ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-02 13:00:57

ᠵᠣᠬᠢᠶᠠᠭ᠍ᠴᠢ᠄ ᠬᠤᠤ ᠪᠢᠶᠣᠣ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠦᠬᠠᠢ ᠬᠤᠳᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠷᠬᠢᠯᠡᠭᠰᠡᠨ ᠬᠢᠲᠠᠳ ᠦᠰᠦᠭ ᠰᠣᠨᠣᠰᠴᠤ ᠪᠢᠴᠢᠬᠦ ᠤᠷᠤᠯᠳᠤᠭᠠᠨ᠎ᠲᠡᠭᠡᠷ᠎ᠡ 400 ᠭᠠᠷᠤᠢ ᠰᠤᠷᠤᠭ᠍ᠴᠢ ᠷᠠᠳᠢᠣ᠋ ᠪᠡᠷ ᠨᠡᠪᠳᠡᠷᠡᠬᠦᠯᠬᠦ ᠦᠭᠡ ᠪᠦᠷᠢ ᠵᠢ ᠰᠡᠳᠬᠢᠯ ᠲᠥᠪᠯᠡᠷᠡᠭᠦᠯᠦᠨ ᠰᠣᠨᠣᠰᠴᠤ᠂ ᠴᠠᠭᠠᠰᠤᠨ ᠳᠡᠬᠡᠷ᠎ᠡ ᠳᠡᠭᠰᠢ ᠰᠠᠢᠬᠠᠨ ᠪᠢᠴᠢᠨ᠎ᠡ᠃

《ᠬᠢᠲᠠᠳ ᠦᠰᠦᠭ ᠪᠣᠯ ᠳᠤᠮᠳᠠᠳᠤ ᠶ᠋ᠢᠨ ᠪᠣᠯᠪᠠᠰᠤᠨ᠎ᠤ ᠬᠠᠮᠤᠭ᠎ᠤᠨ ᠭᠡᠷᠡᠯ ᠰᠠᠴᠤᠷᠠᠩᠭᠤᠢ ᠦᠨᠡᠲᠦ ᠡᠷᠳᠡᠨᠢ ᠶ᠋ᠢᠨ ᠨᠢᠭᠡ ᠮᠥᠨ ᠂ ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠬᠦ ᠬᠠᠮᠤᠭ᠎ᠤᠨ ᠴᠢᠬᠤᠯᠠ ᠵᠢᠭ᠍ᠰᠠᠭᠠᠯ᠎ᠤᠨ ᠭᠠᠵᠠᠷ ᠮᠥᠨ᠂ ᠡᠢᠮᠦ᠎ᠡᠴᠡ ᠪᠢᠳᠡ ᠬᠢᠲᠠᠳ ᠦᠰᠦᠭ᠎ᠦᠨ ᠰᠣᠨᠣᠰᠴᠤ ᠪᠢᠴᠢᠬᠦ ᠤᠷᠤᠯᠳᠤᠭᠠᠨ ᠢ᠋ ᠲᠤᠰᠬᠠᠢᠯᠠᠨ ᠡᠷᠭᠢᠯᠡᠵᠦ᠂ ᠰᠤᠷᠤᠭ᠍ᠴᠢᠳ᠎ᠤᠨ ᠬᠢᠲᠠᠳ ᠦᠰᠦᠭ᠎ᠦᠨ ᠪᠢᠴᠢᠯᠭᠡ ᠶ᠋ᠢ ᠳᠦᠷᠢᠮᠵᠢᠭᠦᠯᠵᠦ᠂ ᠬᠢᠲᠠᠳ ᠦᠰᠦᠭ᠎ᠦᠨ ᠪᠣᠯᠪᠠᠰᠤᠨ᠎ᠤ ᠤᠯᠠᠮᠵᠢᠯᠠᠯ ᠢ᠋ ᠪᠠᠲᠤ ᠴᠡᠭᠡᠵᠢᠯᠡᠭᠦᠯᠬᠦ ᠬᠡᠷᠡᠭᠲᠡᠢ》 ᠭᠡᠵᠦ ᠲᠤᠰ ᠰᠤᠷᠭᠠᠭᠤᠯᠢ᠎ᠶᠢᠨ ᠳᠡᠳ᠋ ᠵᠠᠬᠢᠷᠤᠯ ᠴᠢ ᠵᠢᠶᠦ᠋ᠨ ᠶᠢᠩ ᠶᠠᠷᠢᠯ᠎ᠠ᠃

ᠬᠢᠳᠠᠳ ᠦᠰᠦᠭ᠎ᠤᠨ ᠪᠢᠴᠢᠯᠭᠡ ᠪᠤᠯᠭᠠᠨ ᠳ᠋ᠤ ᠬᠦᠨ ᠬᠦᠨᠵᠡᠬᠡᠢ ᠤᠳᠬ᠎ᠠ ᠰᠠᠨᠠᠭ᠎ᠠ ᠠᠭᠤᠯᠤᠭᠳᠠᠳᠠᠭ᠃ ᠰᠣᠨᠣᠰᠴᠤ ᠪᠢᠴᠢᠬᠦ ᠤᠷᠤᠯᠳᠤᠭᠠᠨ᠎ᠤ ᠳᠠᠷᠠᠭ᠎ᠠ᠂ ᠪᠠᠭ᠍ᠰᠢ᠎ᠠᠴᠠ ᠤᠷᠤᠯᠳᠤᠭᠠᠨ ᠎ᠢ ᠳᠠᠬᠢᠨ ᠡᠷᠬᠢᠴᠡᠬᠦᠯᠬᠦ ᠵᠢᠨ ᠵᠡᠷᠬᠡ ᠪᠡᠷ ᠰᠤᠷᠤᠭ᠍ᠴᠢᠳ᠎ᠲᠤ ᠦᠭᠡᠰ᠎ᠦᠨ ᠤᠳᠬ᠎ᠠ᠎ᠶᠢ ᠲᠠᠢᠯᠪᠤᠷᠢᠯᠠᠨ ᠥᠭᠴᠦ᠂ ᠬᠢᠲᠠᠳ ᠦᠰᠦᠭ᠎ᠦᠨ ᠬᠢᠵᠠᠭᠠᠯᠠᠰᠢ ᠦᠭᠡᠢ ᠷᠢᠳᠢ ᠰᠢᠳᠢ᠎ᠶᠢ ᠮᠡᠳᠡᠷᠡᠭᠦᠯᠵᠦ᠂ ᠰᠤᠷᠤᠭ᠍ᠴᠢᠳ᠎ᠤᠨ ᠬᠢᠲᠠᠳ ᠦᠰᠦᠭ᠂ ᠤᠷᠠᠨ ᠪᠢᠴᠢᠯᠭᠡ ᠵᠡᠷᠭᠡ ᠤᠯᠠᠮᠵᠢᠯᠠᠯᠲᠤ ᠰᠣᠶᠣᠯ᠎ᠤᠨ ᠤᠷᠮ᠎ᠠ ᠪᠠᠬ᠎ᠠ᠎ᠶᠢ ᠬᠥᠭᠵᠢᠭᠡᠵᠦ᠂ ᠪᠦᠬᠦ ᠰᠤᠷᠭᠠᠭᠤᠯᠢ᠎ᠶᠢᠨ ᠰᠤᠷᠤᠭ᠍ᠴᠢᠳ᠎ᠤᠨ ᠬᠢᠲᠠᠳ ᠦᠰᠦᠭ᠎ᠦᠨ ᠰᠤᠷᠤᠯᠴᠠᠯᠭ᠎ᠠ᠎ᠶᠢᠨ ᠬᠠᠯᠠᠭᠤᠨ ᠥᠷᠨᠢᠯᠲᠡ᠎ᠶᠢ ᠪᠤᠢ ᠪᠣᠯᠭᠠᠪᠠ᠃

ᠣᠢᠷ᠎ᠠ᠎ᠶᠢᠨ ᠵᠢᠯ᠎ᠳᠦ ᠂ ᠦᠬᠠᠢ ᠬᠣᠲᠠ᠎ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠠᠵᠢᠯᠯᠠᠭ᠎ᠠ᠎ᠶᠢᠨ ᠬᠡᠯᠪᠡᠷᠢ᠎ᠶᠢᠨ ᠰᠢᠨ᠎ᠡ᠎ᠶᠢ ᠡᠭᠦᠳᠴᠦ᠂ ᠬᠢᠲᠠᠳ ᠦᠰᠦᠭ᠎ᠦᠨ ᠰᠣᠨᠣᠰᠴᠤ ᠪᠢᠴᠢᠬᠦ ᠤᠷᠤᠯᠳᠤᠭᠠᠨ᠂ ᠤᠯᠤᠰ᠎ᠤᠨ ᠲᠤᠭ᠎ᠤᠨ ᠳᠣᠣᠷ᠎ᠠ ᠶᠠᠷᠢᠶ᠎ᠠ ᠲᠠᠯᠪᠢᠬᠤ᠂ ᠰᠣᠩᠭᠣᠳᠠᠭ ᠵᠣᠬᠢᠶᠠᠯ ᠤᠩᠰᠢᠬᠤ᠂ ᠭᠣᠣᠯ ᠰᠡᠳᠦᠪᠲᠦ ᠭᠠᠷ᠎ᠪᠢᠴᠢᠮᠡᠯ ᠰᠣᠨᠢᠨ ᠵᠢᠷᠤᠬᠤ᠂ ᠡᠴᠢᠬᠡ ᠡᠬᠡ ᠦᠷ᠎ᠡ ᠬᠡᠦᠬᠡᠳ᠎ᠬᠠᠮᠳᠤ ᠪᠡᠷ ᠰᠣᠩᠭᠣᠳᠠᠭ ᠵᠣᠬᠢᠶᠠᠯ ᠤᠩᠰᠢᠬᠤ ᠪᠠ ᠳᠤᠮᠳᠠᠳᠤ᠎ᠶᠢᠨ ᠰᠣᠩᠭᠣᠳᠠᠭ ᠦᠯᠢᠭᠡᠷ᠎ᠢ ᠬᠠᠮᠲᠤ᠎ᠪᠠᠷ ᠬᠤᠪᠢᠶᠠᠯᠴᠠᠬᠤ ᠬᠤᠷᠠᠯ ᠵᠡᠷᠭᠡ ᠪᠠᠶᠠᠯᠢᠭ᠋ ᠰᠠᠢᠬᠠᠨ ᠭᠣᠣᠯ ᠰᠡᠳᠦᠪᠲᠦ ᠠᠵᠢᠯᠯᠠᠭ᠎ᠠ ᠡᠷᠬᠢᠯᠡᠬᠦ᠎ᠪᠡᠷ ᠳᠠᠮᠵᠢᠭᠤᠯᠤᠨ᠂ ᠳᠦᠷᠢᠮᠵᠢᠭᠰᠡᠨ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠣᠷᠴᠢᠨ ᠨᠥᠬᠥᠴᠡᠯ᠎ᠢ ᠪᠤᠢ ᠪᠣᠯᠭᠠᠵᠤ᠂ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠡᠩ ᠰᠠᠢᠨ ᠡᠵᠡᠮᠰᠢᠭᠦᠯᠦᠨ ᠬᠡᠷᠡᠭᠯᠡᠭᠦᠯᠪᠡ᠃

9 ᠰᠠᠷ᠎ᠠ᠎ᠶᠢᠨ 25 ᠎ᠤ᠋ ᠡᠳᠦᠷ᠂ ᠦᠬᠠᠢ ᠬᠣᠲᠠ᠎ᠶᠢᠨ ᠬᠠᠢᠨᠠᠨ ᠲᠣᠭᠣᠷᠢᠭ᠋᠎ᠤᠨ ᠭᠤᠷᠪᠠᠳᠤᠭᠠᠷ ᠪᠠᠭ᠎ᠠ ᠰᠤᠷᠭᠠᠭᠤᠯᠢ ᠎ᠶᠢᠨ ᠨᠢᠭᠡᠳᠦᠭᠡᠷ ᠣᠨ ᠎ᠤ ᠳᠥᠷᠪᠡᠳᠦᠭᠡᠷ ᠠᠩᠭᠢ᠎ᠳᠤ ᠨᠡᠢᠲᠡᠯᠢᠭ ᠬᠡᠯᠡᠨ᠎ᠦ ᠰᠤᠷᠤᠯᠴᠠᠯᠭ᠎ᠠ᠎ᠶᠢ ᠬᠤᠪᠢᠶᠠᠯᠴᠠᠨ ᠡᠳ᠋ᠯᠡᠬᠦ ᠥᠪᠡᠷᠮᠢᠴᠡ ᠣᠨᠴᠠᠯᠢᠭ᠋᠎ᠲᠠᠢ ᠴᠤᠭᠯᠠᠭᠠᠨ ᠡᠬᠢᠯᠡᠪᠡ ᠃

《ᠨᠡᠢᠲᠡᠯᠢᠭ ᠬᠡᠯᠡ ᠶ᠋ᠢ ᠬᠡᠷᠬᠢᠨ ᠲᠦᠷᠭᠡᠭᠡᠨ ᠰᠠᠢᠨ ᠰᠤᠷᠴᠤ ᠴᠢᠳᠠᠬᠤ ᠪᠤᠶ ? ᠣᠯᠠᠨ᠎ᠢᠶᠠᠷ᠎ᠢᠶᠠᠨ ᠲᠤᠰ ᠲᠤᠰ᠎ᠤᠨ ᠵᠢᠡᠨ ᠤᠷ᠎ᠠ ᠳᠡᠮ ᠵᠢᠡᠨ ᠬᠤᠪᠢᠶᠠᠯᠴᠠᠬᠤ ᠤᠤ? 》᠂ 《ᠪᠢ ᠨᠡᠢᠲᠡᠯᠢᠭ ᠬᠡᠯᠡ᠎ᠪᠡᠷ ᠦᠯᠢᠭᠡᠷ ᠶᠠᠷᠢᠵᠤ ᠴᠢᠳᠠᠨ᠎ᠠ》᠂ 《ᠪᠢ ᠶᠡᠷᠦ᠎ᠶᠢᠨ ᠦᠶ᠎ᠡ᠎ᠳᠡᠭᠡᠨ ᠨᠡᠢᠲᠡᠯᠢᠭ ᠬᠡᠯᠡ᠎ᠪᠡᠷ ᠡᠷᠲᠡᠨ᠎ᠦ ᠰᠢᠯᠦᠭ᠎ᠢ ᠤᠷᠠᠨ ᠲᠣᠳᠣ᠌ ᠤᠩᠰᠢᠳᠠᠭ》 ᠂ 《ᠮᠢᠨᠤ ᠡᠪᠦᠭᠡ ᠭᠡᠷ᠎ᠲᠡᠬᠡᠨ ᠵᠠᠪᠠᠯ ᠨᠡᠢᠲᠡᠯᠢᠭ ᠬᠡᠯᠡ᠎ᠪᠡᠷ ᠶᠠᠷᠢᠬᠤ ᠬᠡᠷᠡᠭᠲᠡᠢ ᠭᠡᠵᠦ ᠲᠣᠭᠲᠠᠭᠠᠵᠠᠢ》 ᠁ ᠬᠡᠯᠡ ᠪᠢᠴᠢᠭ᠎ᠦᠨ ᠪᠠᠭ᠍ᠰᠢ ᠵᠢᠢ ᠢᠦᠢ ᠵᠢᠨ ᠵᠢᠷᠤᠬᠯᠠᠬᠤ ᠮᠠᠰᠢᠨ ᠤ᠋ ᠡᠮᠦᠨ᠎ᠡ᠂ ᠬᠡᠦᠬᠡᠳ᠎ᠦᠳ ᠥᠪᠡᠷ᠎ᠦᠨ ᠨᠡᠢᠲᠡᠯᠢᠭ ᠬᠡᠯᠡ᠎ᠶᠢ ᠰᠣᠷᠣᠭᠰᠠᠨ ᠦᠷ᠎ᠡ ᠪᠦᠲᠦᠭᠡᠯ᠎ᠢᠶᠡᠨ ᠭᠠᠢᠬᠠᠭᠤᠯᠵᠤ ᠭᠠᠷᠤᠯ᠎ᠠ᠃

《ᠡᠳᠡᠭᠡᠷ ᠳᠦᠷᠰᠦ ᠰᠢᠩᠭᠡᠭᠡᠯᠲᠡ ᠶ᠋ᠢ ᠪᠢᠳᠡ ᠭᠡᠷ᠎ᠦᠨ ᠠᠬᠠᠮᠠᠳ᠎ᠤ᠋ᠨ ᠵᠢᠷᠬᠢᠶ᠎ᠠ ᠵᠢᠨ ᠴᠤᠭᠯᠠᠷᠠᠯ ᠳ᠋ᠤ ᠲᠠᠷᠬᠠᠭᠠᠵᠤ ᠪᠣᠯᠣᠨ᠎ᠠ᠂ ᠡᠨᠡ ᠬᠦ᠌ ᠨᠠᠰᠤᠨ᠎ᠤ ᠦᠶ᠎ᠡ ᠶ᠋ᠢᠨ ᠬᠡᠦᠬᠡᠳ᠎ᠤᠨ ᠳᠠᠭᠤᠷᠢᠶᠠᠬᠤ ᠴᠢᠳᠠᠪᠤᠷᠢ ᠮᠠᠰᠢ ᠰᠠᠢᠨ᠂ ᠬᠡᠯᠡᠬᠦ ᠳᠤᠷᠠᠳᠠᠢ ᠮᠦᠷᠳᠡᠬᠡᠨ ᠵᠣᠷᠢᠭ᠍ᠲᠠᠢ ᠬᠡᠯᠡᠳᠡᠭ᠂ ᠡᠢᠮᠦ᠎ᠡᠴᠡ ᠨᠡᠩ ᠴᠤ᠌ ᠰᠠᠢᠨ ᠰᠠᠢᠬᠠᠨ ᠦᠭᠡ ᠬᠡᠯᠡᠨ᠎ᠦ ᠣᠷᠴᠢᠨ ᠨᠥᠬᠥᠴᠡᠯ ᠢ᠋ ᠪᠤᠶ ᠪᠣᠯᠭᠠᠵᠤ᠂ ᠨᠡᠢᠲᠡᠯᠢᠭ ᠬᠡᠯᠡ᠎ᠪᠡᠷ ᠶᠠᠷᠢᠬᠤ ᠳᠠᠳᠬᠠᠯ᠎ᠢ ᠬᠦᠮᠦᠵᠢᠬᠦᠯᠵᠦ᠂ ᠳᠦᠷᠢᠮᠵᠢᠭᠰᠡᠨ ᠦᠭᠡ ᠬᠡᠯᠡ ᠦᠰᠦᠭ ᠪᠢᠴᠢᠭ ᠢ᠋ ᠡᠵᠡᠮᠰᠢᠬᠦ ᠎ᠳᠦ ᠰᠠᠢᠨ ᠰᠠᠭᠤᠷᠢ ᠲᠠᠯᠪᠢᠵᠤ ᠥᠭᠬᠦ ᠬᠡᠷᠡᠭᠲᠡᠢ》 ᠬᠡᠵᠦ ᠵᠢᠢ ᠢᠦᠢ᠎ᠪᠠᠭᠰᠢ ᠳᠠᠨᠢᠯᠴᠠᠭᠤᠯᠤᠯ᠎ᠠ᠃ ᠲᠦᠷᠦᠭᠦᠦ ᠨᠢᠭᠡ ᠬᠤᠭᠤᠴᠠᠭᠠᠨ ᠎ᠤ ᠪᠦᠬᠦ ᠤᠯᠤᠰ᠎ᠤᠨ ᠨᠡᠢᠲᠡᠯᠢᠭ ᠬᠡᠯᠡ ᠵᠢ ᠲᠦᠬᠡᠮᠡᠯᠵᠢᠬᠦᠯᠬᠦ ᠤᠬᠠᠭᠤᠯᠭ᠎ᠠ᠎ᠶᠢᠨ ᠭᠠᠷᠠᠭ᠎ᠤ᠋ᠨ ᠠᠵᠢᠯᠯᠠᠭ᠎ᠠ ᠪᠡᠷ ᠳᠠᠮᠵᠢᠭᠤᠯᠵᠤ᠂ ᠵᠢᠢ ᠢᠤᠢ ᠪᠠᠭᠰᠢ ᠬᠢᠴᠢᠶᠡᠯ ᠵᠢᠭᠠᠵᠤ ᠪᠠᠢᠭ᠎ᠠ ᠠᠩᠭᠢ ᠳ᠋ᠠᠭᠠᠨ ᠨᠢᠬᠡ ᠤᠳᠠᠭ᠎ᠠ ᠵᠢᠨ ᠰᠣᠩᠭᠣᠳᠠᠭ ᠰᠢᠯᠦᠭ ᠳᠠᠭᠤᠯᠠᠯ ᠴᠡᠬᠡᠵᠢᠯᠡᠬᠦ᠂ ᠨᠢᠭᠡ ᠤᠳᠠᠭ᠎ᠠ ᠵᠢᠨ ᠠᠮᠠᠷᠬᠠᠨ ᠡᠨᠳᠡᠬᠦᠷᠡᠵᠦ ᠠᠮᠠᠷᠬᠠᠨ ᠪᠤᠷᠤᠭᠤᠳᠠᠬᠤ ᠦᠭᠡ ᠵᠢ ᠢᠯᠭᠠᠨ ᠵᠠᠳᠠᠯᠬᠤ᠂ ᠨᠢᠭᠡ ᠪᠠᠳᠠᠭ ᠰᠣᠩᠭᠣᠳᠠᠭ ᠰᠢᠯᠦᠭ ᠵᠣᠬᠢᠶᠠᠯ᠎ᠢ ᠬᠤᠪᠢᠶᠠᠯᠴᠠᠬᠤ᠂ ᠨᠢᠭᠡ ᠤᠳᠠᠭ᠎ᠠ ᠵᠢᠨ 《ᠳᠤᠮᠳᠠᠳᠤ ᠵᠢ ᠠᠮᠳᠠᠷᠬᠠᠨ ᠤᠩᠰᠢᠬᠤᠢ》 ᠰᠣᠩᠭᠣᠳᠠᠭ ᠵᠣᠬᠢᠶᠠᠯ ᠤᠩᠰᠢᠬᠤ᠂ ᠨᠢᠭᠡ ᠤᠳᠠᠭ᠎ᠠ ᠵᠢᠨ ᠰᠢᠯᠦᠭ ᠳᠠᠭᠤᠯᠠᠯ᠎ᠤᠨ ᠶᠡᠬᠡ ᠬᠤᠷᠠᠯ ᠳ᠋ᠤ ᠤᠷᠤᠯᠴᠠᠬᠤ ᠵᠡᠷᠭᠡ᠎ᠶᠢ ᠪᠠᠭᠲᠠᠭᠠᠭᠰᠠᠨ 《ᠲᠠᠪᠤᠨ ᠨᠢᠭᠡ》 ᠵᠢᠨ ᠠᠵᠢᠯᠯᠠᠭ᠎ᠠ ᠥᠷᠨᠢᠭᠦᠯᠵᠦ᠂ ᠪᠠᠭ᠎ᠠ ᠰᠤᠷᠭᠠᠭᠤᠯᠢ ᠎ᠶᠢᠨ ᠰᠤᠷᠤᠭ᠍ᠴᠢᠳ᠎ᠲᠤ ᠳᠤᠮᠳᠠᠳᠤ᠎ᠶᠢᠨ ᠦᠭᠡ ᠬᠡᠯᠡ ᠦᠰᠦᠭ ᠪᠢᠴᠢᠭ ᠎ᠤᠨ ᠥᠷᠭᠡᠨ ᠳᠡᠯᠭᠡᠷ ᠭᠦᠨ ᠭᠦᠨᠵᠡᠭᠡᠢ ᠤᠳᠬ᠎ᠠ ᠠᠭᠤᠯᠬᠤᠨ ᠪᠠ ᠨᠡᠢᠲᠡᠯᠢᠭ ᠬᠡᠯᠡ᠎ᠪᠡᠷ ᠶᠠᠷᠢᠬᠤ ᠷᠢᠳᠢ ᠰᠢᠳᠢ ᠎ᠶᠢ ᠮᠡᠳᠡᠷᠡᠬᠦᠯᠵᠦ᠂ ᠦᠭᠡ ᠬᠡᠯᠡ ᠦᠰᠦᠭ ᠪᠢᠴᠢᠭ᠎ᠢ ᠲᠦᠷᠢᠮᠵᠢᠬᠦᠯᠬᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面