2023-10-08 17:46:39
ᠮᠠᠨᠳᠤᠬᠤ ᠨᠠᠷᠠᠨ ᠤ ᠤᠯᠠᠪᠤᠷ ᠲᠤᠶᠠᠭ᠎ᠠ ᠵᠢ ᠤᠬᠳᠤᠨ ᠬᠥᠭᠡᠷᠤᠬᠥᠨ ᠲᠡᠭᠵᠢᠨ ᠭᠡᠤᠭᠡᠤᠨᠤ᠋ᠤᠨ ᠪᠠᠶᠠᠷ ᠵᠢᠷᠭᠠᠯ ᠲᠠᠢ ᠪᠡᠷ ᠰᠤᠷᠭᠠᠭᠤᠯᠢ ᠳᠠᠭᠠᠨ ᠢᠷᠡᠵᠡᠭᠡᠨᠠ ᠃ ᠲᠦᠷᠦᠭᠦᠬᠡᠨ ᠂ ᠪᠤᠭᠤᠲᠤ ᠬᠤᠳᠠᠶ᠋ᠢᠨ ᠲᠦᠮᠡᠳ ᠪᠠᠷᠠᠭᠤᠨ ᠬᠣᠱᠢᠭᠤᠨᠤ ᠮᠠᠩᠭᠢᠰᠤᠨ ᠨᠠᠭᠤᠷ ᠱᠢᠶᠠᠩ ᠤᠨ ᠭᠣᠣᠯ ᠰᠤᠷᠭᠠᠭᠤᠯᠢ ᠶ᠋ᠢᠨ ᠭᠤᠷᠪᠠᠳᠤᠭᠠᠷ ᠣᠨᠤ ᠬᠢᠴᠢᠶᠡᠯ ᠦᠨ ᠭᠡᠷ ᠲᠦ ᠂ ᠨᠡᠢᠲᠡᠯᠢᠭ ᠬᠡᠯᠡᠨ ᠦ ᠭᠣᠣᠯ ᠰᠡᠳᠦᠪᠲᠦ ᠤᠩᠱᠢᠯᠭ᠎ᠠ ᠶ᠋ᠢᠨ ᠠᠵᠢᠯᠯᠠᠭ᠎ᠠ ᠮᠠᠰᠢ ᠬᠥᠭ᠌ᠵᠢᠶᠡᠨᠲᠡᠢ ᠶᠠᠪᠤᠭ᠍ᠳᠠᠵᠤ ᠤᠯᠠᠨ ᠤ ᠠᠨᠭᠬᠠᠷᠤᠯ ᠢ ᠲᠠᠳᠠᠯ᠎ᠠ ᠃
《ᠰᠤᠷᠤᠭ᠍ᠴᠢᠳᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠦᠨ ᠬᠡᠷᠡᠭ᠌ᠯᠡᠭᠡᠨ ᠦ ᠴᠢᠳᠠᠪᠤᠷᠢ ᠶ᠋ᠢ ᠳᠡᠭᠡᠭ᠌ᠰᠢᠯᠡᠭᠦᠯᠵᠦ᠍ ᠂ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶ᠋ᠢᠨ ᠲᠥᠯᠥᠭᠡ ᠂ ᠮᠠᠩᠭᠢᠰᠤᠨ ᠨᠠᠭᠤᠷ ᠱᠢᠶᠠᠩ ᠤᠨ ᠭᠣᠣᠯ ᠰᠤᠷᠭᠠᠭᠤᠯᠢ ᠲᠤᠭ ᠮᠠᠨᠳᠤᠭᠤᠯᠬᠤ ᠶᠣᠰᠣᠯᠠᠯ ᠂ ᠭᠣᠣᠯ ᠰᠡᠳᠦᠪᠲᠦ ᠠᠩᠭᠢ ᠶ᠋ᠢᠨ ᠬᠢᠴᠢᠶᠡᠯ ᠵᠡᠷᠭᠡ ᠠᠵᠢᠯᠯᠠᠭ᠎ᠠ ᠥᠷᠨᠢᠭᠦᠯᠬᠦ᠌ᠪᠡᠷ ᠳᠠᠮᠵᠢᠭᠤᠯᠤᠨ᠂ ᠰᠤᠷᠤᠭ᠍ᠴᠢᠳ ᠲᠤ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠴᠢ ᠬᠣᠯᠪᠣᠭ᠍ᠳᠠᠯ ᠢ ᠭᠦᠨᠵᠡᠭᠡᠢ ᠤᠢ᠍ᠢᠯᠠᠭᠠᠭᠤᠯᠵᠤ᠂ ᠰᠦᠭ ᠰᠦᠨᠡᠰᠦ ᠶ᠋ᠢ ᠱᠤᠭᠤᠵᠤ ᠬᠥᠮᠦᠨ ᠢ ᠬᠥᠮᠦᠵᠢᠭᠦᠯᠬᠦ᠌ ᠵᠣᠷᠢᠯᠭ᠎ᠠ ᠳᠤ ᠬᠦᠷᠴᠦ ᠪᠤᠢ 》 ᠭᠡᠵᠦ᠍ ᠮᠠᠩᠭᠢᠰᠤᠨ ᠨᠠᠭᠤᠷ ᠱᠢᠶᠠᠩ ᠤᠨ ᠭᠣᠣᠯ ᠰᠤᠷᠭᠠᠭᠤᠯᠢ ᠶ᠋ᠢᠨ ᠵᠠᠬᠢᠷᠤᠯ ᠶᠠᠩ ᠮᠢᠨ ᠶᠢᠩ ᠰᠤᠷᠪᠤᠯᠵᠢᠯᠠᠭ᠍ᠴᠢ ᠳᠤ ᠶᠠᠷᠢᠨ᠎ᠠ᠃
ᠣᠢᠷ᠎ᠠ ᠶ᠋ᠢᠨ ᠵᠢᠯ ᠳᠦ ᠂ ᠲᠦᠮᠡᠳ ᠪᠠᠷᠠᠭᠤᠨ ᠬᠣᠱᠢᠭᠤᠨ ᠤ ᠰᠤᠷᠭᠠᠨ ᠬᠥᠮᠦᠵᠢᠯ ᠦᠨ ᠲᠣᠪᠴᠢᠶ᠎ᠠ 《 ᠰᠤᠷᠭᠠᠭᠤᠯᠢ ᠵᠢᠨ ᠬᠢᠨ ᠬᠡᠰᠡᠭ ᠬᠤᠪᠢᠶᠠᠨ ᠰᠣᠷᠣᠭ᠍ᠴᠢ ᠡᠯᠰᠡᠵᠦ᠍ ᠂ ᠰᠣᠷᠣᠭ᠍ᠴᠢᠳᠢ ᠣᠢᠷ᠎ᠠ ᠬᠠᠪᠢᠵᠢᠨ ᠰᠤᠷᠭᠠᠭᠤᠯᠢ ᠳᠤᠨᠢ ᠣᠷᠣᠭᠤᠯᠬᠤ 》 ᠵᠠᠷᠴᠢᠮ ᠶᠣᠰᠣᠭᠠᠷ᠂ ᠪᠥᠬᠥ᠌ ᠬᠣᠱᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠦᠨᠳᠦᠰᠦᠲᠡᠨᠤ ᠬᠡᠯᠡᠡᠤ ᠠᠩᠬᠢ ᠪᠠ ᠬᠢᠲᠠᠳ ᠬᠡᠯᠡᠡ ᠤ ᠠᠩᠬᠢ ᠲᠤᠬᠢᠷᠠᠭᠤᠯᠬᠤ ᠂ ᠬᠣᠯᠢᠮᠠᠭ ᠠᠩᠬᠢ ᠪᠠᠢᠭᠤᠯᠬᠤ ᠠᠵᠢᠯ ᠢ ᠬᠡᠷᠡᠭ᠌ᠵᠢᠭᠦᠯᠵᠦ᠍᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠪᠠ ᠤᠯᠤᠰ ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠰᠤᠷᠤᠯᠴᠠᠬᠤ ᠪᠠ ᠬᠡᠷᠡᠭ᠌ᠯᠡᠬᠦ᠌ ᠶ᠋ᠢ ᠲᠠᠰᠤᠷᠠᠯᠲᠠ ᠥᠬᠡᠶ ᠴᠢᠩᠭᠠᠳᠭᠠᠵᠤ ᠂ ᠠᠳᠠᠯᠢ ᠪᠤᠰᠤ ᠦᠨᠳᠦᠰᠦᠲᠡᠨ ᠦ ᠰᠤᠷᠤᠭ᠍ᠴᠢᠳ ᠤᠨ ᠬᠠᠮᠲᠤ ᠪᠠᠷ ᠰᠤᠷᠤᠯᠴᠠᠵᠤ ᠬᠠᠮᠲᠤ ᠪᠠᠷ ᠳᠠᠪᠱᠢᠬᠤ ᠂ ᠬᠠᠮᠲᠤ ᠪᠠᠷ ᠠᠭᠤᠰᠤᠯᠴᠠᠨ ᠬᠠᠮᠲᠤ ᠪᠠᠷ ᠨᠡᠪᠲᠡᠷᠡᠯᠴᠡᠬᠦ᠌ ᠶ᠋ᠢ ᠠᠬᠢᠭᠤᠯᠪᠠ᠃
《ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠨᠢ ᠬᠡᠯᠡ ᠪᠢᠴᠢᠭᠢ ᠨᠡᠩ ᠠᠮᠢᠳᠤᠯᠢᠭ ᠪᠣᠯᠭᠠᠵᠤ ᠂ ᠬᠡᠯᠡ ᠪᠢᠴᠢᠭ ᠦᠨ ᠰᠣᠶᠣᠯ ᠢᠷᠭᠡᠨᠱᠢᠯ ᠪᠣᠯᠤᠨ ᠪᠠᠭᠠᠵᠢ ᠬᠡᠷᠡᠭ᠌ᠰᠡᠯ ᠢ ᠦᠨᠡᠨ ᠬᠦ᠌ ᠨᠢᠭᠡᠳᠭᠡᠵᠡᠢ᠃ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠬᠡᠷᠡᠭ᠌ᠯᠡᠬᠦ᠌ᠪᠡᠷ ᠲᠠᠮᠵᠢᠨ ᠂ ᠪᠢᠳᠡ ᠵᠢᠭᠠᠬᠤ ᠮᠠᠲ᠋ᠧᠷᠢᠶᠠᠯ ᠤᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠌ ᠴᠢᠬᠤᠯᠠ ᠣᠢᠯᠠᠭᠠᠭ᠍ᠳᠠᠬᠤᠨ ᠢ ᠭᠦᠨᠵᠡᠭᠡᠢ ᠣᠢᠯᠠᠭᠠᠪᠠ᠃ ᠰᠤᠷᠤᠭ᠍ᠴᠢᠳ ᠲᠤ ᠠᠪᠴᠤ᠌ ᠬᠡᠯᠡᠪᠡᠯ ᠂ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠰᠤᠷᠤᠯᠴᠠᠬᠤ ᠨᠢ ᠭᠣᠣᠯᠳᠠᠭᠤ ᠬᠦᠰᠡᠯᠡᠩ ᠢᠲᠡᠭᠡᠯ ᠪᠢᠱᠢᠷᠡᠯ ᠂ ᠰᠣᠶᠣᠯ ᠤᠨ ᠢᠲᠡᠭᠡᠯ ᠪᠠ ᠬᠠᠷᠢᠭᠤᠴᠠᠯᠭ᠎ᠠ ᠡᠭᠦᠷᠭᠡᠯᠡᠯ ᠢ ᠬᠥᠮᠦᠵᠢᠭᠦᠯᠬᠦ᠌ ᠪᠤᠯᠤᠨ᠎ᠠ 》 ᠭᠡᠵᠤ 9 ᠰᠠᠷ᠎ᠠ ᠶ᠋ᠢᠨ 11 ᠡᠴᠡ 18 ᠤ᠋ ᠡᠳᠦᠷ ᠪᠣᠯᠲᠠᠯ᠎ᠠ ᠲᠦᠮᠡᠳ ᠪᠠᠷᠠᠭᠤᠨ ᠬᠣᠱᠢᠭᠤᠨ ᠳᠤ ᠶᠠᠪᠤᠭ᠍ᠳᠠᠭ᠍ᠰᠠᠨ 2023 ᠣᠨ ᠤ ᠨᠠᠮᠤᠷ ᠤᠨ ᠤᠯᠠᠷᠢᠯ ᠤᠨ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠦᠨ ᠵᠢᠭᠠᠬᠤ ᠮᠠᠲ᠋ᠧᠷᠢᠶᠠᠯ ᠤᠨ ᠵᠢᠭᠠᠬᠤ ᠠᠷᠭ᠎ᠠ ᠶ᠋ᠢᠨ ᠪᠣᠯᠪᠠᠰᠤᠷᠠᠯ ᠵᠢᠴᠢ ᠨᠠᠷᠠᠲᠤ ᠪᠠᠭ᠍ᠰᠢ ᠶ᠋ᠢᠨ ᠠᠵᠢᠯᠯᠠᠬᠤ ᠭᠠᠵᠠᠷ ᠤᠨ ᠠᠵᠢᠯᠯᠠᠭ᠎ᠠ ᠳᠡᠭᠡᠷ᠎ᠡ ᠂ ᠲᠦᠮᠡᠳ ᠪᠠᠷᠠᠭᠤᠨ ᠬᠣᠱᠢᠭᠤᠨ ᠤ ᠮᠣᠩᠭᠣᠯ ᠦᠨᠳᠦᠰᠦᠲᠡᠨ ᠦ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠦᠨ ᠪᠠᠭ᠍ᠰᠢ ᠵᠠᠩ ᠴᠢᠶᠣᠤ ᠯᠢ ᠵᠢᠭᠠᠬᠤ ᠮᠠᠲ᠋ᠧᠷᠢᠶᠠᠯ ᠳᠤ ᠵᠠᠳᠠᠯᠤᠯᠲᠠ ᠬᠢᠪᠠ᠃
ᠣᠢᠯᠠᠭᠠᠭ᠍ᠰᠠᠨ ᠢᠶᠠᠷ ᠂ 2019 ᠣᠨ ᠳᠤ ᠲᠦᠮᠡᠳ ᠪᠠᠷᠠᠭᠤᠨ ᠬᠣᠱᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶ᠋ᠢᠨ ᠬᠢᠨ ᠬᠡᠯᠡ ᠪᠢᠴᠢᠭ ᠂ ᠲᠡᠦᠬᠡ ᠂ ᠶᠣᠰᠣ ᠰᠤᠷᠲᠠᠬᠤᠨ ᠬᠢᠭᠡᠳ ᠬᠠᠤᠯᠢᠵᠢᠯ ᠤᠨ ᠭᠤᠷᠪᠠᠨ ᠬᠢᠴᠢᠶᠡᠯ ᠳ᠋ᠤ ᠴᠥᠮ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯᠢ ᠬᠡᠷᠡᠭ᠌ᠯᠡᠪᠡ᠃ ᠲᠤᠰ ᠬᠣᠱᠢᠭᠤ 《 ᠲᠦᠮᠡᠳ ᠪᠠᠷᠠᠭᠤᠨ ᠬᠣᠱᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠭᠤᠷᠪᠠᠨ ᠬᠢᠴᠢᠶᠡᠯ ᠲᠦᠷᠦᠯᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭ᠌ᠯᠡᠵᠦ᠍ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠠᠵᠢᠯ ᠢ ᠪᠥᠬᠥ᠌ ᠲᠠᠯ᠎ᠠ ᠪᠠᠷ ᠴᠢᠩᠭᠠᠳᠭᠠᠬᠤ ᠲᠤᠬᠠᠢ ᠬᠡᠷᠡᠭ᠌ᠵᠢᠭᠦᠯᠬᠦ᠌ ᠲᠥᠰᠦᠯ 》 ᠪᠣᠯᠤᠨ 《ᠲᠦᠮᠡᠳ ᠪᠠᠷᠠᠭᠤᠨ ᠬᠣᠱᠢᠭᠤᠨ ᠤ ᠰᠤᠷᠭᠠᠨ ᠬᠥᠮᠦᠵᠢᠯ ᠦᠨ ᠲᠣᠪᠴᠢᠶ᠎ᠠ ᠶ᠋ᠢᠨ ᠤᠯᠤᠰ ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠬᠡᠷᠡᠭ᠌ᠯᠡᠬᠦ᠌ ᠠᠵᠢᠯ ᠤᠨ ᠪᠠᠴᠢᠮ ᠪᠠᠢᠳᠠᠯ ᠢ ᠠᠷᠭᠠᠴᠠᠭᠠᠬᠤ ᠲᠥᠰᠦᠯ 》 ᠵᠡᠷᠭᠡ ᠲᠠᠪᠤᠨ ᠢᠵᠢ ᠲᠥᠰᠦᠯ ᠳᠦ ᠵᠠᠯᠭᠠᠭ᠎ᠠ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍ ᠂ ᠬᠠᠷᠢᠭᠤᠴᠠᠯᠭ᠎ᠠ ᠶ᠋ᠢ ᠱᠠᠲᠤ ᠱᠠᠲᠤ ᠪᠠᠷ ᠪᠣᠳᠠᠲᠠᠢᠵᠢᠭᠤᠯᠤᠨ ᠂ ᠲᠠᠪᠤᠨ ᠱᠠᠲᠤᠨ ᠤ ᠳᠠᠭᠠᠭᠠᠴᠢᠯᠠᠨ ᠬᠣᠯᠪᠣᠭᠠᠯᠠᠬᠤ ᠲᠣᠭ᠍ᠲᠠᠴᠠ ᠶ᠋ᠢ ᠪᠠᠢᠭᠤᠯᠵᠤ ᠂ ᠳᠠᠭᠠᠭᠠᠴᠢᠯᠠᠨ ᠬᠤᠯᠪᠤᠭᠠᠯᠠᠵᠤ ᠰᠤᠷᠭᠠᠭᠤᠯᠢ ᠳᠤ ᠰᠠᠭᠤᠬᠤᠶ᠋ᠢ ᠬᠡᠷᠡᠭ᠌ᠵᠢᠭᠦᠯᠵᠦ᠍ ᠂ ᠭᠤᠤᠯᠳᠠᠯᠭᠠᠲᠠᠶ ᠪᠠᠭ᠍ᠰᠢ ᠰᠤᠷᠤᠭ᠍ᠴᠢᠳ ᠪᠦᠬᠦᠨ ᠲᠠᠢ ᠰᠡᠳᠭᠢᠯ ᠦᠨ ᠦᠭᠡ ᠪᠡᠨ ᠶᠠᠷᠢᠯᠴᠠᠵᠤ᠂ ᠲᠥᠷᠥ ᠶ᠋ᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠍ ᠂ ᠤᠯᠤᠰ ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠠᠵᠢᠯ ᠤᠨ ᠤᠷᠤᠭ᠍ᠰᠢᠲᠠᠶ ᠶᠠᠪᠤᠭ᠍ᠳᠠᠬᠤ ᠶ᠋ᠢ ᠦᠨᠡᠨ ᠬᠦ᠌ ᠪᠠᠲᠤᠯᠠᠪᠠ᠃ ᠭᠤᠷᠪᠠᠨ ᠬᠢᠴᠢᠶᠡᠯ ᠲᠦᠷᠦᠯᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠪᠠᠭ᠍ᠰᠢ ᠶ᠋ᠢᠨ ᠡᠩᠨᠡᠭᠡ ᠶ᠋ᠢ ᠭᠦᠶ᠋ᠴᠡᠳ ᠳᠣᠭᠢᠷᠠᠭᠤᠯᠵᠤ ᠂ ᠭᠤᠷᠪᠠᠨ ᠬᠢᠴᠢᠶᠡᠯ ᠲᠥᠷᠥᠯ ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠪᠠᠭ᠍ᠰᠢ ᠨᠠᠷᠢ ᠵᠣᠬᠢᠶᠠᠨ ᠪᠠᠢᠭᠤᠯᠵᠤ ᠰᠦᠯᠵᠢᠶᠡᠨ ᠳᠡᠭᠡᠷᠡᠬᠢ + ᠪᠤᠳᠠᠳᠤ ᠴᠤᠭᠴᠠ ᠵᠢᠨ ᠪᠣᠯᠪᠠᠰᠤᠷᠠᠯ ᠥᠷᠨᠢᠭᠦᠯᠦᠨ᠂ ᠬᠠᠨᠳᠤᠯᠭᠠᠲᠤ ᠴᠢᠨᠠᠷᠲᠠᠶ ᠪᠡᠷ ᠲᠤᠰᠭᠠᠶ ᠰᠡᠳᠦᠪᠲᠦ ᠣᠨᠣᠯ ᠤᠨ ᠪᠣᠯᠪᠠᠰᠤᠷᠠᠯ ᠪᠠ ᠵᠢᠭᠠᠨ ᠰᠤᠷᠭᠠᠯᠲᠠ ᠶ᠋ᠢᠨ ᠮᠡᠷᠭᠡᠵᠢᠯ ᠦᠨ ᠬᠡᠷᠡᠭ᠌ᠯᠡᠭᠡᠨ ᠦ ᠪᠣᠯᠪᠠᠰᠤᠷᠠᠯ ᠬᠦᠷᠳᠡᠭᠡᠵᠦ ᠂ ᠪᠠᠭ᠍ᠰᠢ ᠶ᠋ᠢᠨ ᠵᠢᠭᠠᠨ ᠰᠤᠷᠭᠠᠯᠲᠠ ᠶ᠋ᠢᠨ ᠬᠡᠷᠡᠭ᠌ᠴᠡᠭᠡ ᠶ᠋ᠢ ᠬᠠᠩᠭᠠᠪᠠ᠃ ᠪᠠᠭ᠍ᠰᠢ ᠨᠠᠷᠤᠨ ᠪᠡᠶᠡᠪᠡᠨ ᠳᠠᠭᠠᠭᠠᠵᠤ ᠰᠤᠷᠤᠯᠴᠠᠬᠤ ᠶ᠋ᠢ ᠴᠢᠩᠭᠠᠳᠭᠠᠵᠤ ᠂ ᠪᠠᠭ᠍ᠰᠢ ᠶ᠋ᠢᠨ ᠤᠯᠤᠰ ᠲᠥᠷᠥ ᠶ᠋ᠢᠨ ᠬᠡᠪ ᠪᠣᠯᠪᠠᠰᠤᠷᠠᠯ ᠪᠠ ᠲᠤᠬᠠᠢᠯᠠᠭ᠍ᠰᠠᠨ ᠠᠵᠢᠯ ᠤᠨ ᠴᠢᠳᠠᠪᠤᠷᠢ ᠶ᠋ᠢ ᠳᠡᠭᠡᠭ᠌ᠰᠢᠯᠡᠭᠦᠯᠵᠦ᠍ ᠂ ᠭᠤᠷᠪᠠᠨ ᠬᠢᠴᠢᠶᠡᠯ ᠲᠥᠷᠥᠯ ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠪᠠᠭ᠍ᠰᠢ ᠨᠠᠷᠤᠨ 《 ᠰᠦᠭ ᠰᠦᠨᠡᠰᠦ ᠶ᠋ᠢ ᠱᠤᠭᠤᠬᠤ 》 ᠴᠢᠳᠠᠪᠤᠷᠢᠶ᠋ᠢ ᠳᠡᠭᠡᠭ᠌ᠰᠢᠯᠡᠭᠦᠯᠪᠡ᠃ ᠣᠳᠣᠬᠠᠨ ᠳᠤ ᠂ ᠪᠥᠬᠥ᠌ ᠬᠣᠱᠢᠭᠤᠨ ᠤ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠦᠨ ᠴᠡᠴᠡᠷᠯᠢᠭ ᠦᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠳᠦᠷᠢᠮᠵᠢᠭᠦᠯᠦᠯᠲᠡ ᠶ᠋ᠢᠨ ᠡᠭᠦᠳᠦᠨ ᠪᠠᠢᠭᠤᠯᠤᠯᠲᠠ ᠶ᠋ᠢᠨ ᠪᠠᠷᠢᠮᠵᠢᠶ᠎ᠠ ᠳᠤ ᠭᠦᠷᠦᠭ᠌ᠰᠡᠨ ᠨᠣᠷᠮ᠎ᠠ ᠨᠢ 100% ᠪᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃