ᠋ᠢᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ ᠢ ᠲᠡᠭᠡᠭᠰᠢᠯᠡᠬᠦᠯᠬᠦ ᠡᠷᠴᠢᠮ ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠡᠩ ᠦᠨ ᠰᠤᠷᠭᠠᠭᠤᠯᠢ ᠬᠢᠭᠡᠳ ᠤᠤᠯ ᠤᠨ ᠦᠨᠳᠦᠰᠦᠲᠡᠨ ᠦ ᠦᠭᠡ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠵᠢᠨ ᠬᠠᠪᠰᠤᠷᠤᠯᠴᠠᠭ᠎ᠠ ᠪᠠᠢᠭᠤᠯᠵᠤ ᠬᠠᠮᠲᠤᠪᠠᠷ ᠪᠠᠢᠭᠤᠯᠬᠤ ᠶ᠋ᠢ ᠭᠦᠨᠵᠡᠭᠡᠢᠷᠡᠭᠦᠯᠵᠦ᠍᠂ ᠪᠠᠭ᠍ᠰᠢ ᠶ᠋ᠢᠨ ᠡᠬᠢ ᠪᠠᠶᠠᠯᠢᠭ ᠤᠨ ᠲᠣᠬᠢᠷᠠᠭᠤᠯᠤᠯᠲᠠ ᠶ᠋ᠢ ᠱᠢᠨᠵᠢᠯᠡᠬᠦ᠌ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠍᠂ ᠣᠯᠠᠨ ᠵᠦᠶ᠋ᠯ ᠦᠨ ᠠᠷᠭ᠎ᠠ ᠬᠡᠮᠵᠢᠶ᠎ᠡ ᠶ᠋ᠢ ᠵᠡᠷᠭᠡ ᠪᠡᠷ ᠬᠡᠷᠡᠭ᠌ᠯᠡᠨ ᠤᠤᠯ ᠤᠨ ᠦᠨᠳᠦᠰᠦᠲᠡᠨ ᠦ ᠦᠭᠡ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠳᠤ ᠪᠠᠭ᠍ᠰᠢᠶ᠋ᠢ ᠰᠠᠢᠲᠤᠷ ᠲᠤᠬᠢᠷᠠᠭᠤᠯᠬᠤ ᠶ᠋ᠢᠨ ᠬᠠᠮᠲᠤ 《ᠤᠷᠠᠳ ᠤᠨ ᠬᠣᠢᠲᠤ ᠬᠣᠱᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠦᠨ ᠰᠤᠷᠭᠠᠭᠤᠯᠢ ᠶ᠋ᠢᠨ ᠵᠠᠬᠢᠷᠤᠯ ᠪᠠ ᠪᠠᠭ᠍ᠰᠢ ᠶ᠋ᠢᠨ ᠠᠵᠢᠯ ᠤᠨ ᠪᠠᠢᠷᠢ ᠵᠢ ᠡᠭᠡᠯᠵᠢᠯᠡᠭᠦᠯᠦᠨ ᠰᠣᠯᠢᠯᠴᠠᠬᠤ ᠠᠵᠢᠯ ᠤᠨ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠲᠣᠭ᠍ᠲᠠᠭᠠᠵᠤ᠂ ᠰᠤᠷᠭᠠᠭᠤᠯᠢ ᠶ᠋ᠢᠨ ᠵᠠᠬᠢᠷᠤᠯ ᠪᠠ ᠪᠠᠭ᠍ᠰᠢ ᠶ᠋ᠢᠨ ᠠᠵᠢᠯ ᠤᠨ ᠪᠠᠢᠷᠢ ᠵᠢ ᠡᠭᠡᠯᠵᠢᠯᠡᠭᠦᠯᠦᠨ ᠰᠣᠯᠢᠯᠴᠠᠬᠤ ᠲᠦᠷᠢᠮ ᠢ ᠬᠡᠷᠡᠭ᠌ᠵᠢᠭᠦᠯᠪᠡ᠃ ᠣᠲᠣ ᠪᠣᠯᠲᠠᠯ᠎ᠠ ᠰᠤᠷᠭᠠᠭᠤᠯᠢ ᠶ᠋ᠢᠨ ᠵᠠᠬᠢᠷᠤᠯ᠂ ᠱᠦᠵᠢ ᠵᠢ 7 ᠬᠥᠮᠦᠨ ᠤᠳᠠᠭ᠎ᠠ ᠰᠤᠯᠢᠯᠴᠠᠨ ᠠᠵᠢᠯᠯᠠᠭᠤᠯᠵᠤ᠂ 15 ᠪᠠᠭ᠍ᠰᠢ ᠵᠢ ᠰᠣᠯᠢᠯᠴᠠᠨ ᠠᠵᠢᠯᠯᠠᠭᠤᠯᠪᠠ;ᠢᠯᠡ ᠪᠡᠷ ᠤᠷᠢᠬᠤ᠂ ᠣᠨᠴᠠᠭᠠᠢ ᠠᠵᠢᠯ ᠤᠨ ᠪᠠᠢᠷᠢ ᠶ᠋ᠢᠨ ᠲᠥᠯᠥᠪᠯᠡᠭᠡ ᠲᠤᠭᠳᠠᠭᠠᠬᠤ ᠵᠡᠷᠭᠡ ᠬᠡᠯᠪᠡᠷᠢ ᠪᠡᠷ ᠤᠤᠯ ᠤᠨ ᠦᠨᠳᠦᠰᠦᠲᠡᠨ ᠦ ᠦᠭᠡ ᠬᠡᠯᠨ ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠶ᠋ᠢᠨ 《ᠭᠤᠷᠪᠠᠨ ᠬᠢᠴᠢᠶᠡᠯ》 ᠤ᠋ᠨ ᠪᠠᠭ᠍ᠰᠢ ᠶ᠋ᠢ 18 ᠬᠥᠮᠦᠨ ᠨᠥᠬᠥᠪᠥᠷᠢᠯᠡᠪᠡ᠃ ᠡᠭᠦᠨᠡᠴᠡ ᠭᠠᠳᠠᠨ᠎ᠠ ᠰᠤᠷᠭᠠᠭᠤᠯᠢ ᠶ᠋ᠢᠨ ᠬᠦᠷᠢᠶᠡᠨ ᠳᠤ 《ᠭᠠᠷ ᠭᠠᠷ ᠢᠶᠠᠨ ᠬᠣᠯᠪᠣᠯᠴᠠᠵᠤ ᠨᠡᠢᠲᠡᠯᠢᠭ ᠬᠡᠯᠡ ᠰᠤᠷᠬᠤ》 ᠠᠵᠢᠯᠯᠠᠭ᠎ᠠ᠂ ᠤᠯᠠᠭᠠᠨ ᠪᠥᠴᠡᠲᠡᠨ ᠲᠠᠢᠯᠪᠤᠷᠢᠯᠠᠭ᠍ᠴᠢ ᠶ᠋ᠢᠨ ᠤᠷᠤᠯᠳᠤᠭᠠᠨ᠂ 《ᠳᠤᠮᠳᠠᠳᠤ ᠶ᠋ᠢᠨ ᠰᠣᠩᠭᠣᠳᠠᠭ ᠵᠣᠬᠢᠶᠠᠯ ᠢ ᠤᠩᠱᠢᠵᠤ ᠤᠯᠤᠰ ᠵᠢᠡᠨ ᠬᠠᠢᠷᠠᠯᠠᠬᠤ ᠬᠠᠢᠷ᠎ᠠ ᠰᠡᠳᠭᠢᠯᠭᠡ ᠶ᠋ᠢ ᠵᠤᠵᠠᠭᠠᠳᠭᠠᠬᠤ ᠨᠣᠮ ᠤᠩᠱᠢᠬᠤ ᠠᠵᠢᠯᠯᠠᠭ᠎ᠠ》᠂ 《ᠨᠡᠢᠲᠡᠯᠢᠭ ᠬᠡᠯᠡ ᠶ᠋ᠢ ᠲᠦᠭᠡᠮᠡᠯᠵᠢᠭᠦᠯᠵᠦ᠍ ᠳᠦᠷᠢᠮᠵᠢᠭ᠌ᠰᠡᠨ ᠦᠰᠦᠭ ᠢ ᠬᠡᠷᠡᠭ᠌ᠯᠡᠵᠦ᠍ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ》 ᠱᠢᠷᠢᠰ ᠠᠵᠢᠯᠯᠠᠭ᠎ᠠ ᠶ᠋ᠢ ᠥᠷᠭᠡᠨ ᠢᠶᠡᠷ ᠥᠷᠨᠢᠭᠦᠯᠵᠦ᠍᠂ ᠪᠠᠭ᠍ᠰᠢ ᠰᠤᠷᠤᠭ᠍ᠴᠢᠳ ᠲᠤ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠦᠨ ᠷᠢᠳᠢ ᠱᠢᠳᠢ ᠶ᠋ᠢ ᠨᠡᠩ ᠤᠯᠠᠨ ᠮᠡᠳᠡᠷᠡᠭᠦᠯᠵᠦ᠍᠂ ᠳᠤᠮᠳᠠᠳᠤ ᠶ᠋ᠢᠨ ᠦᠨᠳᠦᠰᠦᠲᠡᠨ ᠦ ᠱᠢᠯᠢᠳᠡᠭ ᠤᠯᠠᠮᠵᠢᠯᠠᠯᠲᠤ ᠰᠣᠶᠣᠯ ᠤᠨ ᠨᠥᠯᠥᠭᠡ ᠶ᠋ᠢ ᠬᠦᠷᠳᠡᠭᠡᠵᠤ᠂ ᠰᠣᠶᠣᠯ ᠤᠨ ᠬᠡᠪ ᠪᠣᠯᠪᠠᠰᠤᠷᠠᠯ ᠢ ᠪᠦᠬᠦᠯᠢ ᠴᠣᠭ᠍ᠴᠠ ᠪᠡᠷ ᠳᠡᠭᠡᠭᠰᠢᠯᠡᠭᠦᠯᠪᠡ᠃
ᠮᠠᠨᠤ ᠬᠣᠱᠢᠭᠤ ᠤᠤᠯ ᠤᠨ ᠦᠨᠳᠦᠰᠦᠲᠡᠨ ᠦ ᠦᠭᠡ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠶ᠋ᠢᠨ ᠪᠠᠭ᠍ᠰᠢ ᠶ᠋ᠢᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠬᠡᠷᠡᠭ᠌ᠯᠡᠭᠡᠨ ᠦ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ ᠢ ᠦᠷᠭᠦᠯᠵᠢᠯᠡᠨ ᠴᠢᠩᠭᠠᠳᠭᠠᠵᠤ᠂ ᠬᠢᠴᠢᠶᠡᠯ ᠦᠨ ᠪᠠᠷᠢᠮᠵᠢᠶ᠎ᠠ ᠵᠢᠭᠠᠬᠤ ᠮᠠᠲ᠋ᠧᠷᠢᠶᠠᠯ ᠤᠨ ᠲᠠᠢᠯᠤᠮᠵᠢ᠂ ᠬᠢᠴᠢᠶᠡᠯ ᠦᠨ ᠲᠠᠩᠬᠢᠮ ᠤᠨ ᠵᠢᠭᠠᠨ ᠰᠤᠷᠭᠠᠯᠲᠠ ᠶ᠋ᠢᠨ ᠵᠢᠷᠤᠭ ᠲᠥᠯᠥᠪᠯᠡᠭᠡ ᠪᠠ ᠬᠡᠷᠡᠭ᠌ᠵᠢᠭᠦᠯᠦᠯᠲᠡᠪᠡᠷ ᠭᠤᠤᠯᠳᠠᠯᠭ᠎ᠠ ᠪᠣᠯᠭᠠᠨ᠂ ᠨᠡᠢᠲᠡᠯᠢᠭ ᠬᠡᠯᠡᠨ ᠦ ᠵᠢᠭᠠᠨ ᠰᠤᠷᠭᠠᠯᠲᠠ ᠶ᠋ᠢᠨ ᠴᠢᠳᠠᠪᠤᠷᠢ ᠶ᠋ᠢᠨ ᠪᠣᠯᠪᠠᠰᠤᠷᠠᠯ ᠢ ᠴᠢᠩᠭᠠᠳᠭᠠᠵᠤ᠂ ᠪᠠᠭ᠍ᠰᠢ ᠨᠠᠷᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠬᠡᠷᠡᠭ᠌ᠯᠡᠭᠡᠨ ᠦ ᠴᠢᠳᠠᠪᠤᠷᠢ ᠪᠠ ᠬᠢᠴᠢᠶᠡᠯ ᠦᠨ ᠪᠠᠷᠢᠮᠵᠢᠶ᠎ᠠ ᠳᠤ ᠰᠠᠭᠤᠷᠢᠯᠠᠭ᠍ᠰᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠴᠢᠳᠠᠪᠤᠷᠢ ᠶ᠋ᠢ ᠬᠦᠴᠦᠯᠡᠨ ᠳᠡᠭᠡᠭ᠌ᠰᠢᠯᠡᠭᠦᠯᠪᠡ᠃ ᠡᠨᠡ ᠵᠢᠯᠡᠴᠡ ᠨᠠᠭᠠᠰᠢ᠂ ᠦᠵᠡᠯ ᠰᠠᠨᠠᠭ᠎ᠠ ᠤᠯᠤᠰ ᠲᠥᠷᠥ ᠶ᠋ᠢ ᠨᠢᠭᠡ ᠴᠣᠭ᠍ᠴᠠᠵᠢᠭᠤᠯᠬᠤ᠂ 《ᠭᠤᠤᠯᠯᠠᠭᠴᠢ ᠪᠠᠭ᠍ᠰᠢ ᠵᠢ ᠬᠦᠮᠦᠵᠢᠬᠦᠯᠬᠦ》᠂ ᠴᠡᠭᠲᠦ ᠰᠠᠭᠤᠵᠤ ᠰᠤᠷᠭᠠᠭᠤᠯᠢ ᠳᠤ ᠬᠦᠷᠬᠦ᠂ ᠬᠤᠯᠪᠤᠭᠠᠯᠠᠨ ᠵᠢᠭᠠᠨ ᠰᠤᠳᠤᠯᠬᠤ ᠵᠡᠷᠭᠡ ᠪᠣᠯᠪᠠᠰᠤᠷᠠᠯ ᠢ ᠢᠳᠡᠪᠬᠢᠲᠡᠶ ᠵᠣᠬᠢᠶᠠᠨ ᠪᠠᠢᠭᠤᠯᠵᠤ᠂ 180 ᠬᠥᠮᠦᠨ ᠤᠳᠠᠭ᠎ᠠ ᠳ᠋ᠤ ᠪᠤᠯᠪᠠᠰᠤᠷᠠᠯ ᠬᠦᠷᠳᠡᠭᠡᠪᠡ ᠭᠡᠵᠦ ᠤᠷᠠᠳ ᠤᠨ ᠬᠣᠢᠲᠤ ᠬᠣᠱᠢᠭᠤᠨ ᠤ ᠰᠤᠷᠭᠠᠨ ᠬᠥᠮᠦᠵᠢᠯ ᠦᠨ ᠲᠣᠪᠴᠢᠶᠠᠨ ᠤ ᠳᠡᠳ᠋ ᠳᠠᠷᠤᠭ᠎ᠠ ᠰᠡᠩᠭᠡᠪᠠᠭᠠᠲᠤᠷ ᠳᠠᠨᠢᠯᠴᠠᠭᠤᠯᠪᠠ᠃
《ᠪᠢᠳᠡ ᠪᠠᠰᠠ ᠨᠠᠷᠠᠲᠤ ᠪᠠᠭ᠍ᠰᠢ ᠶ᠋ᠢᠨ ᠠᠵᠢᠯᠯᠠᠬᠤ ᠲᠠᠰᠤᠭ ᠢ ᠠᠱᠢᠭ᠍ᠯᠠᠨ᠂ ᠵᠢᠭᠠᠨ ᠰᠤᠷᠭᠠᠯᠲᠠ ᠵᠢᠨ ᠰᠤᠳᠤᠯᠭᠠᠨ ᠢ ᠳᠠᠭᠠᠭᠠᠴᠢᠯᠠᠨ ᠬᠣᠯᠪᠣᠭᠠᠯᠠᠬᠤ ᠳᠤᠭᠤᠢᠯᠠᠩ ᠪᠠᠢᠭᠤᠯᠵᠤ᠂ ᠬᠠᠮᠲᠤ ᠪᠠᠷ ᠬᠢᠴᠢᠶᠡᠯ ᠪᠡᠯᠡᠳᠭᠡᠬᠦ᠌᠂ ᠵᠢᠱ᠌ᠢᠶ᠎ᠡ ᠦᠵᠡᠭᠦᠯᠦᠨ ᠬᠢᠴᠢᠶᠡᠯ ᠣᠷᠣᠬᠤ᠂ ᠣᠨᠣᠱᠢᠯᠠᠯᠲᠠ ᠬᠢᠵᠦ᠍ ᠰᠡᠵᠢᠭ ᠢ ᠲᠠᠢᠯᠬᠤ ᠵᠡᠷᠭᠡ ᠵᠢᠭᠠᠨ ᠰᠤᠷᠭᠠᠯᠲᠠ ᠶ᠋ᠢᠨ ᠠᠵᠢᠯᠯᠠᠭ᠎ᠠ ᠶ᠋ᠢ ᠥᠷᠨᠢᠭᠦᠯᠬᠦ᠌ ᠪᠡᠷ ᠳᠠᠮᠵᠢᠭᠤᠯᠤᠨ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠲᠦᠪᠱᠢᠨ ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠡᠨᠡ ᠵᠢᠯ ᠪᠤᠢ ᠪᠦᠬᠦᠢ ᠠᠵᠢᠯ ᠳᠤ ᠪᠠᠢᠭ᠎ᠠ ᠪᠠᠭ᠍ᠰᠢᠨᠠᠷ ᠢ ᠨᠡᠢᠲᠡᠯᠢᠭ ᠬᠡᠯᠡᠨ ᠦ ᠪᠣᠯᠪᠠᠰᠤᠷᠠᠯ ᠳᠤ ᠣᠷᠣᠯᠴᠠᠬᠤ ᠶ᠋ᠢᠨ ᠬᠠᠮᠲᠤ ᠨᠡᠢᠲᠡᠯᠢᠭ ᠬᠡᠯᠡᠨ ᠦ ᠬᠢᠷᠢ ᠬᠡᠮ ᠦᠨ ᠦᠨᠡᠮᠯᠡᠯ ᠢ ᠱᠢᠯᠭᠠᠨ ᠠᠪᠬᠤ ᠵᠢ ᠱᠠᠭᠠᠷᠳᠠᠵᠤ᠂ ᠤᠤᠯ ᠤᠨ ᠦᠨᠳᠦᠰᠦᠲᠡᠨ ᠦ ᠦᠭᠡ ᠬᠡᠯᠡ ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ ᠶ᠋ᠢᠨ ᠪᠠᠭ᠍ᠰᠢ ᠶ᠋ᠢᠨ ᠦᠨᠡᠮᠯᠡᠯᠲᠡᠶᠪᠡᠷ ᠠᠵᠢᠯ ᠤᠨ ᠪᠠᠢᠷᠢ ᠳᠤ ᠭᠠᠷᠬᠤ ᠨᠤᠷᠮ᠎ᠠ ᠶ᠋ᠢ 100% ᠳ᠋ᠤ ᠬᠦᠷᠭᠡᠬᠦ᠌ᠪᠡᠷ ᠴᠢᠷᠮᠠᠢᠵᠤ ᠪᠠᠢᠨ᠎ᠠ》 ᠭᠡᠵᠦ ᠰᠡᠩᠭᠡᠪᠠᠭᠠᠲᠤᠷ ᠶᠠᠷᠢᠨ᠎ᠠ᠂ ᠲᠡᠷᠡ ᠪᠠᠰᠠ᠄ 《ᠱᠢᠨ᠎ᠡ ᠰᠤᠷᠤᠯᠭ᠎ᠠ ᠶ᠋ᠢᠨ ᠬᠤᠭᠤᠴᠠᠭᠠᠨ ᠳᠤ ᠮᠠᠨ ᠤ ᠬᠣᠱᠢᠭᠤᠨ ᠤ ᠳᠤᠮᠳᠠᠳᠤ ᠪᠠᠭ᠎ᠠ ᠰᠤᠷᠭᠠᠭᠤᠯᠢ ᠶ᠋ᠢᠨ ᠪᠠᠭ᠍ᠰᠢ ᠰᠤᠷᠤᠭ᠍ᠴᠢᠳ ᠦᠷᠭᠦᠯᠵᠢᠯᠡᠨ ᠴᠢᠷᠮᠠᠢᠵᠤ᠂ ᠤᠯᠤᠰ ᠤᠨ ᠨᠡᠢᠳᠡᠮ ᠬᠡᠷᠡᠭᠯᠡᠬᠦ ᠦᠭᠡ ᠬᠡᠯᠡ ᠵᠢ ᠰᠠᠢᠲᠤᠷ ᠶᠠᠷᠢᠵᠤ᠂ ᠳᠦᠷᠢᠮᠵᠢᠭ᠌ᠰᠡᠨ ᠦᠰᠦᠭ ᠢ ᠰᠠᠢᠲᠤᠷ ᠪᠢᠴᠢᠬᠦ᠌ ᠶ᠋ᠢ ᠪᠠᠷᠢᠮᠲᠠᠯᠠᠵᠤ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠰᠤᠷᠤᠯᠴᠠᠯᠭ᠎ᠠ ᠪᠠ ᠠᠮᠢᠳᠤᠷᠠᠯ ᠳᠤᠮᠳᠠ ᠪᠠᠨ ᠠᠭᠤᠰᠤᠯᠴᠠᠭᠤᠯᠵᠤ᠂ ᠬᠡᠦᠬᠡᠳ ᠦᠳ ᠲᠦ ᠨᠡᠩ ᠥᠷᠭᠡᠨ ᠠᠭᠤᠳᠠᠮ ᠢᠷᠡᠭᠡᠳᠦᠢ ᠶ᠋ᠢ ᠴᠤᠭᠴᠠᠯᠠᠵᠤ ᠥᠭ᠌ᠭᠦᠨᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃