ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-08-30 11:38:44

ᠵᠣᠬᠢᠶᠠᠭ᠍ᠴᠢ᠄ ᠯᠢᠦ ᡁᠢ ᠰᠢᠶᠠᠨ ᠣᠩᠱᠢᠭ᠍ᠰᠠᠨ ᠣᠳᠠᠭ᠎ᠠ᠄ 3

ᠮᠠᠨ ᠤ᠋ ᠤᠷᠤᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠪᠦᠬᠦ ᠲᠠᠯ᠎ᠠ᠎ᠪᠠᠷ ᠲᠡᠯᠭᠡᠷᠡᠬᠦᠯᠦᠨ ᠬᠡᠷᠡᠭᠯᠡᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠴᠢᠳᠠᠪᠤᠷᠢ᠎ᠶᠢ ᠨᠢ ᠳᠡᠭᠡᠭᠰᠢᠯᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠪᠠᠭ᠍ᠰᠢ᠎ᠶᠢᠨ ᠠᠵᠢᠯ᠎ᠤᠨ ᠭᠠᠵᠠᠷ᠎ᠤᠨ ᠳᠠᠷᠤᠭ᠎ᠠ ᠸᠠᠩ ᠵᠢᠶᠦ᠋ᠨ ᠸᠧᠢ᠎ᠶᠢᠨ ᠲᠠᠨᠢᠯᠴᠠᠭᠤᠯᠤᠭᠰᠠᠨ᠎ᠢᠶᠠᠷ᠂ ᠨᠢᠭᠡ ᠲᠠᠯ᠎ᠠ᠎ᠪᠠᠷ ᠂ ᠮᠠᠨ᠎ᠤ ᠣᠷᠣᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ ᠲᠥᠷᠥᠯ ᠵᠦᠢᠯ᠎ᠢ ᠭᠦᠢᠴᠡᠳ ᠠᠰᠢᠭ᠍ᠯᠠᠨ᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠨᠥᠭᠥᠭᠡ ᠲᠠᠯ᠎ᠠ᠎ᠪᠠᠷ᠂ ᠥᠩᠭᠡᠷᠡᠭᠰᠡᠨ᠎ᠦ ᠬᠦᠨᠵᠡᠭᠡᠢᠷᠡᠬᠦᠯᠦᠨ ᠠᠬᠢᠭᠤᠯᠬᠤ ᠬᠡᠯᠪᠡᠷᠢ ᠵᠢᠨ ᠪᠣᠯᠪᠠᠰᠤᠷᠠᠯ᠎ᠤᠨ ᠰᠠᠭᠤᠷᠢᠨ ᠳᠡᠭᠡᠷ᠎ᠡ᠂ ᠮᠠᠨ᠎ᠤ ᠣᠷᠣᠨ ᠵᠡᠭᠦᠨ᠂ ᠳᠤᠮᠳᠠ᠂ ᠪᠠᠷᠠᠭᠤᠨ ᠭᠤᠷᠪᠠᠨ ᠬᠡᠰᠡᠭ ᠬᠤᠪᠢᠶᠠᠵᠤ᠂ ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ ᠵᠡᠷᠭᠡ ᠣᠷᠣᠨ᠎ᠤ ᠭᠠᠳᠠᠨᠠᠬᠢ ᠥᠨᠳᠥᠷ ᠬᠢᠷᠢ ᠲᠦᠪᠰᠢᠨ ᠪᠦᠬᠦᠢ 14 ᠪᠠᠭ᠍ᠰᠢ᠎ᠶᠢᠨ ᠳᠡᠭᠡᠳᠦ ᠰᠤᠷᠭᠠᠭᠤᠯᠢ᠎ᠶᠢ ᠵᠣᠬᠢᠶᠠᠨ ᠪᠠᠢᠭᠤᠯᠵᠤ᠂ ᠮᠠᠨ᠎ᠤ ᠣᠷᠣᠨ᠎ᠤ 6 ᠪᠠᠭ᠍ᠰᠢ᠎ᠶᠢᠨ ᠳᠡᠭᠡᠳᠦ ᠰᠤᠷᠭᠠᠭᠤᠯᠢ᠎ᠲᠠᠢ ᠬᠠᠮᠵᠢᠯᠴᠠᠨ᠂ ᠪᠠᠭ᠍ᠰᠢ ᠨᠠᠷ᠎ᠲᠤ ᠦᠷᠭᠦᠯᠵᠢᠯᠡᠨ ᠪᠣᠯᠪᠠᠰᠤᠷᠠᠯ ᠬᠦᠷᠳᠡᠬᠡᠪᠡ᠃ ᠡᠭᠦᠨ᠎ᠦ ᠬᠠᠮᠲᠤ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠪᠠᠭ᠍ᠰᠢ᠎ᠶᠢᠨ ᠡᠩᠨᠡᠭᠡ᠎ᠶᠢᠨ ᠪᠠᠢᠳᠠᠯ᠎ᠢ ᠦᠨᠳᠦᠰᠦᠯᠡᠵᠦ᠂ ᠬᠣᠲᠠ ᠬᠥᠳᠡᠭᠡ᠎ᠶᠢᠨ ᠬᠣᠭᠣᠷᠣᠨᠳᠤ᠂ ᠰᠤᠷᠭᠠᠭᠤᠯᠢ᠎ᠶᠢᠨ ᠬᠣᠭᠣᠷᠣᠨᠳᠤ᠂ ᠴᠢᠨᠠᠷ ᠰᠠᠢᠲᠠᠢ ᠡᠩ᠎ᠦᠨ ᠰᠤᠷᠭᠠᠭᠤᠯᠢ ᠬᠢᠭᠡᠳ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠬᠤᠭᠤᠷᠤᠠᠳᠤ ᠠᠵᠢᠯ ᠲᠥᠷᠥᠯ᠎ᠤᠨ ᠬᠠᠪᠰᠤᠷᠤᠯᠴᠠᠭ᠎ᠠ ᠪᠠᠢᠭᠤᠯᠬᠤ ᠪᠤᠶᠤ ᠬᠣᠯᠪᠤᠭᠠᠯᠠᠨ ᠬᠠᠪᠰᠤᠷᠤᠨ ᠲᠡᠳᠬᠦᠬᠦ ᠵᠠᠭᠪᠤᠷ᠎ᠢ ᠠᠪᠴᠤ᠂ ᠪᠠᠭ᠍ᠰᠢ ᠨᠠᠷ᠎ᠢ ᠵᠣᠬᠢᠶᠠᠨ ᠪᠠᠢᠭᠤᠯᠵᠤ ᠬᠠᠮᠲᠤ᠎ᠪᠠᠷ ᠬᠢᠴᠢᠶᠡᠯ ᠪᠡᠯᠡᠳᠬᠡᠬᠦ ᠂ ᠬᠢᠴᠢᠶᠡᠯ ᠰᠤᠳᠤᠯᠬᠤ᠂ ᠬᠢᠴᠢᠶᠡᠯ᠎ᠤᠨ ᠦᠨᠡᠯᠡᠯᠳᠡ ᠬᠢᠬᠦ ᠪᠠ ᠬᠠᠪᠰᠤᠷᠤᠯᠴᠠᠭ᠎ᠠ ᠪᠠᠢᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠪᠠᠭ᠍ᠰᠢ ᠨᠠᠷ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ ᠴᠢᠳᠠᠪᠤᠷᠢ ᠪᠠ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠪᠡ᠃

《ᠪᠢᠳᠡ ᠪᠠᠰᠠ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠨᠡᠷᠡᠲᠦ ᠪᠠᠭ᠍ᠰᠢ᠎ᠶᠢᠨ ᠠᠵᠢᠯᠯᠠᠬᠤ ᠦᠷᠦᠬᠡ ᠵᠢ ᠠᠰᠢᠭ᠍ᠯᠠᠵᠤ᠂ ᠨᠠᠷᠠᠲᠤ ᠪᠠᠭ᠍ᠰᠢ᠎ᠪᠡᠷ ᠬᠥᠲᠥᠯᠥᠨ ᠳᠠᠭᠠᠭᠤᠯᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠵᠤ᠂ ᠲᠤᠰᠬᠠᠢ ᠮᠡᠷᠭᠡᠵᠢᠯᠲᠡᠨ᠎ᠦ ᠪᠦᠯᠬᠦᠮ᠎ᠢ ᠵᠣᠬᠢᠶᠠᠨ ᠪᠠᠢᠭᠤᠯᠤᠨ ᠨᠠᠷᠢᠯᠢᠭ᠋ ᠣᠨᠣᠴᠠᠲᠠᠢ᠎ᠪᠠᠷ ᠵᠣᠯᠭᠠᠭᠤᠯᠬᠤ᠎ᠶᠢᠨ ᠬᠠᠮᠲᠤ ᠲᠣᠰ ᠭᠠᠵᠠᠷ ᠣᠷᠣᠨ᠎ᠤ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠪᠠᠭ᠍ᠰᠢ ᠨᠠᠷ᠎ᠢ ᠠᠵᠢᠯ᠎ᠤᠨ ᠦᠷᠦᠬᠡ ᠳ᠋ᠤ ᠣᠷᠣᠭᠤᠯᠤᠨ᠂ ᠬᠠᠮᠲᠤ᠎ᠪᠠᠷ ᠬᠢᠴᠢᠶᠡᠯ ᠪᠡᠯᠡᠳᠬᠡᠬᠦ ᠂ ᠵᠢᠱ᠌ᠢᠶ᠎ᠡ ᠦᠵᠡᠭᠦᠯᠦᠨ ᠬᠢᠴᠢᠶᠡᠯ ᠵᠢᠭᠠᠬᠤ᠂ ᠠᠳᠠᠯᠢ ᠬᠢᠴᠢᠶᠡᠯ᠎ᠢ ᠠᠳᠠᠯᠢ ᠪᠤᠰᠤ ᠠᠷᠭ᠎ᠠ ᠪᠡᠷ ᠵᠢᠭᠠᠬᠤ᠂ ᠮᠠᠳᠠᠭ᠎ᠲᠠᠢ ᠠᠰᠠᠭᠤᠳᠠᠯ᠎ᠢ ᠤᠨᠤᠰᠢᠯᠠᠨ ᠬᠠᠷᠢᠭᠤᠯᠬᠤ ᠵᠡᠷᠭᠡ ᠵᠢᠭᠠᠨ ᠰᠤᠷᠭᠠᠯᠲᠠ᠎ᠶᠢᠨ ᠠᠵᠢᠯᠯᠠᠭ᠎ᠠ᠎ᠶᠢ ᠥᠷᠨᠢᠭᠦᠯᠬᠦ᠎ᠪᠡᠷ ᠳᠠᠮᠵᠢᠭᠤᠯᠤᠨ᠂ ᠨᠠᠩ ᠣᠯᠠᠨ ᠪᠠᠭ᠍ᠰᠢ ᠨᠠᠷ᠎ᠤᠨ ᠰᠢᠨ᠎ᠡ ᠵᠢᠭᠠᠬᠤ ᠮᠠᠲᠧᠷᠢᠶᠠᠯ᠎ᠢ ᠰᠠᠢᠲᠤᠷ ᠬᠡᠷᠡᠭᠯᠡᠵᠦ᠂ ᠰᠢᠨ᠎ᠡ ᠵᠢᠭᠠᠬᠤ ᠠᠷᠭ᠎ᠠ᠎ᠶᠢ ᠰᠠᠢᠳᠤᠷ ᠡᠵᠡᠮᠰᠢᠬᠦ ᠵᠢ ᠬᠦᠳᠦᠯᠦᠨ ᠵᠢᠯᠤᠭᠤᠳᠪᠠ᠃ ᠡᠭᠦᠨ᠎ᠡᠴᠡ ᠭᠠᠳᠠᠨ᠎ᠠ᠂ ᠠᠢᠮᠠᠭ ᠬᠣᠲᠠ᠂ ᠬᠤᠰᠢᠭᠤ ᠰᠢᠶᠠᠨ᠎ᠤ ᠬᠡᠪᠴᠢᠶ᠎ᠡ᠎ᠪᠡᠷ ᠭᠣᠣᠯ ᠪᠣᠯᠭᠠᠭᠰᠠᠨ ᠪᠠᠭ᠍ᠰᠢ᠎ᠨᠠᠷ᠎ᠤᠨ ᠰᠤᠷᠭᠠᠨ ᠬᠥᠮᠦᠵᠢᠯ᠎ᠢ ᠳᠡᠮᠵᠢᠬᠦ ᠬᠠᠪᠰᠤᠷᠤᠨ ᠲᠡᠳᠬᠦᠬᠦ ᠲᠥᠯᠥᠪᠯᠡᠭᠡ᠎ᠶᠢ ᠥᠷᠨᠢᠭᠦᠯᠵᠦ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠪᠠᠭ᠍ᠰᠢ᠎ᠶᠢᠨ ᠣᠳᠣᠬᠢ ᠪᠠᠢᠳᠠᠯ ᠵᠢᠴᠢ ᠵᠢᠭᠠᠨ ᠰᠤᠷᠭᠠᠯᠲᠠ᠎ᠶᠢᠨ ᠠᠵᠢᠯ᠎ᠤᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠣᠨ ᠪᠠ ᠬᠢᠴᠢᠶᠡᠯ ᠲᠥᠷᠥᠯ ᠬᠤᠪᠢᠶᠠᠨ ᠰᠤᠷᠭᠠᠨ ᠬᠥᠮᠦᠵᠢᠯ᠎ᠢ ᠳᠡᠮᠵᠢᠬᠦ ᠬᠡᠪᠴᠢᠶ᠎ᠡ᠎ᠶᠢ ᠵᠣᠬᠢᠰᠲᠠᠢ ᠲᠥᠯᠥᠪᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶᠢᠨ ᠪᠠᠭ᠍ᠰᠢ᠎ᠶᠢᠨ ᠡᠩᠨᠡᠭᠡ᠎ᠶᠢ ᠪᠠᠢᠭᠤᠯᠤᠨ ᠬᠦᠴᠦᠷᠬᠡᠭᠵᠢᠭᠦᠯᠵᠦ ᠪᠠᠢᠨ᠎ᠠ 》 ᠭᠡᠵᠦ ᠸᠠᠩ ᠵᠢᠶᠦ᠋ᠨ ᠸᠧᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面