ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-09-03 10:36:11

ᠵᠣᠬᠢᠶᠠᠭ᠍ᠴᠢ᠄ ᠯᠢᠦ ᡁᠢ ᠱᠢᠶᠠᠨ ᠱᠠᠨ ᠠᠶ ᠮᠢᠨ ᠣᠩᠱᠢᠭ᠍ᠰᠠᠨ ᠣᠳᠠᠭ᠎ᠠ᠄ 3

ᠡᠨᠡ ᠵᠢᠯ ᠤ᠋ᠨ 4 ᠰᠠᠷ᠎ᠠ ᠢ᠋ᠢᠨ ᠰᠡᠭᠦᠯᠴᠢ᠎ᠳ᠋ᠤ᠂ ᠥᠪᠡᠷᠲᠡᠭᠡᠨ ᠵᠠᠰᠠᠬᠤ ᠣᠷᠣᠨ ᠤ᠋ ᠮᠤᠷᠠᠯ ᠰᠤᠷᠲᠠᠬᠤᠨ ᠬᠢᠭᠡᠳ ᠬᠠᠤᠯᠢ ᠪᠡᠷ ᠵᠠᠰᠠᠬᠤᠢ᠂ ᠬᠡᠯᠡ ᠪᠢᠴᠢᠭ᠂ ᠲᠡᠦᠬᠡ ᠢ᠋ᠢᠨ ᠬᠢᠴᠢᠶᠡᠯ ᠲᠥᠷᠥᠯ ᠤ᠋ᠨ 300 ᠭᠠᠷᠤᠢ 《ᠵᠢᠱ᠌ᠢᠶ᠎ᠡ ᠦᠵᠡᠭᠦᠯᠬᠦ᠌ ᠴᠢᠨᠠᠷᠲᠠᠶ ᠭᠤᠤᠯᠯᠠᠭᠴᠢ ᠪᠡᠭ᠍ᠰᠢ》 ᠬᠠᠩᠵᠧᠦ᠍ ᠳ᠋ᠤ ᠬᠦᠷᠴᠦ᠍ ᠰᠤᠷᠤᠯᠴᠠᠵᠤ ᠲᠠᠭᠤᠰᠬᠤ ᠢ᠋ᠢ ᠳᠠᠭᠠᠯᠳᠤᠨ᠂ ᠭᠤᠷᠪᠠᠨ ᠵᠢᠯ ᠱᠢᠬᠠᠮ ᠶᠠᠪᠤᠭ᠍ᠳᠠᠭ᠍ᠰᠠᠨ ᠥᠪᠡᠷᠲᠡᠭᠡᠨ ᠵᠠᠰᠠᠬᠤ ᠣᠷᠣᠨ ᠤ᠋ 《ᠵᠢᠱ᠌ᠢᠶ᠎ᠡ ᠦᠵᠡᠭᠦᠯᠬᠦ᠌ ᠴᠢᠨᠠᠷᠲᠠᠶ ᠭᠤᠤᠯᠯᠠᠭᠴᠢ ᠪᠡᠭ᠍ᠰᠢ》 ᠢ᠋ᠢᠨ ᠪᠤᠯᠪᠠᠰᠤᠷᠠᠯ ᠤ᠋ᠨ ᠲᠥᠷᠥᠯ ᠵᠦᠶ᠋ᠯ ᠲᠡᠭᠦᠰ ᠠᠮᠵᠢᠯᠲᠠ ᠲᠠᠢ ᠲᠡᠬᠦᠰᠪᠡ᠃

2020 ᠣᠨ ᠤ᠋ 12 ᠰᠠᠷ᠎ᠠ ᠳ᠋ᠤ᠂ ᠭᠤᠤᠯᠯᠠᠭ᠍ᠴᠢ ᠪᠡᠭ᠍ᠰᠢ ᠪᠡᠷ ᠬᠥᠲᠥᠯᠥᠨ ᠳᠠᠭᠠᠭᠤᠯᠵᠤ ᠵᠢᠱ᠌ᠢᠶ᠎ᠡ ᠦᠵᠡᠭᠦᠯᠬᠦ᠌ ᠦᠶ᠋ᠯᠡᠳᠦᠯ ᠢ᠋ ᠭᠦᠶ᠋ᠴᠡᠳ ᠪᠡᠳᠠᠷᠠᠭᠤᠯᠵᠤ᠂ ᠦᠨᠳᠦᠰᠦᠲᠡᠨ᠎ᠦ ᠬᠡᠯᠡ ᠪᠡᠷ ᠬᠢᠴᠢᠶᠡᠯᠯᠡᠵᠤ ᠪᠡᠢᠭ᠎ᠠ ᠰᠤᠷᠭᠠᠭᠤᠯᠢ ᠢ᠋ᠢᠨ ᠵᠢᠭᠠᠨ ᠰᠤᠷᠭᠠᠯᠲᠠ ᠢ᠋ᠢᠨ ᠲᠦᠪᠱᠢᠨ ᠢ᠋ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠬᠦ᠌ ᠢ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠡᠴᠡ ᠪᠥᠬᠥ᠌ ᠣᠷᠣᠨ ᠤ᠋ ᠤᠤᠯ ᠤ᠋ᠨ ᠦᠨᠳᠦᠰᠦᠲᠡᠨ᠎ᠦ ᠬᠡᠯᠡ ᠪᠡᠷ ᠬᠢᠴᠢᠶᠡᠯᠯᠡᠵᠤ ᠪᠠᠢᠬᠰᠠᠨ 5000 ᠱᠢᠬᠠᠮ ᠪᠡᠭ᠍ᠰᠢ ᠨᠠᠷ᠎ᠠᠴᠠ 300 ᠭᠠᠷᠤᠶ ᠭᠤᠤᠯᠯᠠᠭᠴᠢ ᠪᠡᠭ᠍ᠰᠢ ᠢ᠋ᠢ ᠱᠢᠯᠢᠨ ᠰᠣᠩᠭᠣᠵᠤ᠂ 《ᠵᠢᠱ᠌ᠢᠶ᠎ᠡ ᠦᠵᠡᠭᠦᠯᠬᠦ᠌ ᠴᠢᠨᠠᠷᠲᠠᠶ ᠭᠤᠤᠯᠯᠠᠭᠴᠢ ᠪᠡᠭ᠍ᠰᠢ》 ᠢ᠋ᠢᠨ ᠪᠣᠯᠪᠠᠰᠤᠷᠠᠯ ᠢ᠋ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ᠋ ᠵᠢᠭᠠᠬᠤ ᠢ᠋ᠢ ᠰᠤᠳᠤᠯᠬᠤ ᠲᠠᠰᠤᠭ ᠨᠢ ᠠᠷᠠᠳ ᠤ᠋ᠨ ᠰᠤᠷᠭᠠᠨ ᠬᠥᠮᠦᠵᠢᠯ ᠤ᠋ᠨ ᠬᠡᠪᠯᠡᠯ ᠤ᠋ᠨ ᠬᠣᠷᠢᠶ᠎ᠠ ᠵᠡᠷᠭᠡ ᠰᠠᠯᠠᠭ᠎ᠠ ᠮᠥᠴᠢᠷ ᠤ᠋ᠨ ᠲᠤᠰᠭᠠᠶ ᠮᠡᠷᠭᠡᠵᠢᠯᠲᠡᠨ᠎ᠲᠡᠶ ᠬᠠᠮᠲᠤᠷᠠᠨ᠂ ᠪᠤᠯᠪᠠᠰᠤᠷᠠᠯ ᠤ᠋ᠨ ᠬᠡᠷᠡᠭ᠌ᠵᠢᠭᠦᠯᠬᠦ᠌ ᠲᠥᠰᠦᠯ ᠢ᠋ ᠨᠠᠷᠢᠨ ᠨᠢᠮᠪᠠᠶ ᠲᠣᠭ᠍ᠲᠠᠭᠠᠵᠤ᠂ ᠪᠤᠯᠪᠠᠰᠤᠷᠠᠯ ᠤ᠋ᠨ ᠪᠣᠳᠠᠲᠤ ᠦᠷ᠎ᠡ ᠪᠦᠲᠦᠮᠵᠢ ᠢ᠋ᠢ ᠦᠨᠡᠨ ᠬᠦ᠌ ᠪᠡᠲᠤᠯᠠᠪᠠ ᠃

ᠬᠣᠶᠠᠷ ᠵᠢᠯ ᠤ᠋ᠨ ᠲᠤᠷᠰᠢ᠂ ᠡᠪᠦᠯ ᠵᠣᠨ ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠲᠥᠪᠯᠡᠷᠡᠭ᠌ᠰᠡᠨ ᠲᠤᠰᠭᠠᠶ ᠮᠡᠷᠭᠡᠵᠢᠯ ᠤ᠋ᠨ ᠬᠢᠴᠢᠶᠡᠯ ᠤᠷᠤᠬᠤ᠂ ᠰᠦᠯᠵᠢᠶᠡᠨ ᠳᠡᠭᠡᠷ᠎ᠡ ᠲᠣᠭ᠍ᠲᠠᠮᠠᠯ ᠪᠤᠰᠤ ᠬᠤᠭᠤᠴᠠᠭ᠎ᠠ ᠲᠠᠢ ᠣᠯᠠᠨ ᠶᠠᠩᠵᠤ ᠢ᠋ᠢᠨ ᠲᠤᠰᠭᠠᠶ ᠰᠡᠳᠦᠪ ᠢ᠋ᠢᠡᠷ ᠰᠤᠳᠤᠯᠤᠨ ᠰᠤᠷᠤᠯᠴᠠᠬᠤ᠂ ᠠᠵᠢᠯᠯᠠᠬᠤ ᠢ᠋ᠢᠨ ᠵᠡᠷᠭᠡ ᠰᠤᠷᠤᠯᠴᠠᠬᠤ᠂ ᠦᠶ᠋ᠯᠡᠳᠦᠯᠭᠡ ᠪᠡᠷ ᠠᠵᠢᠯᠯᠠᠭᠤᠯᠬᠤ᠂ ᠰᠤᠳᠤᠯᠤᠨ ᠶᠠᠷᠢᠯᠴᠠᠵᠤ ᠰᠤᠯᠢᠯᠴᠠᠬᠤ ᠵᠡᠷᠭᠡ ᠥᠨᠳᠥᠷ ᠲᠦᠪᠱᠢᠨ᠂ ᠦᠷᠭᠡᠨ ᠬᠠᠷᠠᠭᠠᠰᠤ᠂ ᠪᠥᠬᠥ᠌ ᠲᠠᠯ᠎ᠠ ᠢ᠋ᠢᠨ ᠪᠤᠯᠪᠠᠰᠤᠷᠠᠯ ᠥᠷᠨᠢᠭᠦᠯᠬᠦ᠌ ᠵᠢᠴᠢ ᠰᠤᠷᠤᠭ᠍ᠴᠢᠳ᠎ᠲᠤ ᠰᠦᠶ᠋ᠳᠭᠡᠯ ᠬᠤᠷᠢᠶᠠᠬᠤ ᠥᠬᠡᠶ ᠪᠡᠷ ᠪᠥᠬᠥ᠌ ᠬᠢᠴᠢᠶᠡᠯ ᠤ᠋ᠨ ᠬᠡᠰᠡᠭ ᠤ᠋ᠨ ᠴᠠᠭᠠᠰᠤᠨ ᠮᠠᠲ᠋ᠧᠷᠢᠶᠠᠯ ᠪᠡ ᠰᠦᠯᠵᠢᠶᠡᠨ ᠳᠡᠭᠡᠷᠡᠬᠢ ᠪᠤᠯᠪᠠᠰᠤᠷᠠᠯ ᠤ᠋ᠨ ᠡᠬᠢ ᠪᠡᠶᠠᠯᠢᠭ ᠵᠡᠷᠭᠡ ᠢ᠋ᠢ ᠬᠠᠩᠭᠠᠬᠤ᠎ᠪᠠᠷ ᠳᠠᠮᠵᠢᠭᠤᠯᠤᠨ᠂ ᠲᠥᠷᠥᠯ ᠵᠦᠶ᠋ᠯ ᠳ᠋ᠤ ᠬᠠᠨᠳᠤᠯᠭᠠᠲᠤ ᠴᠢᠨᠠᠷᠲᠠᠶ᠎ᠪᠠᠷ ᠭᠤᠤᠯᠯᠠᠭᠴᠢ ᠪᠡᠭ᠍ᠰᠢ ᠢ᠋ᠢ ᠵᠢᠯᠤᠭᠤᠳᠤᠨ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠨᠠᠩ ᠰᠠᠢᠲᠤᠷ ᠤᠢᠯᠠᠭᠠᠭᠤᠯᠤᠨ ᠬᠡᠷᠡᠭᠯᠡᠬᠦᠯᠪᠡ᠃ ᠡᠭᠦᠨ᠎ᠦ ᠬᠠᠮᠲᠤ᠂ ᠪᠤᠯᠪᠠᠰᠤᠷᠠᠯ ᠳ᠋ᠤ 《ᠠᠵᠢᠯᠯᠠᠬᠤ ᠲᠤᠮᠳᠠ ᠰᠤᠷᠤᠯᠴᠠᠬᠤ᠂ ᠰᠤᠷᠤᠯᠴᠠᠬᠤ ᠳᠤᠮᠳᠠ ᠠᠵᠢᠯᠯᠠᠬᠤ》 ᠢ᠋ᠢ ᠪᠡᠷᠢᠮᠲᠠᠯᠠᠨ᠂ ᠪᠠᠭ᠍ᠰᠢ᠎ᠨᠠᠷ ᠪᠤᠯᠪᠠᠰᠤᠷᠠᠯ ᠰᠤᠷᠤᠯᠴᠠᠯᠭ᠎ᠠ ᠢ᠋ᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ᠋ ᠬᠠᠮᠲᠤ ᠪᠡᠷ ᠬᠢᠴᠢᠶᠡᠯ ᠪᠡᠯᠡᠳᠭᠡᠬᠦ᠌ ᠦᠵᠡᠬᠦᠯᠬᠡ᠂ ᠬᠢᠴᠢᠶᠡᠯ ᠤ᠋ᠨ ᠡᠬᠢ ᠪᠡᠶᠠᠯᠢᠭ ᠤ᠋ᠨ ᠪᠡᠢᠭᠤᠯᠤᠯᠲᠠ᠂ ᠵᠢᠭᠠᠨ ᠰᠤᠷᠭᠠᠯᠲᠠ ᠢ᠋ᠢᠨ ᠬᠠᠪᠰᠤᠷᠤᠮᠵᠢ ᠮᠠᠲ᠋ᠧᠷᠢᠶᠠᠯ ᠢ᠋ ᠰᠣᠩᠭᠣᠨ ᠨᠠᠢᠷᠠᠭᠤᠯᠬᠤ ᠵᠡᠷᠭᠡ ᠠᠵᠢᠯ ᠳ᠋ᠤ ᠢᠳᠡᠪᠬᠢᠲᠡᠶ ᠣᠷᠣᠯᠴᠠᠵᠤ᠂ ᠪᠤᠯᠪᠠᠰᠤᠷᠠᠯ ᠭᠥᠷᠳᠡᠭ᠌ᠰᠡᠨ ᠪᠡᠭ᠍ᠰᠢ᠎ᠨᠠᠷ ᠢ᠋ 《ᠭᠤᠤᠯᠯᠠᠭᠴᠢ ᠬᠦᠴᠦᠨ》 《ᠭᠤᠤᠯ ᠲᠤᠯᠭᠠᠭᠤᠷᠢ》 ᠪᠤᠯᠭᠠᠪᠠ᠃ ᠥᠪᠡᠷᠲᠡᠭᠡᠨ ᠵᠠᠰᠠᠬᠤ ᠣᠷᠣᠨ ᠤ᠋ ᠵᠢᠭᠠᠬᠤ ᠢ᠋ᠢ ᠰᠤᠳᠤᠯᠬᠤ ᠲᠠᠰᠤᠭ ᠪᠡᠰᠠ ᠭᠤᠤᠯᠯᠠᠭᠴᠢ ᠪᠡᠭ᠍ᠰᠢ ᠨᠠᠷ ᠢ᠋ ᠵᠣᠬᠢᠶᠠᠨ ᠪᠡᠢᠭᠤᠯᠵᠤ ᠵᠢᠭᠠᠨ ᠰᠤᠷᠭᠠᠯᠲᠠ ᠢ᠋ᠢᠨ ᠲᠤᠰᠭᠠᠶ ᠰᠡᠳᠦᠪ ᠢ᠋ ᠭᠤᠶᠤᠴᠢᠯᠠᠨ ᠮᠡᠳᠡᠭᠦᠯᠵᠦ᠍ ᠰᠡᠳᠦᠪ ᠲᠣᠭ᠍ᠲᠠᠭᠠᠬᠤ ᠠᠵᠢᠯ ᠢ᠋ ᠥᠷᠨᠢᠭᠦᠯᠪᠡ᠂ ᠪᠦᠷᠢᠳᠭᠡᠯ ᠢ᠋ ᠦᠨᠳᠦᠰᠦᠯᠡᠪᠡᠯ᠂ ᠬᠣᠶᠠᠷ ᠵᠢᠯ ᠤ᠋ᠨ ᠲᠤᠷᠰᠢ᠂ ᠨᠡᠢᠲᠡ 88 ᠵᠦᠶ᠋ᠯ ᠤ᠋ᠨ ᠰᠡᠳᠦᠪ ᠢ᠋ ᠰᠡᠳᠦᠪ ᠲᠣᠭ᠍ᠲᠠᠭᠠᠵᠤ᠂ ᠵᠣᠩᠬᠢᠯᠠᠬᠤ ᠣᠯᠠᠨ ᠲᠣᠭᠠᠨ ᠤ᠋ ᠭᠤᠤᠯᠯᠠᠭᠴᠢ ᠪᠡᠭ᠍ᠰᠢ ᠢ᠋ᠢ ᠤᠷᠤᠯᠴᠠᠭᠤᠯᠤᠭᠰᠠᠨ ᠪᠥᠭᠡᠳ 1600 ᠱᠢᠬᠠᠮ ᠪᠡᠭ᠍ᠰᠢ ᠢ᠋ᠢ ᠳᠠᠢᠴᠢᠯᠠᠨ ᠰᠡᠳᠦᠪ ᠤ᠋ᠨ ᠪᠦᠯᠬᠦᠮ ᠳ᠋ᠤ ᠣᠷᠣᠯᠴᠠᠭᠤᠯᠵᠠᠶ᠃

《 ᠬᠣᠶᠠᠷ ᠵᠢᠯ ᠭᠠᠷᠤᠶ ᠢ᠋ᠢᠨ ᠪᠤᠯᠪᠠᠰᠤᠷᠠᠯ ᠨᠢ ᠪᠥᠬᠥ᠌ ᠣᠷᠣᠨ ᠤ᠋ 12 ᠠᠢᠮᠠᠭ ᠬᠣᠲᠠ ᠢ᠋ᠢᠨ 300 ᠭᠠᠷᠤᠶ ᠭᠤᠤᠯᠯᠠᠭᠴᠢ ᠪᠡᠭ᠍ᠰᠢ ᠢ᠋ᠢᠨ ᠦᠵᠡᠯ ᠰᠠᠨᠠᠭᠠᠨ ᠤ᠋ ᠠᠵᠢᠯᠯᠠᠭ᠎ᠠ ᠢ᠋ᠢ ᠤᠯᠠᠮ ᠨᠢᠭᠡ ᠠᠯᠬᠤᠮ ᠨᠢᠭᠡᠳᠭᠡᠵᠦ᠍᠂ ᠤᠯᠤᠰ ᠲᠥᠷᠥ ᠢ᠋ᠢᠨ ᠵᠣᠭ᠍ᠰᠣᠴᠠ ᠢ᠋ᠢ ᠳᠡᠭᠡᠭ᠌ᠰᠢᠯᠡᠭᠦᠯᠦᠨ᠂ ᠱᠢᠨ᠎ᠡ ᠬᠢᠴᠢᠶᠡᠯ ᠤ᠋ᠨ ᠥᠭᠡᠷᠡᠴᠢᠯᠡᠯᠲᠡ ᠢ᠋ᠢᠨ ᠣᠢᠯᠠᠭᠠᠭ᠍ᠳᠠᠬᠤᠨ ᠪᠡ ᠴᠢᠭ᠌ᠯᠡᠯ ᠢ᠋ ᠲᠣᠳᠣᠷᠬᠠᠢᠯᠠᠵᠤ᠂ ᠲᠤᠰᠭᠠᠶ ᠮᠡᠷᠭᠡᠵᠢᠯ ᠤ᠋ᠨ ᠬᠡᠪ ᠪᠣᠯᠪᠠᠰᠤᠷᠠᠯ ᠪᠡ ᠰᠤᠷᠭᠠᠨ ᠬᠥᠮᠦᠵᠢᠯ ᠵᠢᠭᠠᠨ ᠰᠤᠷᠭᠠᠯᠲᠠ ᠢ᠋ᠢᠨ ᠴᠢᠳᠠᠪᠤᠷᠢ ᠳ᠋ᠤ ᠴᠢᠨᠠᠷ ᠤ᠋ᠨ ᠦᠰᠦᠷᠦᠯᠲᠡ ᠲᠠᠢ ᠪᠤᠯᠵᠡᠢ᠃ ᠣᠳᠣᠬᠠᠨ ᠳ᠋ᠤ ᠡᠲᠡᠭᠡᠷ ᠪᠡᠭ᠍ᠰᠢ᠎ᠨᠠᠷ ᠨᠢᠭᠡᠨᠲᠡ ᠰᠤᠷᠭᠠᠭᠤᠯᠢ ᠢ᠋ᠢᠨ ᠵᠢᠭᠠᠨ ᠰᠤᠷᠭᠠᠯᠲᠠ ᠢ᠋ᠢᠨ ᠭᠤᠤᠯᠯᠠᠭ᠍ᠴᠢ ᠬᠦᠴᠦᠨ ᠪᠣᠯᠵᠣ᠂ ᠪᠥᠬᠥ᠌ ᠣᠷᠣᠨ ᠳ᠋ᠤ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ᠍ ᠪᠡᠢᠨ᠎ᠠ》 ᠬᠡᠵᠤ ᠥᠪᠡᠷᠲᠡᠭᠡᠨ ᠵᠠᠰᠠᠬᠤ ᠣᠷᠣᠨ ᠤ᠋ ᠵᠢᠭᠠᠬᠤ ᠢ᠋ᠢ ᠰᠤᠳᠤᠯᠬᠤ ᠲᠠᠰᠤᠭ ᠤ᠋ᠨ ᠳᠡᠳ᠋ ᠡᠷᠬᠢᠯᠡᠭ᠌ᠴᠢ ᠵᠤᠤ ᠪᠢᠨ ᠱᠢᠨ ᠬᠡᠯᠡᠯ᠎ᠠ᠃

《 ᠲᠠᠪᠰᠢᠭᠰᠠᠨ ᠭᠠᠵᠠᠷ ᠣᠷᠣᠨ ᠳ᠋ᠤ ᠪᠣᠯᠪᠠᠰᠤᠷᠠᠯ ᠳ᠋ᠤ ᠤᠷᠤᠯᠴᠠᠬᠤ ᠪᠡᠷ ᠳᠡᠮᠵᠢᠨ᠂ ᠪᠢ ᠬᠠᠷᠠᠭ᠎ᠠ ᠪᠡᠨ ᠨᠠᠩ ᠥᠷᠭᠡᠳᠭᠡᠵᠦ᠍᠂ ᠵᠢᠭᠠᠨ ᠰᠤᠷᠭᠠᠬᠤ ᠴᠢᠳᠠᠪᠤᠷᠢ ᠪᠡᠨ ᠨᠡᠮᠡᠭ᠌ᠳᠡᠭᠦᠯᠵᠦ᠍᠂ ᠰᠡᠳᠭᠢᠬᠦᠶ ᠢ᠋ᠢᠨ ᠦᠷᠭᠡᠴᠡ ᠪᠡᠨ ᠤᠯᠠᠮ ᠨᠢᠭᠡ ᠠᠯᠬᠤᠮ ᠳᠡᠭᠡᠭ᠌ᠰᠢᠯᠡᠭᠦᠯᠪᠡ》 ᠬᠡᠵᠤ ᠡᠨᠡ ᠵᠢᠯ ᠤ᠋ᠨ 4 ᠰᠠᠷ᠎ᠠ ᠳ᠋ᠤ ᠬᠠᠩᠵᠧᠦ᠍ ᠢ᠋ᠢᠨ ᠬᠣᠶᠠᠷ ᠳᠤᠮᠳᠠᠳᠤ ᠰᠤᠷᠭᠠᠭᠤᠯᠢ᠎ᠳ᠋ᠤ ᠬᠦᠷᠴᠤ ᠪᠣᠯᠪᠠᠰᠤᠷᠠᠯ ᠳ᠋ᠤ ᠣᠷᠣᠯᠴᠠᠭ᠍ᠰᠠᠨ ᠲᠦᠩᠯᠢᠶᠣᠤ ᠬᠤᠳᠠ ᠢ᠋ᠢᠨ ᠨᠠᠢ᠍ᠮᠠᠨ ᠬᠣᠱᠢᠭᠤᠨ ᠤ᠋ ᠵᠢᠭᠠᠬᠤ᠎ᠵᠢ ᠰᠤᠳᠤᠯᠬᠤ ᠲᠠᠰᠤᠭ ᠤ᠋ᠨ ᠱᠢᠶᠧ ᠬᠠᠢ ᠷᠦᠩ ᠥᠪᠡᠷ ᠤ᠋ᠨ ᠰᠤᠷᠴᠤ ᠡᠵᠡᠮᠰᠢᠭᠰᠡᠨ ᠵᠦᠢᠯᠡᠰ ᠢ᠋ᠢᠡᠨ ᠬᠤᠪᠢᠶᠠᠯᠴᠠᠨ᠎ᠠ ᠃

ᠲᠦᠩᠯᠢᠶᠣᠤ ᠬᠤᠳᠠ ᠢ᠋ᠢᠨ ᠨᠠᠢ᠍ᠮᠠᠨ ᠬᠣᠱᠢᠭᠤᠨ ᠤ᠋ ᠪᠡᠢ᠌ᠱᠢᠩᠲᠦ ᠮᠣᠩᠭᠣᠯ ᠦᠨᠳᠦᠰᠦᠲᠡᠨ᠎ᠦ ᠰᠤᠷᠭᠠᠭᠤᠯᠢ ᠢ᠋ᠢᠨ ᠪᠡᠭ᠍ᠰᠢ ᠲᠢᠶ᠍ᠸ ᠯᠦᠩ ᠄ 《 ᠵᠠᠯᠠᠭᠤ ᠪᠡᠭ᠍ᠰᠢ ᠪᠣᠯᠤᠭ᠍ᠰᠠᠨ ᠤ᠋ ᠬᠤᠪᠢ ᠳ᠋ᠤ᠂ ᠪᠣᠯᠪᠠᠰᠤᠷᠠᠯ ᠢ᠋ᠢᠡᠷ ᠳᠠᠮᠵᠢᠨ᠂ ᠪᠢ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠲᠤᠬᠠᠢ ᠣᠢᠯᠠᠭᠠᠯᠲᠠ ᠪᠡ ᠡᠵᠡᠮᠱᠢᠯ ᠢ᠋ᠢᠡᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠵᠢᠭᠠᠨ ᠰᠤᠷᠭᠠᠯᠲᠠ ᠢ᠋ᠢᠨ ᠣᠢᠯᠠᠭᠠᠭ᠍ᠳᠠᠬᠤᠨ ᠪᠡ ᠠᠷᠭ᠎ᠠ ᠪᠡᠨ ᠱᠢᠨᠡᠴᠢᠯᠡᠵᠡᠢ᠃ ᠬᠣᠢᠱᠢᠳᠠ ᠪᠢ ᠲᠠᠰᠤᠷᠠᠯᠲᠠ ᠥᠬᠡᠶ ᠰᠤᠷᠤᠯᠴᠠᠵᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠪᠡ ᠵᠢᠭᠠᠨ ᠰᠤᠷᠭᠠᠯᠲᠠ ᠢ᠋ᠢ ᠤᠶᠠᠯᠳᠤᠭᠤᠯᠤᠨ᠂ ᠰᠤᠷᠤᠯᠴᠠᠬᠤ ᠮᠠᠶᠢᠭ ᠤ᠋ᠨ᠂ ᠬᠠᠢᠨ ᠰᠦᠪᠡᠭ᠌ᠴᠢᠯᠡᠬᠦ᠌ ᠮᠠᠶᠢᠭ ᠤ᠋ᠨ ᠪᠡᠭ᠍ᠰᠢ ᠪᠣᠯᠵᠣ᠂ ᠭᠤᠤᠯᠯᠠᠭᠴᠢ ᠪᠡᠭ᠍ᠰᠢ ᠢ᠋ᠢᠨ ᠵᠢᠱ᠌ᠢᠶ᠎ᠡ ᠦᠵᠡᠭᠦᠯᠦᠨ ᠳᠠᠢᠴᠢᠯᠠᠬᠤ ᠦᠶ᠋ᠯᠡᠳᠦᠯ ᠢ᠋ ᠦᠨᠡᠨ ᠬᠦ᠌ ᠪᠡᠳᠠᠷᠠᠭᠤᠯᠤᠨ᠎ᠠ》 ᠬᠡᠯ᠎ᠠ᠃

《ᠭᠤᠤᠯᠯᠠᠭᠴᠢ ᠪᠡᠭ᠍ᠰᠢ ᠢ᠋ᠢᠨ ᠪᠤᠯᠪᠠᠰᠤᠷᠠᠯ ᠨᠢ ᠨᠠᠮᠠᠶ᠋ᠢ ᠢ᠋ᠢ ᠱᠢᠨ᠎ᠡ ᠲᠠᠪᠴᠠᠩ ᠡᠴᠡ ᠥᠪᠡᠷ ᠤ᠋ᠨ ᠵᠢᠭᠠᠨ ᠰᠤᠷᠭᠠᠯᠲᠠ ᠲᠡᠭᠡᠷ᠎ᠠ ᠪᠡᠨ ᠬᠢᠨᠡᠯᠳᠡ ᠲᠠᠯᠪᠢᠭᠤᠯᠵᠤ᠂ ᠬᠣᠢᠱᠢᠳᠠ ᠢ᠋ᠢᠨ ᠵᠢᠭᠠᠨ ᠰᠤᠷᠭᠠᠯᠲᠠ ᠢ᠋ᠢᠨ ᠠᠵᠢᠯ ᠳ᠋ᠤ ᠲᠣᠳᠣᠷᠬᠠᠶ ᠴᠢᠭ᠌ᠯᠡᠯ᠎ᠲᠡᠶ ᠪᠣᠯᠭᠠᠪᠠ᠃ ᠪᠢ ᠭᠤᠤᠯᠯᠠᠭᠴᠢ ᠪᠠᠭ᠍ᠰᠢ ᠢ᠋ᠢᠨ ᠨᠠᠮ ᠤ᠋ᠨ ᠦᠨᠳᠦᠰᠦᠲᠡᠨ᠎ᠦ ᠤᠨᠤᠯ ᠲᠦᠷᠦ᠍ ᠢ᠋ᠢᠨ ᠪᠤᠳᠤᠯᠭ᠎ᠠ ᠢ᠋ᠢᠨ ᠤᠬᠠᠭᠤᠯᠤᠭ᠍ᠴᠢ᠂ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ ᠤ᠋ᠨ ᠬᠡᠷᠡᠭ᠌ᠯᠡᠭᠡᠨ᠎ᠦ ᠪᠤᠯᠪᠠᠰᠤᠷᠠᠯ ᠬᠦᠷᠲᠡᠭᠡᠭᠴᠢ᠂ ᠬᠢᠴᠢᠶᠡᠯ ᠤ᠋ᠨ ᠥᠭᠡᠷᠡᠴᠢᠯᠡᠯᠲᠡ ᠢ᠋ᠢ ᠠᠬᠢᠭᠤᠯᠬᠤ ᠵᠢᠯᠤᠭᠤᠳᠤᠭ᠍ᠴᠢ ᠪᠤᠯᠵᠤ᠂ ᠬᠠᠮᠲᠤ ᠠᠵᠢᠯᠯᠠᠭ᠍ᠰᠠᠳ ᠲᠠᠢ ᠪᠡᠨ ᠬᠠᠮᠲᠤ᠎ᠪᠠᠷ ᠦᠰᠦᠨ ᠪᠣᠢᠵᠢᠵᠤ ᠤᠷᠤᠭ᠍ᠰᠢᠯᠠᠨ ᠳᠠᠪᠱᠢᠨ᠎ᠠ 》 ᠬᠡᠵᠤ ᠱᠢᠯᠢ ᠢ᠋ᠢᠨ ᠭᠤᠤᠯ ᠠᠢᠮᠠᠭ ᠤ᠋ᠨ ᠵᠡᠭᠦᠨ ᠦᠵᠦᠮᠦᠴᠢᠨ ᠬᠣᠱᠢᠭᠤᠨ ᠤ᠋ ᠮᠣᠩᠭᠣᠯ ᠳᠤᠮᠳᠠᠳᠤ ᠰᠤᠷᠭᠠᠭᠤᠯᠢ ᠢ᠋ᠢᠨ ᠪᠡᠭ᠍ᠰᠢ ᠪᠦᠦ ᠮᠧᠶ ᠬᠤᠸᠠ ᠶᠠᠷᠢᠯ᠎ᠠ᠃

ᠤᠢᠯᠠᠭᠠᠭᠰᠠᠨ ᠢ᠋ᠢᠡᠷ᠂ ᠡᠨᠡ ᠵᠢᠯ ᠤ᠋ᠨ ᠰᠡᠬᠦᠯᠴᠢ ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ ᠤ᠋ ᠵᠢᠭᠠᠬᠤ ᠢ᠋ᠢ ᠰᠤᠳᠤᠯᠬᠤ ᠲᠠᠰᠤᠭ ᠤ᠋ᠨ ᠬᠢᠨ ᠪᠡᠰᠠ ᠭᠤᠤᠯᠯᠠᠭᠴᠢ ᠪᠡᠭ᠍ᠰᠢ ᠢ᠋ᠢᠨ ᠡᠴᠦᠰ ᠤ᠋ᠨ ᠬᠤᠭᠤᠴᠠᠭᠠᠨ ᠤ᠋ ᠪᠣᠯᠪᠠᠰᠤᠷᠠᠯ ᠬᠢᠨᠠᠨ ᠱᠢᠯᠭᠠᠯᠲᠠ ᠢ᠋ᠢ ᠥᠷᠨᠢᠭᠦᠯᠵᠦ᠍᠂ ᠪᠣᠯᠪᠠᠰᠤᠷᠠᠯ ᠤ᠋ᠨ ᠦᠷ᠎ᠡ ᠪᠦᠲᠦᠮᠵᠢ ᠢ᠋ᠢ ᠴᠢᠨᠠᠭᠰᠢᠲᠠ ᠪᠡᠬᠢᠵᠢᠭᠦᠯᠬᠦ ᠪᠡᠷ ᠪᠡᠢᠨ᠎ᠠ ᠃ ᠡᠭᠦᠨ᠎ᠦ ᠬᠠᠮᠲᠤ᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠰᠤᠷᠭᠠᠭᠤᠯᠢ ᠳ᠋ᠤ ᠤᠷᠤᠭᠤᠯᠬᠤ ᠪᠡᠢᠴᠠᠭᠠᠨ ᠰᠤᠳᠤᠯᠤᠯᠳᠡ ᠪᠤᠯᠪᠠᠰᠤᠷᠠᠯ ᠢ᠋ ᠲᠠᠰᠤᠷᠠᠯᠳᠠ ᠥᠬᠡᠶ ᠦᠷᠨᠢᠬᠦᠯᠵᠤ᠂ ᠰᠤᠷᠭᠠᠭᠤᠯᠢ ᠢ᠋ᠢ ᠵᠢᠯᠣᠭᠣᠳᠤᠨ ᠵᠢᠭᠠᠬᠤ ᠢ᠋ᠢ ᠰᠤᠳᠤᠯᠬᠤ ᠳᠤᠭᠤᠢᠯᠠᠩ᠂ ᠬᠢᠴᠢᠶᠡᠯ ᠪᠡᠯᠡᠳᠭᠡᠬᠦ᠌ ᠳᠤᠭᠤᠢᠯᠠᠩ ᠤ᠋ᠨ ᠪᠡᠢᠭᠤᠯᠤᠯᠲᠠ ᠢ᠋ᠢ ᠴᠢᠩᠭᠠᠳᠭᠠᠵᠤ ᠂ ᠪᠡᠭ᠍ᠰᠢ᠎ᠨᠠᠷ ᠢ᠋ ᠬᠠᠪᠰᠤᠷᠤᠨ ᠵᠢᠭᠠᠨ ᠰᠤᠷᠭᠠᠯᠲᠠ ᠢ᠋ᠢᠨ ᠦᠶ᠋ᠯᠡᠳᠦᠯᠭᠡ ᠳᠤᠮᠳᠠ ᠲᠤᠯᠭᠠᠷᠠᠭ᠍ᠰᠠᠨ ᠠᠰᠠᠭᠤᠳᠠᠯ ᠢ᠋ ᠴᠠᠭ ᠲᠤᠬᠠᠶ ᠳ᠋ᠤᠨᠢ ᠱᠢᠶ᠋ᠳᠪᠦᠷᠢᠯᠡᠵᠦ᠍᠂ ᠵᠢᠭᠠᠨ ᠰᠤᠷᠭᠠᠯᠲᠠ ᠢ᠋ᠢᠨ ᠦᠶ᠋ᠯᠡᠳᠦᠯᠭᠡ ᠢ᠋ᠢ ᠱᠢᠯᠢᠳᠡᠭ᠌ᠵᠢᠭᠦᠯᠦᠨ ᠰᠠᠢᠵᠢᠷᠠᠭᠤᠯᠬᠤ ᠵᠦᠶ ᠵᠣᠬᠢᠰᠲᠠᠶ ᠰᠠᠨᠠᠭᠤᠯᠭ᠎ᠠ ᠳᠤᠷᠠᠳᠴᠤ᠌᠂ ᠪᠠᠭ᠍ᠰᠢ᠎ᠨᠠᠷ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠢ᠋ᠢᠨ ᠴᠢᠳᠠᠪᠤᠷᠢ ᠢ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠬᠡᠷᠡᠭ᠌ᠯᠡᠯᠲᠡ ᠳ᠋ᠤ ᠬᠦᠴᠦᠲᠡᠶ ᠪᠡᠲᠤᠯᠠᠭ᠎ᠠ ᠬᠠᠨᠭᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠮᠦᠩᠭᠦᠨᠬᠤᠸᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面