2023-09-21 09:31:43
ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ — ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠬᠡᠦᠬᠡᠳ᠎ᠤ᠋ᠨ ᠢᠷᠡᠭᠡᠳᠦᠢ ᠵᠢᠨ ᠵᠠᠮ᠎ᠢ ᠨᠡᠭᠡᠭᠡᠨ᠎ᠡ
《ᠰᠠᠢᠨ ᠪᠠᠢᠵᠠᠭᠠᠨ᠎ᠠ ᠤᠤ᠂ ᠨᠠᠮᠠᠶ᠋ᠢ ᠵᠧᠩ ᠵᠢᠨ ᠢᠦᠢ ᠭᠡᠳᠡᠭ᠂ ᠡᠨᠡ ᠵᠢᠯ ᠳᠠᠪᠤᠨ ᠨᠠᠰᠤᠳᠠᠢ᠃ ᠥᠨᠥᠳᠥᠷ ᠪᠢ ᠲᠠ ᠨᠠᠷ ᠲᠠᠭᠠᠨ 〈ᠤᠰᠤ ᠵᠢ ᠨᠢ ᠤᠤᠭᠤᠪᠠᠯ ᠡᠬᠢ ᠵᠢ ᠨᠢ ᠪᠤᠤ ᠮᠠᠷᠳᠠ〉 ᠭᠡᠬᠦ ᠦᠯᠢᠭᠡᠷᠶᠠᠷᠢᠬᠤ ᠪᠡᠷ ᠪᠠᠢᠨ᠎ᠠ》᠃ ᠲᠦᠷᠦᠭᠦᠬᠡᠨ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠳᠥᠷᠪᠡᠳᠦᠭᠡᠷ ᠬᠡᠦᠬᠡᠳ᠎ᠦᠨ ᠴᠡᠴᠡᠷᠯᠢᠭ《 ᠳᠤᠮᠳᠠᠳᠤ᠎ᠶᠢᠨ ᠰᠣᠩᠭᠣᠳᠠᠭ ᠵᠣᠬᠢᠶᠠᠯ᠎ᠤ᠋ᠨ ᠤᠷᠠᠨ ᠤᠩᠰᠢᠯᠭ᠎ᠠ》 ᠵᠢᠨ ᠠᠵᠢᠯᠯᠠᠭ᠎ᠠ ᠥᠷᠨᠢᠭᠦᠯᠵᠦ᠂ ᠪᠢᠴᠢᠬᠠᠨ ᠨᠠᠢᠵᠠ ᠨᠠᠷ ᠲᠠᠢᠰᠠᠨ᠎ᠳᠤ ᠭᠠᠷᠴᠤ ᠣᠷᠭᠢᠯᠤᠮ᠎ᠠ ᠬᠠᠯᠠᠭᠤᠨ ᠰᠡᠳᠬᠢᠯᠬᠡ ᠪᠡᠷ ᠰᠢᠯᠦᠭ ᠤᠶᠠᠩᠭᠠᠯᠠᠨ ᠰᠤᠩᠭᠤᠳᠠᠭ ᠦᠯᠢᠬᠡᠷ ᠶᠠᠷᠢᠵᠤ ᠳᠤᠬᠠᠢ ᠵᠢᠨ ᠳᠠᠯᠠᠪᠠᠢ ᠬᠦᠷ ᠬᠦᠭᠵᠢᠶᠡᠨ ᠵᠢᠡᠷ ᠪᠢᠯᠬᠠᠵᠤ ᠪᠠᠢᠯ᠎ᠠ᠃
《ᠨᠡᠢᠲᠡᠯᠢᠭ ᠬᠡᠯᠡ᠎ᠶᠢ ᠰᠠᠢᠬᠠᠨ ᠶᠠᠷᠢᠬᠤ ᠨᠢ ᠦᠭᠡ ᠬᠡᠯᠡᠨ᠎ᠦ ᠬᠥᠭᠵᠢᠯᠲᠡ᠎ᠶᠢᠨ ᠵᠠᠩᠭᠢᠯᠠᠭ᠎ᠠ᠎ᠶᠢᠨ ᠬᠤᠭᠤᠴᠠᠭᠠᠨ᠎ᠳᠤ ᠪᠠᠢᠭ᠎ᠠ ᠪᠠᠯᠴᠢᠷ ᠪᠠᠭ᠎ᠠ ᠬᠡᠦᠬᠡᠳ᠎ᠲᠦ ᠠᠪᠴᠤ ᠬᠡᠯᠡᠪᠡᠯ ᠲᠤᠢᠯ᠎ᠤᠨ ᠴᠢᠬᠤᠯᠠ ᠦᠢᠯᠡᠳᠦᠯ᠎ᠲᠠᠢ ᠶᠤᠮ᠂ ᠨᠡᠢᠲᠡᠯᠢᠭ ᠬᠡᠯᠡ᠎ᠪᠡᠷ ᠶᠠᠷᠢᠬᠤ ᠳᠠᠳᠬᠠᠯ᠎ᠲᠠᠢ ᠪᠤᠯᠬᠤ ᠨᠢ ᠬᠡᠦᠬᠡᠳ᠎ᠦᠨ ᠳᠦᠷᠢᠮᠵᠢᠭᠰᠡᠨ ᠦᠭᠡ ᠬᠡᠯᠡ ᠦᠰᠦᠭ ᠪᠢᠴᠢᠭ᠎ᠢ ᠡᠵᠡᠮᠰᠢᠬᠦ᠎ᠳᠦ ᠰᠠᠢᠨ ᠰᠠᠭᠤᠷᠢ ᠲᠠᠯᠪᠢᠵᠤ ᠥᠭᠬᠦᠨ᠎ᠡ》 ᠬᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠳᠥᠷᠪᠡᠳᠦᠭᠡᠷ ᠬᠡᠦᠬᠡᠳ᠎ᠦᠨ ᠴᠡᠴᠡᠷᠯᠢᠭ᠎ᠦᠨ ᠵᠠᠬᠢᠷᠤᠯ ᠱᠠᠨ ᠬᠡᠷᠡᠯᠶᠠᠷᠢᠨᠠ᠃ ᠴᠡᠴᠡᠷᠯᠢᠭ ᠨᠢ ᠰᠢᠷᠢᠰ ᠠᠵᠢᠯᠯᠠᠭ᠎ᠠ ᠥᠷᠨᠢᠭᠦᠯᠬᠦ᠎ᠪᠡᠷ ᠳᠡᠮᠵᠢᠨ᠂ ᠨᠡᠢᠲᠡᠯᠢᠭ ᠬᠡᠯᠡ ᠰᠤᠷᠬᠤ᠂ ᠨᠡᠢᠲᠡᠯᠢᠭ ᠬᠡᠯᠡ ᠪᠡᠷ ᠶᠠᠷᠢᠬᠤ ᠠᠭᠤᠷ ᠠᠮᠢᠰᠬᠤᠯ᠎ᠢ ᠪᠤᠢ ᠪᠤᠯᠭᠠᠵᠤ᠂ ᠬᠡᠦᠬᠡᠳ᠎ᠦᠨ ᠦᠭᠡ ᠬᠡᠯᠡᠨ᠎ᠦ ᠢᠯᠡᠳᠬᠡᠬᠦ ᠴᠢᠳᠠᠪᠤᠷᠢ᠎ᠶᠢ ᠳᠡᠬᠡᠭᠰᠢᠯᠡᠬᠦᠯᠦᠭᠰᠡᠨ ᠪᠠᠢᠨ᠎ᠠ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠳᠤ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠳᠤ ᠴᠤᠭᠴᠠᠯᠠᠬᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠦᠬᠡᠷᠦᠬᠦᠢ ᠬᠡᠦᠭᠡᠳ᠎ᠤᠨ ᠨᠡᠢᠲᠡᠯᠢᠭ ᠬᠡᠯᠡᠡ ᠤ ᠰᠢᠢᠳᠪᠦᠷᠢᠲᠦ ᠤᠷᠤᠯᠳᠤᠭᠠᠨ ᠬᠥᠭᠵᠢᠶᠡᠨ᠎ᠲᠠᠢ ᠶᠠᠪᠤᠭᠳᠠᠵᠤ ᠪᠠᠢᠯ᠎ᠠ᠃ ᠱᠠᠲᠤ ᠱᠠᠲᠤ᠎ᠪᠠᠷ ᠰᠢᠯᠢᠨ ᠰᠣᠩᠭᠣᠬᠤ᠎ᠪᠠᠷ ᠳᠡᠮᠵᠢᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠭᠦᠸᠧ ᠨᠢᠩ ᠷᠦᠢ 《ᠪᠢ ᠳᠤᠮᠳᠠᠳᠤ ᠤᠯᠤᠰ᠎ᠢᠶᠠᠨ ᠬᠠᠢᠷᠠᠯᠠᠨ᠎ᠠ 》 ᠭᠡᠬᠦ ᠪᠦᠳᠦᠬᠡᠯ ᠵᠢᠡᠷ ᠵᠢᠡᠨ ᠤᠯᠠᠨ ᠤ᠋ ᠳᠤᠮᠳᠠ ᠡᠴᠡ ᠴᠤᠯᠭᠤᠷᠠᠵᠤ᠂ ᠨᠢᠭᠡᠳᠦᠭᠡᠷ ᠳᠡᠰ᠎ᠤᠨ ᠱᠠᠩᠨᠠᠯ ᠭᠥᠷᠳᠡᠪᠡ ᠃
《ᠬᠡᠦᠬᠡᠳ᠎ᠦᠳ ᠴᠤᠭ ᠵᠢᠪᠬᠤᠭ᠎ᠠ ᠲᠡᠭᠦᠯᠳᠡᠷ ᠭᠤᠢᠳᠠ ᠰᠠᠢᠬᠠᠨ ᠲᠦᠷᠰᠦ ᠪᠠᠢᠳᠠᠯ ᠵᠢᠡᠷ᠂ ᠪᠠᠷᠢᠮᠵᠢᠶ᠎ᠠ᠎ᠳᠤ ᠨᠡᠢᠲᠡᠯᠢᠭ ᠬᠡᠯᠡ᠎ᠪᠡᠷ ᠤᠷᠤᠰᠤᠮ᠎ᠠ ᠰᠠᠢᠬᠠᠨ ᠤᠶᠠᠩᠭᠠᠯᠠᠨ ᠤᠩᠰᠢᠪᠠ᠃ ᠤᠩᠰᠢᠭᠰᠠᠨ ᠪᠦᠳᠦᠬᠡᠯ ᠨᠢᠭᠡᠪᠦᠷᠢ ᠨᠢ ᠴᠥᠮ ᠬᠠᠮᠤᠭ᠎ᠤᠨ ᠴᠢᠩ ᠦᠨᠡᠨᠴᠢ ᠦᠭᠡ ᠬᠡᠯᠡ᠂ ᠬᠠᠮᠤᠭ᠎ᠤᠨ ᠬᠠᠯᠠᠭᠤᠨ ᠬᠠᠢᠷ᠎ᠠ ᠰᠡᠳᠬᠢᠯᠭᠡ᠎ᠪᠡᠷ ᠠᠭᠤᠤ ᠶᠡᠬᠡ ᠡᠬᠡ ᠣᠷᠣᠨ᠎ᠢᠶᠠᠨ ᠮᠠᠭᠲᠠᠨ ᠰᠠᠢᠰᠢᠶᠠᠵᠤ᠂ ᠢᠷᠦᠭᠡᠯ ᠵᠥᠩᠨᠡᠯ ᠢ᠋ᠶ᠋ᠡᠨ ᠳᠡᠪᠰᠢᠬᠦᠯᠪᠡ》 ᠭᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠳᠡᠳ᠋ ᠵᠠᠬᠢᠷᠤᠯ ᠬᠠᠢ ᠮᠠᠨ ᠬᠡᠯᠡᠪᠡ᠃ ᠲᠡᠷᠡ ᠪᠠᠰᠠ᠂ ᠰᠤᠷᠭᠠᠭᠤᠯᠢ ᠵᠢᠨ ᠬᠢᠨ ᠰᠣᠩᠭᠣᠳᠠᠭ ᠰᠢᠯᠦᠭ ᠳᠠᠭᠤᠯᠠᠯ᠎ᠢ ᠤᠩᠰᠢᠭᠤᠯᠬᠤ᠎ᠪᠠᠷ ᠳᠠᠮᠵᠢᠭᠤᠯᠤᠨ ᠬᠡᠦᠭᠡᠳ᠎ᠤᠨ ᠬᠠᠷᠠᠭ᠎ᠠ ᠵᠢ ᠥᠷᠭᠡᠳᠬᠡᠵᠦ᠂ ᠰᠡᠳᠬᠢᠯ ᠢ᠋ ᠨᠢ ᠤᠮᠳᠠᠯᠠᠯᠠ᠃ ᠲᠦᠷᠦᠭᠦᠬᠡᠨ᠂ 《ᠨᠣᠮ ᠪᠢᠴᠢᠭ᠎ᠢ ᠳᠠᠭᠠᠵᠤ ᠵᠢᠭᠤᠯᠴᠢᠯᠠᠶ᠎ᠠ 》 ᠭᠡᠬᠦ ᠪᠡᠶᠡᠳᠡᠨ ᠣᠢᠯᠠᠭᠠᠬᠤ ᠮᠠᠶᠢᠭ᠋᠎ᠤᠨ ᠰᠣᠶᠣᠯ ᠤ᠋ᠨ ᠬᠥᠮᠦᠵᠢᠯ᠎ᠦᠨ ᠫᠷᠣᠭ᠌ᠷᠠᠮ᠎ᠤᠨ ᠲᠣᠭᠣᠷᠢᠨ᠎ᠳᠤ᠂ 《 ᠰᠢᠯᠦᠭ ᠳᠠᠭᠤᠯᠠᠯ᠎ᠢ ᠠᠮᠳᠠᠷᠬᠠᠨ ᠦᠩᠭᠡᠷᠡᠭᠰᠡᠨ ᠤᠨ ᠵᠢᠯ᠎ᠢ ᠤᠢᠯᠠᠭᠠᠬᠤᠢ 》 ᠲᠤᠰᠬᠠᠢ ᠰᠡᠳᠦᠪᠲᠦ ᠰᠤᠷᠤᠯᠴᠠᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠰᠤᠷᠤᠭ᠍ᠴᠢᠳ ᠪᠡᠶ᠎ᠡ᠎ᠪᠡᠨ ᠳᠠᠭᠠᠭᠠᠨ ᠰᠢᠯᠦᠭ ᠳᠠᠭᠤᠯᠠᠯ᠎ᠤᠨ ᠰᠠᠢᠬᠠᠨ ᠦᠭᠡᠰ ᠢ᠋ ᠬᠤᠷᠠᠮᠳᠤᠭᠤᠯᠤᠨ᠂ ᠰᠣᠨᠢᠷᠬᠠᠯᠲᠠᠢ ᠠᠭᠤᠯᠭ᠎ᠠ᠎ᠳᠠᠭᠠᠨ ᠲᠠᠢᠯᠤᠮᠵᠢ ᠬᠢᠪᠡ ᠭᠡᠪᠡ᠃ ᠣᠢᠷ᠎ᠠ᠎ᠶᠢᠨ ᠵᠢᠯ᠎ᠦᠳ᠎ᠲᠦ ᠲᠤᠰ ᠰᠤᠷᠭᠠᠭᠤᠯᠢ ᠵᠢᠨ ᠬᠢᠨ ᠳᠤᠮᠳᠠᠳᠤ᠎ᠶᠢᠨ ᠰᠣᠩᠭᠣᠳᠠᠭ ᠵᠣᠬᠢᠶᠠᠯ᠎ᠢ ᠤᠩᠰᠢᠬᠤ ᠪᠢᠴᠢᠬᠦ ᠶᠠᠷᠢᠬᠤ ᠤᠷᠤᠯᠳᠤᠭᠠᠨ᠎ᠤ ᠬᠣᠰᠢᠭᠤ᠂ ᠠᠢᠮᠠᠭ᠂ ᠣᠷᠣᠨ᠎ᠤ ᠲᠠᠰ᠎ᠤᠨ ᠱᠠᠩᠨᠠᠯ᠎ᠢ ᠣᠯᠠᠨᠲᠠ ᠭᠥᠷᠳᠡᠪᠡ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠣᠯᠣᠨ ᠪᠠᠭ᠎ᠠ ᠰᠤᠷᠭᠠᠭᠤᠯᠢ ᠪᠣᠯ ᠬᠢᠩᠭᠠᠨ ᠠᠢᠮᠠᠭ᠎ᠤᠨ ᠦᠭᠡ ᠬᠡᠯᠡ ᠦᠰᠦᠭ ᠪᠢᠴᠢᠭ᠎ᠢ ᠲᠦᠷᠢᠮᠵᠢᠬᠦᠯᠬᠦ ᠵᠢᠱ᠌ᠢᠶ᠎ᠡ ᠦᠵᠡᠭᠦᠯᠬᠦ ᠰᠤᠷᠭᠠᠭᠤᠯᠢ ᠪᠣᠯᠣᠨ᠎ᠠ ᠃ ᠰᠤᠷᠭᠠᠭᠤᠯᠢ᠎ᠶᠢᠨ ᠬᠢᠨ 《ᠥᠷᠯᠥᠭᠡ᠎ᠶᠢᠨ ᠤᠩᠰᠢᠯᠭ᠎ᠠ ᠦᠳᠡ᠎ᠶᠢᠨ ᠪᠢᠴᠢᠯᠭᠡ》᠂ ᠰᠣᠩᠭᠣᠳᠠᠭ ᠤᠩᠰᠢᠯᠭ᠎ᠠ᠎ᠶᠢᠨ ᠤᠷᠤᠯᠳᠤᠭᠠᠨ᠂ 《ᠠᠳᠠᠯᠢ ᠦᠭᠡᠢ ᠪᠠᠭ᠎ᠠ ᠨᠠᠰᠤ》 ᠰᠤᠷᠭᠠᠭᠤᠯᠢ᠎ᠶᠢᠨ ᠵᠠᠬᠢᠷᠤᠯ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠂ ᠰᠤᠷᠭᠠᠭᠤᠯᠢ᠎ᠶᠢᠨ ᠬᠦᠷᠢᠶᠡᠨ᠎ᠦ ᠤᠷᠠᠯᠢᠭ᠋᠎ᠤᠨ ᠨᠠᠢᠷ᠂ 《ᠨᠢᠷᠠᠢ ᠴᠢᠬᠢ ᠵᠢ ᠬᠠᠮᠠᠭᠠᠯᠠᠬᠤ · ᠨᠣᠭᠣᠭᠠᠨ ᠪᠢᠴᠢᠭ᠎ᠦᠨ ᠱᠣᠰᠢᠭ᠎ᠠ》᠂ ᠬᠥᠳᠡᠯᠮᠦᠷᠢ ᠦᠢᠯᠡᠳᠦᠯᠭᠡ᠎ᠶᠢᠨ ᠣᠯᠣᠯᠲᠠ ᠲᠥᠷᠥᠭᠳᠡᠯ᠎ᠤ᠋ᠨ ᠡᠬᠡ ᠪᠢᠴᠢᠭ ᠡᠯᠰᠡᠬᠦ ᠵᠡᠷᠭᠡ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠦᠭᠡ ᠬᠡᠯᠡ ᠥᠰᠥᠭ ᠪᠢᠴᠢᠭ᠎ᠦᠨ ᠠᠵᠢᠯ᠎ᠢ ᠶᠣᠰᠣ᠌ ᠰᠤᠷᠲᠠᠬᠤᠨ᠎ᠤ ᠬᠥᠮᠦᠵᠢᠯ᠂ ᠭᠤᠸ᠎ᠠ ᠰᠠᠢᠬᠠᠨ᠎ᠤ ᠬᠥᠮᠦᠵᠢᠯ᠂ ᠬᠥᠳᠡᠯᠮᠦᠷᠢ᠎ᠶᠢᠨ ᠬᠥᠮᠦᠵᠢᠯ᠎ᠲᠠᠢ ᠪᠥᠬᠥ ᠲᠠᠯ᠎ᠠ᠎ᠪᠠᠷ ᠠᠭᠤᠰᠤᠯᠴᠠᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠵᠢᠡᠷ ᠰᠤᠷᠤᠭᠴᠢᠳ᠎ᠤᠨ ᠪᠦᠬᠦ ᠳᠠᠯ᠎ᠠ ᠵᠢᠨ ᠬᠦᠭᠵᠢᠯᠳᠡ ᠵᠢ ᠠᠬᠢᠭᠤᠯᠤᠨ᠎ᠠ᠃
ᠡᠨᠡ ᠵᠢᠯ᠎ᠡᠴᠡ ᠨᠠᠭᠠᠰᠢ᠂ ᠬᠣᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠡᠢᠳᠡᠯᠢᠭ ᠬᠡᠯᠡ ᠵᠢ ᠳᠡᠯᠬᠡᠷᠡᠬᠦᠯᠦᠨ ᠲᠦᠬᠡᠮᠡᠯᠵᠢᠬᠦᠯᠬᠦ ᠠᠷᠪᠠᠨ ᠢᠨᠵᠧᠨ᠋ᠧᠷᠢᠩ ᠢ᠋ ᠡᠮᠬᠢ ᠵᠢᠷᠤᠮ ᠳᠠᠢ ᠶᠠᠪᠤᠭᠤᠯᠵᠤ᠂ 《ᠨᠡᠢᠳᠡᠯᠢᠭ ᠬᠡᠯᠡ ᠵᠢ ᠳᠡᠯᠬᠡᠷᠡᠬᠦᠯᠦᠨ ᠲᠦᠬᠡᠮᠡᠯᠵᠢᠬᠦᠯᠬᠦ ᠳ᠋ᠤ ᠪᠢᠴᠢᠬᠠᠨ ᠠᠪᠢᠶᠠᠰᠳᠠᠨ ᠢᠳᠡᠪᠬᠢᠳᠡᠢ ᠤᠷᠤᠯᠴᠠᠨ᠎ᠠ》 ᠭᠡᠬᠦ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ᠋ ᠨᠡᠢᠲᠡᠯᠢᠭ ᠬᠡᠯᠡ ᠵᠢ ᠳᠡᠯᠬᠡᠷᠡᠬᠦᠯᠬᠦ PK ᠤᠷᠤᠯᠳᠤᠭᠠᠨ᠎ᠢ ᠲᠠᠪᠤᠨ ᠬᠤᠭᠤᠴᠠᠭ᠎ᠠ ᠠᠮᠵᠢᠯᠲᠠ᠎ᠲᠠᠢ ᠡᠷᠬᠢᠯᠡᠪᠡ;ᠨᠣᠮ᠎ᠤᠨ ᠦᠨᠦᠷ ᠬᠠᠩᠬᠤᠯᠤᠭᠰᠠᠨ ᠰᠢᠨ᠎ᠡ ᠴᠠᠭ ᠦᠶ᠎ᠡ᠂ 《ᠰᠣᠩᠭᠣᠳᠠᠭ ᠵᠤᠬᠢᠶᠠᠯ》 ᠰᠢᠨ᠎ᠡ ᠠᠶᠠᠨ ᠢ᠋ ᠭᠡᠷᠡᠯᠳᠦᠬᠦᠯᠦᠨ᠎ᠡ ᠬᠡᠬᠦ ᠪᠡᠷ ᠭᠣᠣᠯ ᠰᠡᠳᠦᠪ ᠪᠣᠯᠭᠠᠭᠰᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ᠎ᠶᠢᠨ ᠰᠣᠩᠭᠣᠳᠠᠭ ᠪᠦᠳᠦᠬᠡᠯ᠎ᠢ ᠤᠩᠰᠢᠬᠤ ᠪᠢᠴᠢᠬᠦ ᠲᠠᠢᠯᠪᠤᠷᠢᠯᠠᠬᠤ ᠶᠡᠬᠡ ᠤᠷᠤᠯᠳᠤᠭᠠᠨ᠎ᠢ ᠠᠮᠵᠢᠯᠲᠠ᠎ᠲᠠᠢ ᠡᠷᠬᠢᠯᠡᠪᠡ ᠁ ᠡᠳᠡᠭᠡᠷ ᠰᠢᠷᠢᠰ ᠠᠵᠢᠯᠯᠠᠭ᠎ᠠ ᠪᠡᠷ ᠳᠠᠮᠵᠢᠨ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠥᠷᠭᠡᠨ ᠤᠯᠠᠨ ᠵᠠᠯᠠᠭᠤᠴᠤᠳ ᠪᠠᠭᠠᠴᠤᠳ᠎ᠤᠨ ᠦᠭᠡ ᠬᠡᠯᠡ ᠦᠰᠦᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ ᠪᠣᠯᠣᠨ ᠦᠭᠡ ᠬᠡᠯᠡ ᠰᠣᠶᠣᠯ᠎ᠤᠨ ᠬᠡᠪ ᠪᠣᠯᠪᠠᠰᠤᠷᠠᠯ ᠪᠦᠬᠦ ᠲᠠᠯ᠎ᠠ᠎ᠪᠠᠷ ᠳᠡᠭᠡᠭᠰᠢᠯᠡᠵᠦ᠂ 《ᠰᠣᠩᠭᠣᠳᠠᠭ ᠵᠣᠬᠢᠶᠠᠯ᠎ᠢ ᠤᠩᠰᠢᠬᠤ᠂ ᠰᠠᠢᠳᠤᠷ ᠤᠩᠰᠢᠬᠤ》 ᠭᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃