2023-09-07 10:32:23
8 ᠰᠠᠷ᠎ᠠ ᠶ᠋ᠢᠨ 30 ᠤ᠋ ᠦᠳᠡ ᠶ᠋ᠢᠨ ᠬᠣᠢᠨ᠎ᠠ᠂ ᠦᠬᠠᠶ ᠬᠣᠲᠠ ᠶ᠋ᠢᠨ ᠬᠠᠢ᠌ᠷᠤᠪ ᠤ᠋ᠨ ᠲᠣᠬᠣᠶ ᠲᠣᠭᠣᠷᠢᠭ ᠤ᠋ᠨ ᠨᠢᠭᠡᠳᠦᠭᠡᠷ ᠪᠠᠭ᠎ᠠ ᠰᠤᠷᠭᠠᠭᠤᠯᠢ ᠶ᠋ᠢᠨ ᠲᠠᠪᠤᠳᠤᠭᠠᠷ ᠣᠨ ᠤ᠋ 7 ᠳ᠋ᠤᠭᠠᠷ ᠠᠩᠭᠢ ᠶ᠋ᠢᠨ ᠰᠤᠷᠤᠭ᠍ᠴᠢᠳ ᠱᠢᠨ᠎ᠡ ᠰᠤᠷᠤᠯᠭ᠎ᠠ ᠶ᠋ᠢᠨ ᠬᠤᠭᠤᠴᠠᠭᠠᠨ ᠤ᠋ ᠠᠩᠬᠠᠨ ᠤ᠋ ᠤᠩᠱᠢᠯᠭ᠎ᠠ ᠶ᠋ᠢᠨ ᠬᠢᠴᠢᠶᠡᠯ ᠶ᠋ᠢᠡᠨ ᠡᠬᠢᠯᠡᠬᠦᠯᠤᠯ᠎ᠠ᠃ ᠠᠭᠤᠵᠢᠮ ᠰᠠᠷᠠᠭᠤᠯ ᠤᠩᠱᠢᠯᠭ᠎ᠠ ᠶ᠋ᠢᠨ ᠥᠷᠤᠭᠡ ᠳᠤ ᠰᠤᠷᠤᠭ᠍ᠴᠢᠳ ᠥᠪᠡᠷ ᠤ᠋ᠨ ᠳᠤᠷᠠᠲᠠᠶ ᠨᠣᠮ ᠲᠡᠪᠳᠡᠷ ᠵᠢᠡᠨ ᠰᠤᠡᠭᠭᠤᠨ ᠤᠩᠱᠢᠵᠠᠭᠠᠨᠠ᠃
《ᠪᠢᠳᠡ ᠭᠠᠷᠠᠭ ᠪᠦᠷᠢ ᠤᠩᠱᠢᠯᠭ᠎ᠠ ᠶ᠋ᠢᠨ ᠬᠢᠴᠢᠶᠡᠯᠲᠡᠶ᠂ ᠤᠩᠱᠢᠯᠭᠠᠨᠢ ᠬᠡᠦᠬᠡᠳᠤ᠋ᠨ ᠮᠡᠳᠡᠯᠭᠡ ᠶ᠋ᠢᠨ ᠲᠦᠪᠰᠢᠨ ᠢ᠋ ᠨᠡᠮᠡᠭ᠌ᠳᠡᠭᠦᠯᠬᠦ᠌ᠪᠡᠷ ᠪᠠᠷᠠᠬᠤ ᠦᠭᠡᠢ ᠪᠠᠰᠠ ᠦᠭᠡ ᠬᠡᠯᠡ ᠦᠰᠦᠭ ᠪᠢᠴᠢᠭ ᠤ᠋ᠨ ᠬᠡᠷᠡᠭ᠌ᠯᠡᠯᠲᠡ ᠵᠢ ᠵᠢᠷᠤᠮᠵᠢᠭᠤᠯᠵᠤ᠂ ᠦᠭᠡ ᠬᠡᠯᠡ ᠦᠰᠦᠭ ᠪᠢᠴᠢᠭ ᠤ᠋ᠨ ᠲᠤᠬᠠᠢ ᠣᠢᠯᠠᠭᠠᠯᠲᠠ ᠵᠢ ᠭᠦᠨᠵᠡᠭᠡᠢᠷᠡᠭᠦᠯᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠨᠡᠩ ᠰᠠᠢᠲᠤᠷ ᠡᠵᠡᠮᠱᠢᠨ ᠬᠡᠷᠡᠭ᠌ᠯᠡᠬᠦ᠌ᠳᠦ ᠮᠠᠰᠢ ᠶᠡᠬᠡ ᠠᠬᠢᠭᠤᠯᠬᠤ ᠦᠢᠯᠡᠳᠦᠯᠲᠡᠶ 》 ᠭᠡᠵᠦ ᠵᠢᠭᠠᠨ ᠰᠤᠷᠭᠠᠯᠲᠠ ᠶ᠋ᠢᠨ ᠪᠠᠶᠠᠯᠢᠭ ᠲᠤᠷᠰᠢᠯᠭ᠎ᠠ ᠲᠠᠢ ᠠᠩᠭᠢ ᠶ᠋ᠢᠨ ᠡᠷᠬᠢᠯᠡᠭ᠌ᠴᠢ ᠶᠠᠩ ᠪᠥᠸᠧ ᠭᠡᠯᠡᠨ᠎ᠠ᠃ ᠲᠡᠷᠡ ᠰᠠᠢᠨ ᠰᠠᠢᠬᠠᠨ ᠤᠩᠱᠢᠯᠭ᠎ᠠ ᠶ᠋ᠢᠨ ᠳᠠᠳᠭᠠᠯᠨᠢ ᠬᠡᠦᠬᠡᠳ ᠤ᠋ᠨ ᠣᠢᠯᠠᠭᠠᠬᠤ ᠴᠢᠳᠠᠪᠤᠷᠢ᠂ ᠵᠣᠬᠢᠶᠠᠨ ᠪᠢᠴᠢᠬᠦ᠌ ᠴᠢᠳᠠᠪᠤᠷᠢ ᠪᠠ ᠢᠯᠡᠳᠭᠡᠬᠦ᠌ ᠴᠢᠳᠠᠪᠤᠷᠢ ᠵᠢ ᠳᠡᠭᠡᠭ᠌ᠰᠢᠯᠡᠭᠦᠯᠬᠦ᠌ᠪᠡᠷ ᠪᠠᠷᠠᠬᠤ ᠥᠬᠡᠶ ᠂ ᠲᠣᠭᠠᠨ ᠤ᠋ ᠤᠬᠠᠭᠠᠨ ᠵᠡᠷᠭᠡ ᠪᠤᠰᠤᠳ ᠬᠢᠴᠢᠶᠡᠯ ᠲᠥᠷᠥᠯ ᠢ᠋ ᠰᠠᠢᠲᠤᠷ ᠰᠤᠷᠤᠯᠴᠠᠬᠤ ᠳ᠋ᠦ ᠴᠤ᠌ ᠮᠠᠰᠢ ᠶᠡᠬᠡ ᠠᠬᠢᠭᠤᠯᠬᠤ ᠦᠶ᠋ᠯᠡᠳᠦᠯᠲᠡᠶ ᠶᠤᠮ ᠭᠡᠵᠤ ᠦᠪᠡᠷᠤᠨ ᠣᠯᠠᠨ ᠵᠢᠯ ᠤ᠋ᠨ ᠵᠢᠭᠠᠨ ᠰᠤᠷᠭᠠᠯᠲᠠ ᠶ᠋ᠢᠨ ᠦᠶ᠋ᠯᠡᠳᠦᠯᠭᠡ ᠲᠤᠮᠳᠠ ᠪᠠᠨ ᠤᠢᠯᠠᠭᠠᠵᠤ ᠤᠬᠠᠭᠰᠠᠨ ᠵᠤᠢᠯᠵᠢᠡᠨ ᠲᠠᠯᠭᠡᠵᠤ ᠭᠠᠷᠤᠯ᠎ᠠ᠃
ᠰᠤᠷᠤᠭ᠍ᠴᠢᠳ ᠤ᠋ᠨ ᠤᠩᠱᠢᠯᠭ᠎ᠠ ᠶ᠋ᠢᠨ ᠳᠠᠳᠭᠠᠯ ᠢ᠋ ᠬᠥᠮᠦᠵᠢᠭᠦᠯᠵᠦ᠍᠂ ᠲᠠᠳᠠᠨᠤ ᠤᠩᠱᠢᠯᠭ᠎ᠠ ᠶ᠋ᠢᠨ ᠤᠷᠮ᠎ᠠ ᠪᠠᠬ᠎ᠠ ᠵᠢ ᠬᠥᠭ᠌ᠵᠢᠭᠡᠬᠦ᠌ ᠶ᠋ᠢᠨ ᠲᠥᠯᠥᠭᠡ᠂ ᠬᠠᠢ᠌ᠷᠤᠪ ᠤ᠋ᠨ ᠲᠤᠬᠤᠢ ᠲᠣᠭᠣᠷᠢᠭ ᠤ᠋ᠨ ᠨᠢᠭᠡᠳᠦᠭᠡᠷ ᠪᠠᠭ᠎ᠠ ᠰᠤᠷᠭᠠᠭᠤᠯᠢ ᠵᠢᠨ ᠬᠢᠨ ᠰᠤᠷᠭᠠᠭᠤᠯᠢᠵᠢᠨ ᠪᠤᠱᠤᠭᠠᠵᠢ ᠠᠯᠬᠤᠨ ᠤᠷᠤᠭᠰᠠᠨ ᠠᠡᠭᠬᠠᠨᠤ ᠡᠳᠤᠷ ᠡᠴᠡ ᠡᠬᠢᠯᠡᠨ ᠭᠡᠤᠭᠡᠳ ᠪᠤᠷᠢᠳᠤ ᠤᠩᠱᠢᠯᠭ᠎ᠠ ᠶ᠋ᠢᠨ ᠲᠥᠯᠥᠪᠯᠡᠭᠡ ᠲᠣᠭ᠍ᠲᠠᠭᠠᠵᠤ᠂ ᠬᠡᠦᠬᠡᠳ ᠢ᠋ ᠨᠣᠮ ᠤᠩᠱᠢᠬᠤ ᠲᠤᠷ᠎ᠠ ᠪᠠᠬᠠᠳᠠᠢ᠂ ᠨᠣᠮ ᠤᠩᠱᠢᠬᠤ ᠳᠠᠳᠭᠠᠯ ᠲᠠᠢ ᠪᠤᠯᠭᠠᠨ ᠬᠦᠮᠦᠵᠢᠭᠦᠯᠵᠦ ᠪᠠᠢᠨ᠎ᠠ᠃ ᠰᠤᠷᠤᠭ᠍ᠴᠢ ᠯᠢ ᠶᠦᠨ ᠱᠢᠤᠸᠠᠨ ᠤᠡᠭᠰᠢᠯᠭ᠎ᠠ ᠡᠴᠡ ᠶᠡᠬᠡ ᠠᠱᠢᠭ ᠬᠦᠷᠲᠡᠵᠡᠢ᠃ ᠲᠡᠷᠡ ᠨᠤᠮ ᠤᠡᠭᠰᠢᠬᠤ ᠪᠠᠷ ᠲᠠᠮᠵᠢᠨ ᠵᠣᠬᠢᠶᠠᠨ ᠪᠢᠴᠢᠯᠭᠡᠵᠢᠨ ᠲᠦᠪᠱᠢᠨ ᠵᠢᠡᠨ ᠳᠡᠭᠡᠭ᠌ᠰᠢᠯᠡᠭᠦᠯᠦᠭ᠌ᠰᠡᠨ ᠶ᠋ᠢᠡᠷ ᠪᠠᠷᠠᠬᠤ ᠦᠭᠡᠢ᠂ ᠪᠠᠰᠠ ᠦᠭᠡ ᠶᠠᠷᠢᠶᠠᠨᠤ ᠢᠯᠡᠳᠭᠡᠬᠦ᠌ ᠴᠢᠳᠠᠪᠤᠷᠢ ᠪᠠᠨ ᠳᠡᠭᠡᠭ᠌ᠰᠢᠯᠡᠭᠦᠯᠵᠦ᠂ ᠤᠩᠱᠢᠯᠭ᠎ᠠ ᠡᠴᠡ ᠬᠤᠷᠠᠮᠳᠤᠭᠤᠯᠤᠭ᠍ᠰᠠᠨ ᠦᠭᠡᠰ ᠢ᠋ ᠵᠣᠬᠢᠶᠠᠯᠳᠠᠭᠠᠨ ᠬᠡᠷᠡᠭᠯᠡᠨ᠂ ᠲᠠᠢᠰᠠᠨ ᠳ᠋ᠦ ᠭᠠᠷᠴᠤ᠌ ᠶᠠᠷᠢᠶ᠎ᠠ ᠢᠯᠡᠳᠬᠡᠯ ᠬᠢᠬᠦᠳᠤ ᠴᠦ᠍ ᠨᠤᠮ ᠤᠡᠭᠰᠢᠵᠤ ᠬᠤᠷᠠᠮᠳᠤᠭᠤᠯᠤᠭᠰᠠᠨ ᠪᠠᠶᠠᠯᠢᠭ ᠦᠭᠡᠰ ᠤ᠋ᠨ ᠰᠠᠩ ᠨᠢ ᠨᠠᠳᠠᠳᠤ ᠮᠠᠰᠢ ᠶᠡᠬᠡ ᠬᠠᠪᠰᠤᠷᠤᠮᠵᠢ ᠪᠤᠯᠵᠤ ᠪᠠᠢᠨ᠎ᠠ ᠭᠡᠵᠦ ᠰᠤᠷᠪᠤᠯᠵᠢᠯᠠᠭ᠍ᠴᠢ ᠳ᠋ᠦ ᠬᠡᠯᠡᠨ᠎ᠡ᠃
ᠬᠠᠢ᠌ᠷᠤᠪ ᠤ᠋ᠨ ᠲᠤᠬᠤᠢ ᠲᠣᠭᠣᠷᠢᠭ ᠤ᠋ᠨ ᠨᠢᠭᠡᠳᠦᠭᠡᠷ ᠪᠠᠭ᠎ᠠ ᠰᠤᠷᠭᠠᠭᠤᠯᠢ ᠶ᠋ᠢᠨ ᠬᠦᠷᠢᠶᠡᠨᠳᠦ᠂ ᠤᠩᠱᠢᠯᠭ᠎ᠠ ᠶ᠋ᠢᠨ ᠲᠠᠰᠤᠭ᠂ ᠨᠣᠮ ᠬᠠᠳᠠᠭᠠᠯᠠᠬᠤ ᠥᠷᠥᠭᠡ᠂ ᠨᠣᠮ ᠤᠩᠱᠢᠬᠤ ᠪᠤᠯᠤᠩ᠂ 《ᠤᠩᠱᠢᠯᠭ᠎ᠠ ᠶ᠋ᠢᠨ ᠬᠠᠮ ᠳᠡᠯᠭᠡᠭᠦᠷ》 ᠵᠡᠷᠭᠡ ᠨᠢ ᠬᠠᠷᠠᠭᠠᠵᠢ ᠲᠠᠳᠠᠵᠤ᠂ ᠤᠷᠮᠠᠵᠢ ᠬᠦᠭᠵᠢᠭᠡᠨ᠂ ᠰᠤᠷᠤᠭ᠍ᠴᠢᠳᠤ᠋ᠨ ᠨᠤᠮ ᠤᠩᠱᠢᠯᠭ᠎ᠠ ᠳ᠋ᠤ ᠲᠦᠬᠦᠮ ᠦᠵᠡᠬᠦᠯᠤᠨ᠎ᠠ᠃
《ᠣᠳᠣᠬᠠᠨ ᠳ᠋ᠦ ᠤᠩᠱᠢᠯᠭ᠎ᠠ ᠨᠢ ᠨᠢᠭᠡᠨᠲᠡ ᠰᠤᠷᠭᠠᠭᠤᠯᠢ ᠶ᠋ᠢᠨ ᠵᠢᠭᠠᠨ ᠰᠤᠷᠭᠠᠯᠲᠠ ᠶ᠋ᠢᠨ ᠨᠢᠭᠡᠨ ᠣᠨᠴᠠᠯᠢᠭ ᠪᠣᠯᠤᠭ᠍ᠰᠠᠨ ᠪᠥᠭᠡᠳ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢ ᠠᠬᠢᠭᠤᠯᠬᠤ ᠴᠢᠬᠤᠯᠠ ᠭᠣᠭ᠍ᠴᠣᠭᠠ ᠪᠣᠯᠪᠠ》 ᠭᠡᠵᠦ ᠲᠣᠰ ᠰᠤᠷᠭᠠᠭᠤᠯᠢ ᠶ᠋ᠢᠨ ᠳᠡᠳ᠋ ᠵᠠᠬᠢᠷᠤᠯ ᠠᠨ ᠴᠢᠶᠦ᠋ᠩ ᠲᠠᠨᠢᠯᠴᠠᠭᠤᠯᠤᠨ᠎ᠠ᠃ ᠲᠠᠷᠠ᠂ ᠰᠤᠷᠭᠠᠭᠤᠯᠢ ᠡᠴᠡ ᠪᠠᠰᠠ ᠰᠤᠷᠤᠭᠴᠢᠳ ᠤ᠋ᠨ ᠤᠡᠭᠰᠢᠯᠭ᠎ᠠ ᠳ᠋ᠦ ᠵᠤᠷᠢᠭᠤᠯᠤᠨ ᠤᠯᠠᠨ ᠨᠣᠮ ᠲᠡᠪᠳᠡᠷ ᠬᠠᠳᠠᠭᠠᠯᠠᠬᠤ ᠶ᠋ᠢᠨ ᠬᠠᠮᠲᠤ᠂ ᠲᠤᠰᠬᠠᠢ ᠤᠩᠱᠢᠯᠭ᠎ᠠ ᠶ᠋ᠢᠨ ᠬᠢᠴᠢᠶᠡᠯ ᠲᠤᠬᠢᠷᠠᠭᠤᠯᠤᠭᠰᠠᠨ ᠪᠠᠢᠨ᠎ᠠ᠃ ᠰᠤᠷᠭᠠᠭᠤᠯᠢ ᠶ᠋ᠢᠨ ᠤᠩᠱᠢᠯᠭ᠎ᠠ ᠶ᠋ᠢᠨ ᠬᠢᠴᠢᠶᠡᠯᠳᠦ ᠰᠣᠩᠭᠣᠳᠠᠭ ᠤᠩᠱᠢᠯᠭ᠎ᠠ᠂ ᠶᠡᠬᠡ ᠤᠩᠱᠢᠯᠭ᠎ᠠ ᠶ᠋ᠢᠨ ᠬᠢᠴᠢᠶᠡᠯ᠂ ᠪᠠᠭ᠎ᠠ ᠤᠩᠱᠢᠯᠭ᠎ᠠ ᠶ᠋ᠢᠨ ᠬᠢᠴᠢᠶᠡᠯ ᠪᠠᠭ᠍ᠲᠠᠨᠠ᠃ ᠶᠡᠬᠡ ᠤᠩᠱᠢᠯᠭ᠎ᠠ ᠶ᠋ᠢᠨ ᠬᠢᠴᠢᠶᠡᠯ ᠳ᠋ᠦ᠂ ᠬᠡᠦᠬᠡᠳᠦᠳ ᠨᠣᠮ ᠤ᠋ᠨ ᠰᠠᠩ ᠳ᠋ᠦ ᠤᠴᠢᠵᠤ ᠭᠣᠣᠯ ᠰᠡᠳᠦᠪᠲᠦ ᠤᠡᠭᠰᠢᠯᠭ᠎ᠠ ᠶ᠋ᠢᠨ ᠬᠦᠳᠡᠯᠭᠡᠭᠡᠨ ᠳ᠋ᠦ ᠤᠷᠤᠯᠴᠠᠬᠤ ᠪᠤᠶᠤ ᠪᠡᠶᠡᠪᠡᠨ ᠳᠠᠭᠠᠭᠠᠵᠤ ᠨᠣᠮ ᠤᠩᠱᠢᠵᠤ ᠪᠣᠯᠤᠨ᠎ᠠ᠃ ᠪᠠᠭ᠎ᠠ ᠤᠩᠱᠢᠯᠭ᠎ᠠ ᠶ᠋ᠢᠨ ᠬᠢᠴᠢᠶᠡᠯ ᠳ᠋ᠦ ᠂ ᠬᠡᠯᠡ ᠪᠢᠴᠢᠭ ᠤ᠋ᠨ ᠪᠠᠭ᠍ᠰᠢ ᠡᠴᠡ ᠰᠤᠷᠤᠭ᠍ᠴᠢᠳ ᠢ᠋ ᠵᠣᠬᠢᠶᠠᠨ ᠪᠠᠢᠭᠤᠯᠵᠤ ᠨᠣᠮ ᠲᠠᠨᠢᠯᠴᠠᠭᠤᠯᠬᠤ ᠬᠢᠴᠢᠶᠡᠯ᠂ ᠠᠬᠢᠭᠤᠯᠬᠤ ᠬᠢᠴᠢᠶᠡᠯ᠂ ᠲᠦᠷᠦᠭᠳᠡᠯ ᠶ᠋ᠢᠡᠨ ᠰᠣᠯᠢᠯᠴᠠᠬᠤ ᠬᠢᠴᠢᠶᠡᠯ ᠵᠢᠴᠢ ᠵᠢᠷᠤᠭᠲᠤ ᠨᠤᠮ ᠤ᠋ᠨ ᠬᠢᠴᠢᠶᠡᠯ ᠣᠷᠣᠨ᠎ᠠ ᠭᠡᠯ᠎ᠠ᠃
ᠰᠤᠷᠤᠭ᠍ᠴᠢᠳ ᠢ᠋ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠭᠦᠨᠵᠡᠭᠡᠢ ᠰᠠᠢᠲᠤᠷ ᠰᠤᠷᠤᠯᠴᠠᠭᠤᠯᠬᠤ ᠶ᠋ᠢᠨ ᠲᠥᠯᠥᠭᠡ᠂ ᠬᠠᠢ᠌ᠷᠤᠪ ᠤ᠋ᠨ ᠲᠤᠬᠤᠢ ᠲᠣᠭᠣᠷᠢᠭ ᠤ᠋ᠨ ᠨᠢᠭᠡᠳᠦᠭᠡᠷ ᠪᠠᠭ᠎ᠠ ᠰᠤᠷᠭᠠᠭᠤᠯᠢᠵᠢᠨ ᠬᠢᠨ 《ᠨᠤᠮ ᠤ᠋ᠨ ᠦᠨᠦᠷ ᠬᠠᠡᠭᠬᠤᠯᠤᠭᠰᠠᠨ ᠰᠤᠷᠭᠠᠭᠤᠯᠢ ᠶ᠋ᠢᠨ ᠬᠦᠷᠢᠶ᠎ᠡ》 ᠵᠢᠨ ᠪᠠᠢᠭᠤᠯᠤᠯᠲᠠ ᠵᠢ ᠴᠢᠩᠭᠠᠳᠭᠠᠬᠤ ᠶ᠋ᠢᠨ ᠬᠠᠮᠲᠤ ᠪᠠᠰᠠ ᠲᠣᠭ᠍ᠲᠠᠮᠠᠯ ᠬᠤᠭᠤᠴᠠᠭᠠᠲᠠᠶᠪᠠᠷ 《ᠬᠢᠲᠠᠳ ᠦᠰᠦᠭ ᠰᠣᠨᠣᠰᠴᠤ᠌ ᠪᠢᠴᠢᠬᠦ᠌ ᠤᠷᠤᠯᠳᠤᠭᠠ》᠂ 《ᠬᠤᠪᠢᠰᠭᠠᠯᠲᠤ ᠦᠯᠢᠭᠡᠷ ᠤ᠋ᠨ ᠤᠷᠤᠯᠳᠤᠭᠠᠨ》 ᠵᠡᠷᠭᠡ ᠠᠵᠢᠯᠯᠠᠭ᠎ᠠ ᠥᠷᠨᠢᠭᠦᠯᠵᠦ᠍᠂ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠲᠤᠬᠠᠢ ᠣᠢᠯᠠᠭᠠᠯᠲᠠ ᠲᠦᠷᠦᠭᠳᠡᠯ ᠢ᠋ᠦᠷᠭᠦᠯᠵᠢᠯᠡᠨ ᠭᠦᠨᠵᠡᠭᠡᠢᠷᠡᠭᠦᠯᠵᠤ ᠪᠠᠢᠨ᠎ᠠ᠃ ᠪᠠᠭ᠍ᠰᠢ ᠨᠠᠷ ᠤᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠭᠡᠷᠡᠭᠯᠡᠨ ᠵᠢᠭᠠᠨ ᠰᠤᠷᠭᠠᠬᠤ ᠴᠢᠳᠠᠪᠤᠷᠢ ᠵᠢ ᠨᠢ ᠳᠡᠭᠡᠭ᠌ᠰᠢᠯᠡᠭᠦᠯᠬᠦ᠌ ᠶ᠋ᠢᠨ ᠲᠥᠯᠥᠭᠡ᠂ ᠬᠤᠭᠤᠴᠠᠭ᠎ᠠ ᠪᠦᠷᠢ ᠰᠤᠷᠭᠠᠭᠤᠯᠢᠠᠴᠠ ᠪᠠᠰᠠ ᠪᠠᠭ᠍ᠰᠢᠨᠠᠷᠲᠤ ᠬᠣᠯᠪᠣᠭ᠍ᠳᠠᠯ ᠪᠦᠬᠦᠢ ᠪᠣᠯᠪᠠᠰᠤᠷᠠᠯ ᠬᠢᠳᠡᠭ᠃ ᠣᠳᠣᠬᠠᠨ ᠳ᠋ᠦ ᠲᠤᠰ ᠰᠤᠷᠭᠠᠭᠤᠯᠢ ᠶ᠋ᠢᠨ ᠪᠠᠭ᠍ᠰᠢᠨᠠᠷ ᠤ᠋ᠨ ᠨᠡᠢᠳᠡᠯᠢᠭ ᠭᠡᠯᠡᠨᠤ ᠲᠦᠪᠰᠢᠨ ᠴᠥᠮ ᠬᠣᠶᠠᠳᠤᠭᠠᠷ ᠳᠡᠰ ᠤ᠋ᠨ ᠬᠦᠭᠡ ᠲᠡᠰᠠᠴᠠ ᠳᠡᠭᠡᠭ᠌ᠰᠢᠬᠢ ᠵᠡᠷᠭᠡ ᠲᠡᠰ ᠲᠦ᠍ ᠬᠦᠷᠴᠡᠢ᠃
ᠦᠬᠠᠶ ᠬᠣᠲᠠ ᠶ᠋ᠢᠨ ᠰᠤᠷᠭᠠᠨ ᠬᠥᠮᠦᠵᠢᠯ ᠤ᠋ᠨ ᠲᠣᠪᠴᠢᠶ᠎ᠠ ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠤ᠋ ᠲᠠᠨᠢᠯᠴᠠᠭᠤᠯᠤᠭ᠍ᠰᠠᠨ ᠶ᠋ᠢᠡᠷ᠂ ᠣᠢᠷ᠎ᠠ ᠶ᠋ᠢᠨ ᠵᠢᠯᠡᠴᠡ ᠨᠠᠭᠠᠰᠢ ᠦᠬᠠᠶ ᠬᠣᠲᠠ 《ᠨᠤᠮ ᠤ᠋ᠨ ᠦᠨᠦᠷ ᠬᠠᠡᠭᠬᠤᠯᠤᠭᠰᠠᠨ ᠰᠤᠷᠭᠠᠭᠤᠯᠢ ᠶ᠋ᠢᠨ ᠬᠦᠷᠢᠶ᠎ᠡ》 ᠵᠢ ᠪᠠᠢᠭᠤᠯᠬᠤ ᠪᠡᠷ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠠᠢᠲᠤᠷ ᠰᠤᠷᠤᠯᠴᠠᠬᠤ ᠶ᠋ᠢᠨ ᠴᠢᠬᠤᠯᠠ ᠭᠠᠷᠳᠠᠴᠠ ᠪᠣᠯᠭᠠᠵᠤ᠂ ᠡᠯ᠎ᠡ ᠰᠤᠷᠭᠠᠭᠤᠯᠢ 《ᠨᠤᠮ ᠤ᠋ᠨ ᠦᠨᠦᠷ ᠬᠠᠡᠭᠬᠤᠯᠤᠭᠰᠠᠨ ᠰᠤᠷᠭᠠᠭᠤᠯᠢ ᠶ᠋ᠢᠨ ᠬᠦᠷᠢᠶ᠎ᠡ》 ᠶ᠋ᠢᠨ ᠪᠠᠢᠭᠤᠯᠤᠯᠲᠠ ᠶ᠋ᠢᠨ ᠤᠢᠯᠠᠭᠠᠭᠳᠠᠬᠤᠨ ᠳ᠋ᠦ ᠭᠦᠶ᠋ᠴᠡᠳ ᠠᠭᠤᠰᠤᠯᠴᠠᠵᠤ᠂ ᠢᠯᠡ ᠲᠣᠳᠣ ᠥᠪᠡᠷᠮᠢᠴᠡ ᠣᠨᠴᠠᠯᠢᠭᠲᠠᠶ ᠰᠤᠷᠭᠠᠭᠤᠯᠢ ᠶ᠋ᠢᠨ ᠬᠦᠷᠢᠶᠡᠨᠦ ᠤᠩᠱᠢᠯᠭ᠎ᠠ ᠶ᠋ᠢᠨ ᠰᠣᠶᠣᠯ ᠢ᠋ ᠪᠦᠷᠢᠯᠳᠤᠬᠦᠯᠵᠤ᠂ ᠪᠠᠭ᠍ᠰᠢᠬᠥᠲᠥᠯᠥᠨ ᠳᠠᠭᠠᠭᠤᠯᠬᠤ᠂ ᠨᠡᠢᠲᠡᠯᠢᠭᠵᠢᠱ᠌ᠢᠶᠡ ᠪᠡᠷ ᠳᠠᠢᠴᠢᠯᠠᠬᠤ᠂ ᠠᠵᠢᠯᠯᠠᠭ᠎ᠠ ᠵᠢ ᠠᠬᠢᠭᠤᠯᠬᠤ᠂ ᠣᠷᠴᠢᠨ ᠲᠣᠭᠣᠷᠢᠨ ᠢ᠋ ᠱᠢᠯᠢᠳᠡᠭ᠌ᠵᠢᠭᠦᠯᠬᠦ᠌ ᠵᠡᠷᠭᠡ ᠠᠷᠭ᠎ᠠ ᠬᠡᠮᠵᠢᠶ᠎ᠡᠪᠡᠷ ᠳᠠᠮᠵᠢᠭᠤᠯᠤᠨ᠂ ᠪᠠᠭ᠍ᠰᠢ ᠰᠤᠷᠤᠭ᠍ᠴᠢᠳ ᠤ᠋ᠨ ᠨᠣᠮ ᠤᠩᠱᠢᠬᠤ ᠳᠤᠷ᠎ᠠ ᠰᠣᠨᠢᠷᠬᠠᠯ ᠢ᠋ ᠬᠥᠭ᠌ᠵᠢᠭᠡᠵᠦ᠍᠂ ᠨᠣᠮ ᠤᠩᠱᠢᠬᠤ ᠭᠦᠨ ᠵᠤᠵᠠᠭᠠᠨ ᠠᠭᠤᠷ ᠠᠮᠢᠰᠭᠤᠯ ᠢ᠋ ᠪᠣᠶ ᠪᠣᠯᠭᠠᠪᠠ᠃ ᠦᠬᠠᠶ ᠬᠣᠲᠠ ᠶ᠋ᠢᠨ ᠰᠤᠷᠭᠠᠨ ᠬᠥᠮᠦᠵᠢᠯ ᠤ᠋ᠨ ᠱᠢᠰᠲ᠋ᠧᠮ ᠤ᠋ᠨ ᠬᠢᠨ ᠪᠠᠰᠠ ᠰᠤᠷᠤᠯᠴᠠᠬᠤ ᠮᠠᠶᠢᠭ ᠤ᠋ᠨ ᠬᠡᠷ ᠪᠦᠯᠢ ᠶ᠋ᠢᠨ ᠪᠠᠢᠭᠤᠯᠤᠯᠲᠠᠲᠠᠶ ᠤᠶᠠᠯᠳᠤᠭᠤᠯᠤᠨ᠂ ᠡᠯ᠎ᠡ ᠰᠤᠷᠭᠠᠭᠤᠯᠢ ᠵᠢ ᠵᠣᠬᠢᠶᠠᠨ ᠪᠠᠢᠭᠤᠯᠵᠤ ᠬᠡᠷ ᠪᠦᠯᠢ ᠪᠠ ᠰᠤᠷᠭᠠᠭᠤᠯᠢ ᠶ᠋ᠢᠨ ᠬᠠᠮᠲᠤ ᠶ᠋ᠢᠨ ᠤᠩᠱᠢᠯᠭ᠎ᠠ ᠶ᠋ᠢᠨ ᠪᠦᠯᠬᠦᠮ ᠵᠢᠴᠢ ᠬᠡᠷ ᠤ᠋ᠨ ᠠᠬᠠᠮᠠᠳ ᠤ᠋ᠨ ᠨᠣᠮ ᠤᠩᠱᠢᠬᠤ ᠪᠦᠯᠬᠦᠮ ᠢ᠋ ᠪᠠᠢᠭᠤᠯᠵᠤ᠂ ᠡᠴᠢᠭᠡ ᠡᠬᠡ ᠦᠷ᠎ᠡ ᠬᠡᠦᠬᠡᠳ ᠤ᠋ᠨ ᠪᠣᠭᠣᠮᠲᠠ ᠱᠢᠪᠲᠤᠯᠬᠤ ᠤᠷᠤᠯᠳᠤᠭᠠ᠂ ᠰᠣᠷᠣᠭ᠍ᠴᠢ ᠪᠠ ᠬᠡᠷ ᠤ᠋ᠨ ᠠᠬᠠᠮᠠᠳ ᠬᠠᠮᠲᠤ ᠪᠡᠷ ᠨᠢᠭᠡ ᠨᠣᠮ ᠤᠩᠱᠢᠬᠤ ᠵᠡᠷᠭᠡ ᠠᠵᠢᠯᠯᠠᠭ᠎ᠠ ᠵᠢ ᠥᠷᠨᠢᠭᠦᠯᠵᠦ᠍᠂ ᠰᠣᠷᠣᠭ᠍ᠴᠢ᠂ ᠪᠠᠭ᠍ᠰᠢ᠂ ᠬᠡᠷ ᠤ᠋ᠨ ᠠᠬᠠᠮᠠᠳ ᠭᠤᠷᠪᠠ ᠵᠢ ᠨᠢᠭᠡ ᠴᠤᠭ᠍ᠴᠠᠵᠢᠭᠤᠯᠤᠭ᠍ᠰᠠᠨ ᠰᠤᠷᠤᠯᠴᠠᠯᠭ᠎ᠠ ᠶ᠋ᠢᠨ ᠲᠣᠭᠣᠷᠢᠭ ᠢ᠋ ᠪᠠᠢᠭᠤᠯᠵᠤ᠂ ᠨᠤᠮ ᠶ᠋ᠢᠡᠷ ᠬᠥᠮᠦᠨ ᠢ᠋ ᠬᠥᠮᠦᠵᠢᠭᠦᠯᠬᠦ᠌ ᠪᠣᠳᠠᠲᠤ ᠦᠷ᠎ᠡ ᠪᠦᠲᠦᠮᠵᠢ ᠵᠢ ᠲᠡᠭᠡᠭᠰᠢᠯᠡᠬᠦᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃