2023-09-11 09:59:57
《ᠡᠨᠡ ᠤᠳᠠᠭᠠᠨ ᠤ᠋ ᠰᠤᠷᠤᠯᠴᠠᠯᠭ᠎ᠠ ᠨᠢ ᠨᠠᠳᠠ ᠳ᠋ᠤ ᠠᠪᠴᠤ ᠬᠡᠯᠡᠪᠡᠯ ᠲᠤᠩ ᠤᠳᠬ᠎ᠠ ᠠᠭᠤᠯᠭᠠᠲᠠᠢ ᠪᠠᠢᠵᠦ᠂ ᠨᠡᠷᠡᠳᠦ ᠲᠤᠰᠬᠠᠢ ᠮᠡᠷᠭᠡᠵᠢᠯᠲᠡᠨ ᠪᠠᠭ᠍ᠰᠢ ᠨᠠᠷ ᠤ᠋ᠨ ᠬᠢᠴᠢᠶᠡᠯᠯᠡᠭᠡ ᠨᠢ ᠮᠢᠨᠤ ᠬᠢᠴᠢᠶᠡᠯ ᠲᠦᠷᠦᠯ ᠤ᠋ᠨ ᠮᠡᠳᠡᠴᠡ ᠮᠡᠳᠡᠯᠭᠡ ᠵᠢ ᠰᠢᠨᠡᠳᠬᠡᠵᠦ᠂ ᠵᠢᠭᠠᠨ ᠰᠤᠷᠭᠠᠯᠲᠠ ᠶ᠋ᠢᠨ ᠬᠠᠷᠠᠭ᠎ᠠ ᠵᠢ ᠥᠷᠭᠡᠳᠬᠡᠪᠡ᠂ ᠪᠢ ᠡᠨᠡ ᠬᠤᠭᠤᠴᠠᠭᠠᠨ ᠤ᠋ ᠲᠣᠭᠠᠨ ᠤ᠋ ᠬᠢᠴᠢᠶᠡᠯ ᠶ᠋ᠢᠡᠨ ᠰᠠᠢᠨ ᠵᠢᠭᠠᠨ᠎ᠠ ᠭᠡᠳᠡᠭ ᠲᠸ᠋ ᠢᠳᠡᠭᠡᠯ ᠳᠦᠬᠦᠷᠡᠩ ᠪᠠᠢᠨ᠎ᠠ》 ᠭᠡᠵᠦ ᠨᠢᠭᠡ ᠭᠠᠷᠠᠭ ᠤ᠋ᠨ ᠡᠮᠦᠨ᠎ᠡ ᠱᠠᠨ ᠰᠢ ᠮᠤᠵᠢ ᠶ᠋ᠢᠨ ᠲᠠᠢᠶᠤᠸᠠᠨ ᠬᠤᠳᠠ ᠳ᠋ᠤ ᠶᠠᠪᠤᠭᠳᠠᠭᠰᠠᠨ ᠵᠢᠭᠠᠨ ᠰᠤᠷᠭᠠᠯᠲᠠ ᠶ᠋ᠢᠨ ᠪᠣᠯᠪᠠᠰᠤᠷᠠᠯ ᠳ᠋ᠤ ᠣᠷᠣᠯᠴᠠᠭᠠᠳ ᠣᠷᠳᠣᠰ ᠬᠤᠳᠠ ᠳ᠋ᠠᠭᠠᠨ ᠪᠤᠴᠠᠵᠤ ᠢᠷᠡᠭᠰᠡᠨ ᠰᠤᠷᠭᠤᠭ ᠪᠠᠭ᠍ᠰᠢ ᠰᠣᠷᠪᠤᠯᠵᠢᠯᠠᠭᠴᠢ ᠳ᠋ᠤ ᠶᠠᠷᠢᠨ᠎ᠠ᠃
ᠣᠷᠳᠣᠰ ᠬᠤᠳᠠ ᠶ᠋ᠢᠨ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨᠦ ᠰᠤᠷᠭᠠᠭᠤᠯᠢ ᠶ᠋ᠢᠨ ᠭᠤᠷᠪᠠᠳᠤᠭᠠᠷ ᠣᠨ ᠤ᠋ ᠲᠣᠭᠠᠨ ᠤ᠋ ᠪᠠᠭ᠍ᠰᠢ ᠰᠤᠷᠭᠤᠭ ᠰᠢᠨ᠎ᠡ ᠰᠤᠷᠤᠯᠭ᠎ᠠ ᠶ᠋ᠢᠨ ᠬᠤᠭᠤᠴᠠᠭ᠎ᠠ ᠡᠬᠢᠯᠡᠬᠦ ᠡᠴᠡ ᠡᠮᠦᠨ᠎ᠡ ᠵᠠᠪᠳᠤᠵᠤ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮᠡᠴᠡ ᠵᠣᠬᠢᠶᠠᠨ ᠪᠠᠢᠭᠤᠯᠤᠭᠰᠠᠨ ᠪᠠᠷᠠᠭᠤᠨ ᠬᠡᠰᠡᠭ ᠣᠷᠣᠨ ᠤ᠋ 2023 ᠣᠨᠤ᠋ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠬᠦᠯᠦᠨ ᠬᠡᠷᠡᠭᠯᠡᠬᠦ᠂ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠳ᠋ᠤ ᠤᠷᠤᠯᠴᠠᠭᠠᠳ ᠭᠠᠨᠵᠤᠭ᠎ᠠ ᠳᠦᠬᠦᠷᠡᠩ ᠪᠤᠴᠠᠵᠤ ᠢᠷᠡᠵᠠᠢ᠂ ᠲᠠᠷᠠ ᠪᠡᠷ ᠰᠢᠨ᠎ᠡ ᠰᠤᠷᠤᠯᠭ᠎ᠠ ᠶ᠋ᠢᠨ ᠬᠤᠭᠤᠴᠠᠭᠠᠨ ᠳ᠋ᠤ ᠬᠡᠦᠬᠡᠳᠦᠳᠲᠦ ᠨᠡᠩ ᠰᠢᠨ᠎ᠡ ᠰᠡᠪᠡᠬᠦᠨ ᠰᠤᠨᠢᠷᠬᠠᠯᠳᠠᠢ ᠲᠣᠭᠠᠨ ᠤ᠋ ᠬᠢᠴᠢᠶᠡᠯ ᠢ᠋ ᠵᠢᠭᠠᠬᠤ ᠳ᠋ᠤ ᠢᠳᠡᠭᠡᠯ ᠳᠡᠭᠦᠯᠳᠡᠷ ᠪᠠᠢᠯ᠎ᠠ᠃
ᠡᠨᠡ ᠵᠢᠯ ᠤ᠋ᠨ ᠵᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠤ ᠣᠷᠳᠣᠰ ᠬᠤᠳᠠ ᠶ᠋ᠢᠨ ᠳ᠋ᠦᠩᠱᠧᠩ ᠲᠣᠭᠣᠷᠢᠭ᠋ ᠤ᠋ᠨ ᠮᠣᠩᠭᠣᠯ ᠦᠨᠳᠦᠰᠦᠲᠡᠨᠦ ᠰᠤᠷᠭᠠᠭᠤᠯᠢ ᠪᠠᠭ᠍ᠰᠢ ᠠᠵᠢᠯᠲᠠᠨ ᠤ᠋ ᠡᠯ᠎ᠡ ᠲᠦᠷᠦᠯ ᠤ᠋ᠨ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠢ᠋ ᠳᠦᠬᠦᠷᠡᠩ ᠳᠤᠬᠢᠷᠠᠭᠤᠯᠪᠠ᠃ 7 ᠰᠠᠷ᠎ᠠ ᠶ᠋ᠢᠨ 17 ᠤ᠋ ᠡᠳᠦᠷ᠂ ᠲᠣᠰ ᠰᠤᠷᠭᠠᠭᠤᠯᠢ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠬᠡᠷᠡᠭᠯᠡᠨ ᠬᠢᠴᠢᠶᠡᠯᠯᠡᠵᠦ ᠪᠠᠢᠭ᠎ᠠ ᠭᠤᠷᠪᠠᠨ ᠬᠢᠴᠢᠶᠠᠯ ᠲᠥᠷᠥᠯ ᠤ᠋ᠨ 8 ᠪᠠᠭ᠍ᠰᠢ ᠵᠢ ᠵᠣᠬᠢᠶᠠᠨ ᠪᠠᠢᠭᠤᠯᠵᠦ᠂ ᠤᠤᠯ ᠳ᠋ᠠᠭᠠᠨ ᠦᠨᠳᠦᠰᠦᠲᠡᠨ ᠦ ᠬᠡᠯᠡ ᠪᠡᠷ ᠬᠢᠴᠢᠶᠡᠯᠯᠡᠵᠦ ᠪᠠᠢᠭᠰᠠᠨ ᠪᠠᠭᠰᠢ ᠨᠠᠷᠢ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠬᠦᠯᠦᠨ ᠬᠡᠷᠡᠭᠯᠠᠬᠦ ᠳᠤᠰᠬᠠᠢ ᠪᠣᠯᠪᠠᠰᠤᠷᠠᠯ ᠳ᠋ᠤ ᠣᠷᠣᠯᠴᠠᠭᠤᠯᠪᠠ᠃ 8 ᠰᠠᠷ᠎ᠠ ᠳ᠋ᠤ᠂ ᠲᠣᠰ ᠰᠤᠷᠭᠠᠭᠤᠯᠢ 11 ᠪᠠᠭ᠍ᠰᠢ ᠵᠢ ᠵᠣᠬᠢᠶᠠᠨ ᠪᠠᠢᠭᠤᠯᠵᠤ ᠥᠪᠥᠷ ᠮᠣᠩᠭᠣᠯ ᠤ᠋ᠨ ᠪᠠᠷᠠᠭᠤᠨ ᠬᠡᠰᠡᠭ ᠤᠷᠤᠨ ᠤ᠋ 2023 ᠣᠨ ᠤ᠋ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠬᠦᠯᠦᠨ ᠬᠡᠷᠡᠭᠯᠡᠬᠦ᠂ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠳ᠋ᠤ ᠣᠷᠣᠯᠴᠠᠭᠤᠯᠪᠠ᠃ 8 ᠰᠠᠷ᠎ᠠ ᠶ᠋ᠢᠨ ᠰᠡᠭᠦᠯᠴᠢ ᠪᠡᠷ᠂ ᠳᠤᠰ ᠰᠤᠷᠭᠠᠭᠤᠯᠢ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠬᠡᠷᠡᠭᠯᠡᠨ ᠬᠢᠴᠢᠶᠡᠯᠯᠡᠵᠦ ᠪᠠᠢᠭ᠎ᠠ ᠭᠤᠷᠪᠠᠨ ᠬᠢᠴᠢᠶᠠᠯ ᠲᠥᠷᠥᠯ ᠤ᠋ᠨ 3 ᠪᠠᠭ᠍ᠰᠢ ᠵᠢ ᠵᠣᠬᠢᠶᠠᠨ ᠪᠠᠢᠭᠤᠯᠵᠤ᠂ ᠵᠢᠭᠠᠬᠤ ᠮᠠᠲᠧᠷᠢᠶᠠᠯ ᠤ᠋ᠨ ᠳᠤᠰᠬᠠᠢ ᠪᠣᠯᠪᠠᠰᠤᠷᠠᠯ ᠳ᠋ᠤ ᠣᠷᠣᠯᠴᠠᠭᠤᠯᠪᠠ᠃ ᠡᠬᠦᠨ ᠡᠴᠡ ᠭᠠᠳᠠᠨ᠎ᠠ ᠪᠠᠰᠠ 35 ᠪᠠᠭ᠍ᠰᠢ ᠵᠢ ᠵᠣᠬᠢᠶᠠᠨ ᠪᠠᠢᠭᠤᠯᠵᠤ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠤ᠋ᠨ ᠳᠤᠰᠬᠠᠢ ᠪᠣᠯᠪᠠᠰᠤᠷᠠᠯ ᠳ᠋ᠤ ᠣᠷᠣᠯᠴᠠᠭᠤᠯᠤᠭᠰᠠᠨ ᠪᠦᠭᠡᠳ ᠠᠮᠠᠷᠠᠯᠲᠠ ᠶ᠋ᠢᠨ ᠬᠤᠭᠤᠴᠠᠭ᠎ᠠ ᠵᠢ ᠠᠰᠢᠬᠯᠠᠨ ᠡᠯ᠎ᠡ ᠬᠢᠴᠢᠶᠡᠯ ᠲᠦᠷᠦᠯ ᠤ᠋ᠨ ᠪᠠᠭ᠍ᠰᠢ ᠨᠠᠷ ᠢ᠋ ᠢᠳᠡᠪᠬᠢᠳᠡᠢ ᠵᠤᠬᠢᠶᠠᠨ ᠪᠠᠢᠭᠤᠯᠵᠦ ᠲᠤᠬᠠᠢᠯᠠᠭᠰᠠᠨ ᠠᠵᠢᠯ ᠤ᠋ᠨ ᠪᠣᠯᠪᠠᠰᠤᠷᠠᠯ ᠳ᠋ᠤ ᠤᠷᠤᠯᠴᠠᠭᠤᠯᠤᠭᠰᠠᠨ ᠪᠠᠢᠨ᠎ᠠ᠃
ᠤᠢᠷ᠎ᠠ ᠶ᠋ᠢᠨ ᠵᠢᠯ ᠡᠴᠡ ᠨᠠᠭᠠᠰᠢ᠂ ᠲᠤᠰ ᠰᠤᠷᠭᠠᠭᠤᠯᠢ ᠡᠪᠦᠯ ᠵᠤᠨ ᠤ᠋ ᠠᠮᠠᠷᠠᠯᠲᠠ ᠶ᠋ᠢᠨ ᠬᠤᠭᠤᠴᠠᠭᠠᠨ ᠳ᠋ᠤ ᠪᠠᠭᠰᠢ ᠨᠠᠷ ᠤ᠋ᠨ ᠲᠤᠬᠠᠢᠯᠠᠭᠰᠠᠨ ᠠᠵᠢᠯ ᠤ᠋ᠨ ᠪᠤᠯᠪᠠᠰᠤᠷᠠᠯ ᠢ᠋ ᠲᠥᠪᠯᠡᠷᠡᠭᠦᠯᠦᠨ ᠳᠤᠬᠢᠷᠠᠭᠤᠯᠵᠤ᠂ ᠣᠯᠠᠨ ᠶᠠᠩᠵᠤ ᠶ᠋ᠢᠨ ᠰᠦᠯᠵᠢᠶᠡᠨ ᠳᠡᠭᠡᠷᠡᠬᠢ ᠲᠣᠭᠲᠠᠮᠠᠯ ᠪᠤᠰᠤ ᠬᠤᠭᠤᠴᠠᠭᠠᠲᠠᠢ ᠲᠤᠰᠬᠠᠢ ᠰᠡᠳᠦᠪ ᠤ᠋ᠨ ᠰᠤᠳᠤᠯᠤᠨ ᠰᠤᠷᠤᠯᠴᠠᠬᠤ ᠪᠤᠯᠪᠠᠰᠤᠷᠠᠯ ᠢ᠋ ᠳᠤᠬᠢᠷᠠᠭᠤᠯᠤᠨ᠂ ᠪᠠᠭᠰᠢ ᠠᠵᠢᠯᠳᠠᠨ ᠶ᠋ᠢᠡᠨ ᠵᠤᠬᠢᠶᠠᠨ ᠪᠠᠢᠭᠤᠯᠵᠤ ᠪᠠᠢᠭᠠᠳ᠂ ᠳᠠᠭᠠᠨ ᠰᠤᠷᠤᠯᠴᠠᠬᠤ᠂ ᠬᠢᠴᠢᠶᠡᠯᠯᠡᠬᠦ᠂ ᠰᠣᠯᠢᠯᠴᠠᠭ᠎ᠠ ᠰᠤᠳᠤᠯᠭᠠᠨ ᠦᠷᠨᠢᠬᠦᠯᠬᠦ ᠵᠡᠷᠭᠡ ᠥᠨᠳᠥᠷ ᠲᠦᠪᠰᠢᠨᠪᠦᠬᠦᠢ᠂ ᠣᠯᠠᠨ ᠲᠠᠯ᠎ᠠ ᠶ᠋ᠢᠨ᠂ ᠪᠦᠬᠦ ᠲᠠᠯ᠎ᠠ ᠵᠢ ᠬᠠᠮᠤᠷᠤᠭᠰᠠᠨ ᠪᠣᠯᠪᠠᠰᠤᠷᠠᠯ ᠳ᠋ᠤ ᠣᠷᠣᠯᠴᠠᠭᠤᠯᠬᠤ ᠶ᠋ᠢᠨ ᠬᠠᠮᠳᠤ᠂ ᠪᠦᠬᠦᠢᠯᠡ ᠬᠢᠴᠢᠶᠡᠯ ᠲᠦᠷᠦᠯ ᠤ᠋ᠨ ᠮᠠᠲᠧᠷᠢᠶᠠᠯ᠂ ᠰᠦᠯᠵᠢᠶᠡᠨ ᠳᠡᠭᠡᠷᠡᠬᠢ ᠬᠢᠴᠢᠶᠠᠯ ᠵᠡᠷᠭᠡ ᠡᠬᠢ ᠪᠠᠶᠠᠯᠢᠭ᠋ ᠢ᠋ ᠦᠨ᠎ᠡ ᠲᠥᠯᠥᠪᠦᠷᠢ ᠦᠭᠡᠢ ᠪᠡᠷ ᠬᠠᠩᠭᠠᠵᠤ᠂ ᠤᠤᠯ ᠳ᠋ᠠᠭᠠᠨ ᠦᠨᠳᠦᠰᠦᠲᠡᠨᠦ ᠦᠭᠡ ᠬᠡᠯᠡ ᠥᠰᠥᠭ ᠪᠢᠴᠢᠭ ᠶ᠋ᠢᠡᠷ ᠬᠢᠴᠢᠶᠡᠯᠯᠡᠵᠦ ᠪᠠᠢᠭᠰᠠᠨ ᠪᠠᠭ᠍ᠰᠢ ᠨᠠᠷ ᠢ᠋ ᠬᠠᠨᠳᠤᠯᠭᠠᠲᠤ ᠴᠢᠨᠠᠷᠲᠠᠢᠪᠠᠷ ᠵᠢᠭᠠᠨ ᠵᠢᠯᠤᠭᠤᠳᠴᠤ᠂ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠳᠡᠯᠭᠡᠷᠡᠬᠦᠯᠦᠨ ᠬᠡᠷᠡᠭᠯᠡᠬᠦ᠂ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠴᠢᠳᠠᠪᠤᠷᠢ ᠵᠢ ᠳᠡᠭᠡᠭᠰᠢᠯᠡᠭᠦᠯᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃