2023-09-05 10:04:38
8 ᠰᠠᠷ᠎ᠠ ᠵᠢᠨ 31 ᠤ᠋ ᠡᠳᠦᠷ᠂ 《ᠪᠣᠯᠪᠠᠰᠤᠷᠠᠯ ᠤ᠋ᠨ ᠣᠯᠠᠩᠬᠢ ᠲᠤᠰᠬᠠᠢ ᠮᠡᠷᠭᠡᠵᠢᠯᠲᠡᠨ ᠨᠢ ᠣᠷᠳᠣᠰ ᠬᠣᠲᠠ ᠵᠢᠨ ᠨᠡᠷᠠᠳᠤ ᠪᠠᠭ᠍ᠰᠢ ᠨᠠᠷ ᠪᠠᠢᠵᠤ᠂ ᠣᠨᠣᠯ ᠤ᠋ᠨ ᠦᠨᠳᠦᠷᠴᠡ ᠲᠠᠢ ᠮᠦᠷᠳᠡᠭᠡᠨ ᠨᠠᠡᠭ ᠴᠦ᠍ ᠮᠠᠨ ᠤ᠋ ᠬᠣᠲᠠ ᠵᠢᠨ ᠰᠤᠷᠭᠠᠨ ᠬᠥᠮᠦᠵᠢᠯᠦᠨ ᠪᠣᠳᠠᠲᠤ ᠪᠠᠢᠳᠠᠯ ᠲᠠᠢ ᠨᠡᠢᠴᠡᠵᠤ᠂ ᠬᠡᠷᠡᠭ᠌ᠵᠢᠭᠦᠯᠬᠦ᠌ ᠴᠢᠨᠠᠷ ᠵᠢᠡᠷ ᠴᠢᠡᠭᠭ᠎ᠠ ᠪᠠᠢᠨ᠎ᠠ》 ᠬᠡᠵᠦ ᠪᠤᠷᠤᠪᠠᠯᠭᠠᠰᠤᠳᠦ ᠶᠠᠪᠤᠭᠳᠠᠭᠰᠠᠨ ᠤᠤᠯ ᠳ᠋ᠠᠭᠠᠨ ᠦᠨᠳᠦᠰᠦᠲᠡᠨᠦ ᠬᠡᠯᠡ ᠪᠡᠷ ᠬᠢᠴᠢᠶᠡᠯᠯᠡᠵᠤ ᠪᠠᠢᠬᠰᠠᠨ ᠰᠤᠷᠭᠠᠭᠤᠯᠢ ᠳ᠋ᠦ᠍ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯᠢ ᠳᠡᠯᠭᠡᠷᠡᠬᠦᠯᠦᠨ ᠬᠡᠷᠡᠭᠯᠡᠬᠦ ᠪᠠᠭ᠍ᠰᠢ ᠵᠢᠨ ᠪᠣᠯᠪᠠᠰᠤᠷᠠᠯᠳᠦ ᠤᠷᠤᠯᠴᠠᠭᠰᠠᠨ ᠣᠲᠣᠭ ᠬᠣᠱᠢᠭᠤᠨ ᠤ᠋ ᠮᠣᠩᠭᠣᠯ ᠦᠨᠳᠦᠰᠦᠲᠡᠨᠦ ᠲᠤᠷᠱᠢᠯᠲᠠ ᠵᠢᠨ ᠪᠠᠭ᠎ᠠ ᠰᠤᠷᠭᠠᠭᠤᠯᠢ ᠵᠢᠨ ᠳᠡᠳ᠋ ᠵᠠᠬᠢᠷᠤᠯ ᠪᠦᠷᠢᠨᠴᠡᠴᠡᠭ ᠰᠤᠷᠪᠤᠯᠵᠢᠯᠠᠭ᠍ᠴᠢ ᠳ᠋ᠤ ᠲᠥᠷᠥᠭ᠌ᠳᠡᠯᠵᠢᠡᠨ ᠶᠠᠷᠢᠵᠤ ᠭᠠᠷᠤᠯ᠎ᠠ᠃
ᠣᠢᠯᠠᠭᠠᠭ᠍ᠰᠠᠨ ᠵᠢᠡᠷ᠂ 8 ᠰᠠᠷ᠎ᠠ ᠵᠢᠨ 18 ᠡᠴᠡ 8 ᠰᠠᠷᠠᠵᠢᠨ 23 ᠤ᠋ ᠡᠳᠦᠷ ᠪᠣᠯᠲᠠᠯ᠎ᠠ᠂ 《ᠪᠠᠭ᠍ᠰᠢ ᠵᠢᠨ ᠬᠢᠴᠢᠶᠡᠯ ᠲᠥᠷᠥᠯᠦᠨ ᠬᠡᠪ ᠪᠣᠯᠪᠠᠰᠤᠷᠠᠯ ᠢ᠋ ᠪᠥᠬᠥ᠌ ᠲᠠᠯ᠎ᠠ ᠪᠡᠷ ᠳᠡᠭᠡᠭ᠌ᠰᠢᠯᠡᠭᠦᠯᠵᠦ᠍᠂ ᠰᠤᠷᠭᠠᠭᠤᠯᠢ ᠵᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌》 ᠭᠤᠤᠯ ᠵᠣᠷᠢᠯᠲᠠ ᠶᠣᠰᠣᠭᠠᠷ᠂ ᠣᠷᠳᠣᠰ ᠬᠣᠲᠠ ᠵᠢᠨ ᠰᠤᠷᠭᠠᠨ ᠬᠥᠮᠦᠵᠢᠯ ᠪᠡᠶ᠎ᠡ ᠵᠢᠨ ᠲᠠᠮᠢᠷ ᠤ᠋ᠨ ᠲᠣᠪᠴᠢᠶ᠎ᠠ ᠵᠢᠨ ᠬᠢᠨ ᠣᠲᠣᠭ ᠤ᠋ᠨ ᠡᠮᠦᠨᠡᠲᠦ ᠬᠣᠱᠢᠭᠤᠨ ᠤ᠋ ᠪᠤᠷᠤᠪᠠᠯᠭᠠᠰᠤ ᠵᠢᠨ ᠬᠤᠪᠢᠰᠭᠠᠯ ᠤ᠋ᠨ ᠬᠥᠮᠦᠵᠢᠯᠦᠨ ᠲᠥᠪᠯᠡᠷᠡᠭᠦᠯᠦᠨ ᠪᠣᠯᠪᠠᠰᠤᠷᠠᠭᠤᠯᠬᠤ ᠲᠥᠪ ᠲᠦ᠍ ᠤᠤᠯ ᠳ᠋ᠠᠭᠠᠨ ᠦᠨᠳᠦᠰᠦᠲᠡᠨᠦ ᠬᠡᠯᠡ ᠪᠡᠷ ᠬᠢᠴᠢᠶᠡᠯᠯᠡᠵᠤ ᠪᠠᠢᠭᠰᠠᠨ ᠰᠤᠷᠭᠠᠭᠤᠯᠢ ᠳ᠋ᠦ᠍ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯᠢ ᠳᠡᠯᠭᠡᠷᠡᠬᠦᠯᠦᠨ ᠬᠡᠷᠡᠭᠯᠡᠬᠦ ᠪᠠᠭ᠍ᠰᠢ ᠵᠢᠨ ᠪᠣᠯᠪᠠᠰᠤᠷᠠᠯ ᠢ᠋ ᠦᠷᠨᠢᠬᠦᠯᠪᠡ᠃ ᠪᠥᠬᠥ᠌ ᠬᠣᠲᠠ ᠵᠢᠨ ᠤᠤᠯ ᠳ᠋ᠠᠭᠠᠨ ᠦᠨᠳᠦᠰᠦᠲᠡᠨᠦ ᠬᠡᠯᠡ ᠪᠡᠷ ᠬᠢᠴᠢᠶᠡᠯᠯᠡᠵᠤ ᠪᠠᠢᠬᠰᠠᠨ ᠰᠤᠷᠭᠠᠭᠤᠯᠢ ᠵᠢᠨ ᠦᠨᠳᠤᠷ ᠲᠤᠮᠳᠠᠳᠤᠵᠢᠨ ᠨᠢᠭᠡᠳᠦᠭᠡᠷ ᠣᠨ ᠤ᠋ ᠬᠡᠯᠡ ᠪᠢᠴᠢᠭ᠂ ᠦᠵᠡᠯ ᠰᠠᠨᠠᠭ᠎ᠠ ᠤᠯᠤᠰ ᠲᠥᠷᠥ᠍᠂ ᠲᠡᠦᠬᠡ ᠭᠤᠷᠪᠠᠨ ᠬᠢᠴᠢᠶᠡᠯ ᠲᠥᠷᠥᠯ᠂ ᠠᠩᠬ᠎ᠠ ᠲᠤᠮᠳᠠᠳᠤ ᠵᠢᠨ ᠨᠢᠭᠡᠳᠦᠭᠡᠷ ᠣᠨ ᠤ᠋ ᠲᠣᠭᠠᠨ ᠤ᠋ ᠤᠬᠠᠭᠠᠨ᠂ ᠠᠮᠢᠳᠤ ᠪᠣᠳᠠᠰ᠂ ᠭᠠᠵᠠᠷ ᠵᠦᠶ ᠪᠠ ᠠᠩᠬ᠎ᠠ ᠲᠤᠮᠳᠠᠳᠤᠵᠢᠨ ᠬᠣᠶᠠᠳᠤᠭᠠᠷ ᠣᠨ ᠤ᠋ ᠹᠢᠽᠢᠺ ᠳᠥᠷᠪᠡᠨ ᠬᠢᠴᠢᠶᠡᠯ ᠲᠥᠷᠥᠯ᠂ ᠪᠠᠭ᠎ᠠ ᠰᠤᠷᠭᠠᠭᠤᠯᠢ ᠵᠢᠨ ᠨᠢᠭᠡᠳᠦᠭᠡᠷ᠂ ᠬᠣᠶᠠᠳᠤᠭᠠᠷ ᠣᠨ ᠤ᠋ ᠲᠣᠭᠠᠨ ᠤ᠋ ᠤᠬᠠᠭᠠᠨ ᠤ᠋ ᠬᠢᠴᠢᠶᠡᠯ ᠲᠥᠷᠥᠯᠦᠨ 143 ᠪᠠᠭ᠍ᠰᠢ ᠪᠣᠯᠪᠠᠰᠤᠷᠠᠯ ᠳ᠋ᠦ ᠣᠷᠣᠯᠴᠠᠵᠠᠶ᠃
ᠪᠣᠯᠪᠠᠰᠤᠷᠠᠯ ᠤ᠋ᠨ ᠶᠠᠪᠤᠴᠠ ᠳ᠋ᠦ᠂ ᠰᠤᠷᠭᠠᠨ ᠬᠥᠮᠦᠵᠢᠯᠦᠨ ᠶᠠᠮᠤᠨ ᠤ᠋ ᠦᠭᠡ ᠬᠡᠯᠡ ᠦᠰᠦᠭ ᠪᠢᠴᠢᠭᠦᠨ ᠬᠡᠷᠡᠭ᠌ᠯᠡᠭᠡᠨᠦ ᠬᠠᠮᠢᠶᠠᠷᠤᠯᠲᠠ ᠵᠢᠨ ᠵᠤᠷᠭᠠᠨ ᠤ᠋ ᠤᠤᠯ ᠤ᠋ᠨ ᠳᠡᠳ᠋ ᠳᠠᠷᠤᠭ᠎ᠠ᠂ ᠦᠭᠡ ᠬᠡᠯᠡ ᠦᠰᠦᠭ ᠪᠢᠴᠢᠭᠦᠨ ᠬᠡᠷᠡᠭ᠌ᠯᠡᠭᠡᠨᠦ ᠰᠤᠳᠤᠯᠬᠤ ᠭᠠᠵᠠᠷ ᠤ᠋ᠨ ᠤᠤᠯ ᠤ᠋ᠨ ᠳᠠᠷᠤᠭ᠎ᠠ ᠵᠠᠩ ᠱ᠌ᠢ ᠫᠢᠩ᠂ ᠪᠤᠷᠤᠪᠠᠯᠭᠠᠰᠤ ᠵᠢᠨ ᠦᠨᠳᠦᠰᠦᠲᠡᠨᠦ ᠺᠠᠳ᠋ᠷ ᠤ᠋ᠨ ᠳᠡᠭᠡᠳᠦ ᠰᠤᠷᠭᠠᠭᠤᠯᠢ ᠵᠢᠨ ᠯᠧᠺᠲ᠋ᠣᠷ᠂ ᠤᠷᠳᠤᠰ ᠬᠤᠳᠠ ᠵᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠰᠤᠳᠤᠯᠬᠤ ᠲᠠᠰᠤᠭ ᠤ᠋ᠨ ᠵᠢᠭᠠᠨ ᠰᠤᠳᠤᠯᠤᠭ᠍ᠴᠢ ᠵᠢᠴᠢ ᠨᠢᠭᠡᠳᠦᠭᠡᠷ ᠹᠷᠣᠨᠲ ᠤ᠋ᠨ ᠭᠣᠣᠯᠯᠠᠭ᠍ᠴᠢ ᠪᠠᠭ᠍ᠰᠢ ᠨᠠᠷ ᠲᠤᠰ ᠲᠤᠰ 《ᠦᠭᠡ ᠬᠡᠯᠡ ᠦᠰᠦᠭ ᠪᠢᠴᠢᠭᠦᠨ ᠲᠦᠷᠦ᠍ ᠵᠢᠨ ᠪᠤᠳᠤᠯᠭ᠎ᠠ ᠬᠢᠭᠡᠳ ᠲᠦᠷᠢᠮᠵᠢᠯ》᠂ 《ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ》᠂ 《ᠵᠢᠭᠠᠨ ᠰᠤᠷᠭᠠᠯᠲᠠ ᠵᠢᠨ ᠲᠦᠰᠦᠪ ᠲᠦᠯᠦᠪᠯᠡᠭᠡ》᠂ 《ᠳᠠᠰᠬᠠᠯ ᠳᠠᠭᠠᠭᠠᠯᠭᠠᠪᠤᠷᠢᠵᠢᠨ ᠲᠦᠰᠦᠪ ᠲᠦᠯᠦᠪᠯᠡᠭᠡ》 ᠵᠡᠷᠭᠡ ᠲᠤᠰᠭᠠᠢ ᠰᠡᠳᠦᠪᠲᠦ ᠲᠠᠢᠯᠤᠮᠵᠢ ᠬᠢᠪᠡ᠃
《ᠲᠤᠰᠭᠠᠶ ᠮᠡᠷᠭᠡᠵᠢᠯᠲᠡᠨᠦ ᠲᠠᠢᠯᠤᠮᠵᠢ ᠨᠢ ᠨᠠᠳᠠᠳᠤ ᠮᠠᠰᠢ ᠤᠯᠠᠨ ᠮᠡᠳᠡᠯᠭᠡ ᠡᠵᠡᠮᠰᠢᠬᠦᠯᠵᠤ᠂ ᠬᠤᠢᠰᠢᠳᠠᠵᠢᠨ ᠰᠤᠷᠭᠠᠨ ᠬᠦᠮᠦᠵᠢᠯ ᠵᠢᠭᠠᠨ ᠰᠤᠷᠭᠠᠯᠳᠠ ᠵᠢᠨ ᠠᠵᠢᠯᠳᠤ ᠤᠮᠤᠭᠰᠢᠯ ᠵᠤᠷᠢᠭᠵᠢᠭᠤᠯᠤᠯ ᠤᠯᠭᠤᠵᠠᠢ᠂ ᠡᠳᠦᠷ ᠪᠦᠷᠢ ᠵᠢᠨ ᠣᠷᠣᠢ ᠵᠢᠨ ᠳᠠᠪᠲᠠᠯᠭ᠎ᠠ ᠳ᠋ᠤ᠂ ᠪᠢᠳᠡ ᠪᠡᠶ᠎ᠡ ᠪᠡᠨ ᠳᠠᠭᠠᠭᠠᠵᠤ ᠰᠤᠷᠤᠯᠴᠠᠵᠤ ᠪᠣᠯᠤᠨ᠎ᠠ᠂ ᠪᠠᠰᠠ ᠬᠠᠷᠢᠯᠴᠠᠨ ᠣᠯᠤᠯᠲᠠ ᠲᠥᠷᠥᠭ᠌ᠳᠡᠯᠵᠢᠡᠨ ᠰᠣᠯᠢᠯᠴᠠᠵᠤ ᠪᠣᠯᠤᠨ᠎ᠠ》 ᠭᠡᠵᠦ᠍ ᠣᠲᠣᠭ ᠬᠣᠱᠢᠭᠤᠨ ᠤ᠋ ᠮᠣᠩᠭᠣᠯ ᠦᠨᠳᠦᠰᠦᠲᠡᠨᠦ ᠳᠤᠮᠳᠠᠳᠤ ᠰᠤᠷᠭᠠᠭᠤᠯᠢ ᠵᠢᠨ ᠪᠠᠭ᠍ᠰᠢ ᠨᠠᠷᠠ ᠬᠡᠯᠡᠪᠡ᠃
ᠲᠣᠰ ᠤᠳᠠᠭᠠᠨ ᠤ᠋ ᠪᠣᠯᠪᠠᠰᠤᠷᠠᠯ ᠳ᠋ᠦ᠂ ᠬᠢᠴᠢᠶᠡᠯᠦᠨ ᠲᠣᠬᠢᠷᠠᠭᠤᠯᠤᠯᠲᠠ ᠵᠢᠨ ᠲᠠᠯ᠎ᠠ ᠪᠠᠷ ᠪᠣᠳᠠᠭᠠᠯᠢ ᠪᠡᠶ᠎ᠡ ᠵᠢᠨ ᠪᠣᠳᠠᠲᠠᠶ ᠬᠡᠷᠡᠭ᠌ᠴᠡᠭᠡ ᠵᠢ ᠪᠥᠬᠥ᠌ ᠬᠦᠴᠦᠨ ᠵᠢᠡᠷ ᠵᠢᠡᠨ ᠱᠢᠶ᠋ᠳᠪᠦᠷᠢᠯᠡᠬᠦ ᠪᠡᠷ ᠵᠣᠷᠢᠯᠭ᠎ᠠ ᠪᠣᠯᠭᠠᠵᠤ᠂ ᠪᠣᠯᠪᠠᠰᠤᠷᠠᠯ ᠳ᠋ᠦ ᠣᠷᠣᠯᠴᠠᠬᠤ ᠪᠠᠭ᠍ᠰᠢᠨᠠᠷ ᠰᠡᠳᠦᠪᠦᠨ ᠰᠤᠳᠤᠯᠭᠠᠨ᠂ ᠵᠢᠭᠠᠨ ᠰᠤᠷᠭᠠᠯᠲᠠ ᠵᠢᠨ ᠲᠦᠰᠦᠪ ᠲᠥᠯᠥᠪᠯᠡᠭᠡ᠂ ᠵᠢᠭᠠᠬᠤ ᠮᠠᠲ᠋ᠧᠷᠢᠶᠠᠯ ᠤ᠋ᠨ ᠵᠠᠳᠠᠯᠤᠯᠲᠠ ᠵᠡᠷᠭᠡ ᠲᠠᠯ᠎ᠠ ᠵᠢᠨ ᠠᠰᠠᠭᠤᠳᠠᠯ ᠢ᠋ ᠳᠤᠷᠠᠳᠴᠤ᠌᠂ ᠲᠤᠰᠭᠠᠶ ᠮᠡᠷᠭᠡᠵᠢᠯᠲᠡᠨ ᠪᠠ ᠭᠤᠤᠯᠯᠠᠭ᠍ᠴᠢ ᠪᠠᠭ᠍ᠰᠢᠨᠠᠷ ᠣᠯᠠᠨ ᠵᠦᠶ᠋ᠯᠦᠨ ᠵᠢᠭᠠᠨ ᠰᠤᠷᠭᠠᠯᠲᠠ ᠵᠢᠨ ᠠᠷᠭ᠎ᠠ ᠪᠡᠷ ᠬᠥᠲᠥᠯᠥᠨ ᠵᠢᠯᠣᠭᠣᠳᠴᠤ᠌᠂ ᠪᠣᠯᠪᠠᠰᠤᠷᠠᠯ ᠳ᠋ᠦ ᠣᠷᠣᠯᠴᠠᠭᠰᠠᠨ ᠪᠠᠭ᠍ᠰᠢᠨᠠᠷ ᠤ᠋ᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠰᠤᠷᠤᠯᠴᠠᠬᠤ ᠬᠡᠯᠪᠡᠷᠢ ᠵᠢᠨ ᠲᠠᠯ᠎ᠠ ᠪᠡᠷ᠂ ᠪᠣᠯᠪᠠᠰᠤᠷᠠᠯ ᠤ᠋ᠨ ᠲᠥᠰᠦᠯ ᠢ᠋ ᠴᠠᠭ ᠲᠤᠬᠠᠶ ᠳ᠋ᠤᠨᠢ ᠲᠣᠬᠢᠷᠠᠭᠤᠯᠤᠨ ᠱᠢᠯᠢᠳᠡᠭ᠌ᠵᠢᠭᠦᠯᠵᠦ᠍᠂ ᠲᠥᠪᠯᠡᠷᠡᠭᠦᠯᠦᠨ ᠲᠠᠢᠯᠤᠮᠵᠢ ᠬᠢᠬᠦ᠌᠂ ᠬᠡᠷᠡᠭᠦᠨ ᠵᠢᠱ᠌ᠢᠶ᠎ᠡ ᠵᠢ ᠬᠤᠪᠢᠶᠠᠯᠴᠠᠬᠤᠠᠴᠠ ᠭᠠᠳᠠᠨ᠎ᠠ᠂ ᠪᠤᠯᠪᠠᠰᠤᠷᠠᠯ ᠬᠦᠷᠳᠡᠭᠰᠡᠨ ᠪᠠᠭᠰᠢ ᠨᠠᠷ ᠬᠢᠭᠡᠳ ᠰᠤᠷᠭᠠᠨ ᠬᠥᠮᠦᠵᠢᠯᠦᠨ ᠲᠤᠰᠭᠠᠶ ᠮᠡᠷᠭᠡᠵᠢᠯᠲᠡᠨ ᠡᠷᠳᠡᠮᠲᠡᠨ᠂ ᠨᠢᠭᠡᠳᠦᠭᠡᠷ ᠹᠷᠣᠨᠲ ᠤ᠋ᠨ ᠪᠠᠭ᠍ᠰᠢ ᠪᠣᠯᠤᠨ ᠵᠢᠭᠠᠨ ᠰᠤᠳᠤᠯᠤᠭ᠍ᠴᠢ ᠵᠢᠨ ᠬᠣᠭᠣᠷᠣᠨᠳᠣᠬᠢ ᠬᠠᠷᠢᠯᠴᠠᠭ᠎ᠠ ᠰᠣᠯᠢᠯᠴᠠᠭ᠎ᠠ ᠵᠢ ᠨᠠᠩ ᠴᠢᠬᠤᠯᠠᠴᠢᠯᠠᠵᠤ᠂ 《ᠰᠠᠢᠲᠤᠷ ᠬᠠᠪᠰᠤᠷᠤᠨ ᠵᠢᠯᠣᠭᠣᠳᠭᠤ》᠂ 《ᠰᠠᠢᠲᠤᠷ ᠦᠶ᠋ᠯᠡᠴᠢᠯᠡᠬᠦ᠌》᠂ 《ᠰᠠᠢᠲᠤᠷ ᠰᠤᠷᠤᠯᠴᠠᠬᠤ》 ᠪᠣᠯᠪᠠᠰᠤᠷᠠᠯ ᠢ᠋ ᠪᠡᠶᠡᠯᠡᠬᠦᠯᠵᠦ᠂ ᠪᠣᠯᠪᠠᠰᠤᠷᠠᠯ ᠳ᠋ᠦ ᠣᠷᠣᠯᠴᠠᠭᠰᠠᠨ ᠪᠠᠭ᠍ᠰᠢ ᠵᠢᠨ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠪᠣᠯᠪᠠᠰᠤᠷᠠᠯ ᠳ᠋ᠦ ᠣᠷᠣᠯᠴᠠᠭᠰᠠᠨ ᠪᠠᠭ᠍ᠰᠢ ᠵᠢᠨ ᠬᠣᠢᠱᠢᠳᠠ ᠵᠢᠨ ᠠᠵᠢᠯ ᠵᠢᠡᠨ ᠥᠷᠨᠢᠭᠦᠯᠬᠦ᠌ᠳᠦ ᠱᠢᠨ᠎ᠡ ᠰᠡᠳᠭᠢᠴᠡ᠂ ᠱᠢᠨ᠎ᠡ ᠠᠷᠭ᠎ᠠ ᠬᠡᠮᠵᠢᠶ᠎ᠡ ᠬᠠᠩᠭᠠᠵᠤ ᠦᠭᠪᠠ᠃
《ᠪᠣᠯᠪᠠᠰᠤᠷᠠᠯ ᠤ᠋ᠨ ᠬᠤᠭᠤᠴᠠᠭᠠᠨ ᠳ᠋ᠦ᠂ ᠭᠤᠤᠯᠯᠠᠨ ᠡᠷᠭᠢᠯᠡᠭ᠌ᠰᠡᠨ ᠡᠳᠡᠭᠡᠳᠤᠨ ᠬᠢᠨ ᠬᠥᠬᠥᠭᠦᠯᠬᠦ ᠬᠤᠭᠤᠴᠠᠭᠠᠨᠳᠤ ᠪᠠᠢᠭ᠎ᠠ ᠨᠢᠷᠠᠢ ᠭᠡᠤᠭᠡᠳ ᠲᠠᠢ ᠪᠠᠭ᠍ᠰᠢ ᠨᠠᠷ ᠲᠦ᠍ ᠲᠤᠰᠠᠭᠠᠷ ᠥᠷᠥᠭᠡ ᠲᠤᠬᠢᠷᠠᠭᠤᠯᠵᠤ᠂ ᠲᠡᠳᠡᠨᠦ ᠬᠡᠷ ᠪᠦᠯᠢ ᠵᠢᠨ ᠬᠢᠨᠢ ᠪᠢᠳᠡᠨ ᠲᠡᠶ ᠬᠠᠮᠲᠤ ᠬᠤᠭᠤᠯᠠᠯᠠᠵᠤ᠂ ᠬᠥᠬᠥᠭᠦᠯᠬᠦ ᠬᠤᠭᠤᠴᠠᠭᠠᠨ ᠤ᠋ ᠪᠠᠭ᠍ᠰᠢ ᠨᠠᠷᠤᠨ ᠲᠦᠪᠡᠭᠳᠡᠯᠢ ᠱᠢᠶ᠋ᠳᠪᠦᠷᠢᠯᠡᠵᠦ ᠦᠭᠴᠠᠢ᠂ ᠡᠨᠡ ᠨᠢ ᠲᠤᠩ ᠬᠠᠯᠠᠭᠤᠬᠠᠨ ᠰᠠᠨᠠᠭ᠍ᠳᠠᠵᠤ ᠪᠠᠢᠨ᠎ᠠ》 ᠭᠡᠵᠦ᠍ ᠡᠵᠡᠨ ᠬᠣᠷᠣᠭ᠎ᠠ ᠬᠣᠱᠢᠭᠤᠨ ᠤ᠋ ᠮᠣᠩᠭᠣᠯ ᠦᠨᠳᠦᠰᠦᠲᠡᠨᠦ ᠳᠤᠮᠳᠠᠳᠤ ᠰᠤᠷᠭᠠᠭᠤᠯᠢ ᠵᠢᠨ ᠪᠠᠭ᠍ᠰᠢ ᠥᠨᠢᠷᠰᠡᠴᠡᠨ ᠭᠡᠯᠡᠨ᠎ᠠ᠃
ᠣᠢᠯᠠᠭᠠᠭ᠍ᠰᠠᠨ ᠵᠢᠡᠷ᠂ ᠣᠷᠳᠣᠰ ᠬᠣᠲᠠ ᠤᠤᠯ ᠳᠠᠭᠠᠨ ᠦᠨᠳᠦᠰᠦᠲᠡᠨᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠵᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠢᠨ ᠬᠡᠷᠡᠭ᠌ᠵᠢᠭᠦᠯᠬᠦ᠌ ᠲᠥᠰᠦᠯ ᠵᠢᠴᠢ ᠪᠠᠭ᠍ᠰᠢ ᠵᠢᠨ ᠪᠣᠯᠪᠠᠰᠤᠷᠠᠯ ᠤ᠋ᠨ ᠲᠦᠯᠦᠪᠯᠡᠭᠡᠵᠢ ᠲᠣᠭ᠍ᠲᠠᠭᠠᠵᠤ᠂ 《ᠪᠣᠯᠪᠠᠰᠤᠷᠠᠭᠤᠯᠪᠠᠰᠤ ᠵᠣᠬᠢᠬᠤ ᠵᠢᠨᠢ ᠪᠦᠬᠦᠨ ᠢ᠋ ᠪᠣᠯᠪᠠᠰᠤᠷᠠᠭᠤᠯᠵᠤ᠂ ᠪᠥᠬᠥ᠌ ᠠᠵᠢᠯᠲᠠᠨ ᠢ᠋ ᠪᠣᠯᠪᠠᠰᠤᠷᠠᠭᠤᠯᠬᠤ》 ᠵᠠᠷᠴᠢᠮ ᠶᠣᠰᠣᠭᠠᠷ᠂ ᠭᠤᠷᠪᠠᠨ ᠱᠠᠲᠤᠨ ᠤ᠋ ᠪᠣᠯᠪᠠᠰᠤᠷᠠᠯ ᠤ᠋ᠨ ᠱᠢᠰᠲ᠋ᠧᠮ ᠢ᠋ ᠪᠤᠢ ᠪᠤᠯᠭᠠᠨ᠂ ᠪᠥᠬᠥ᠌ ᠠᠵᠢᠯᠲᠠᠨ ᠤ᠋ ᠪᠦᠬᠦ ᠬᠢᠴᠢᠶᠡᠯ ᠲᠦᠷᠦᠯᠤᠨ ᠪᠣᠯᠪᠠᠰᠤᠷᠠᠯ ᠬᠢᠭᠡᠳ ᠵᠢᠭᠠᠨ ᠰᠤᠷᠭᠠᠯᠲᠠ ᠵᠢᠨ ᠦᠨᠡᠯᠡᠨ ᠵᠢᠱ᠌ᠢᠯᠲᠡ ᠵᠢ ᠥᠷᠨᠢᠭᠦᠯᠵᠦ᠍᠂ ᠤᠤᠯ ᠳ᠋ᠠᠭᠠᠨ ᠦᠨᠳᠦᠰᠦᠲᠡᠨᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠵᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠪᠥᠬᠥ᠌ ᠲᠠᠯ᠎ᠠ ᠪᠡᠷ ᠳᠡᠭᠡᠭ᠌ᠰᠢᠯᠡᠭᠦᠯᠦᠨ᠂ ᠰᠠᠭᠤᠷᠢ ᠰᠤᠷᠭᠠᠨ ᠬᠥᠮᠦᠵᠢᠯᠦᠨ ᠴᠢᠨᠠᠷ ᠰᠠᠢᠲᠠᠶ ᠲᠡᠩᠴᠡᠭᠦᠷᠢᠲᠡᠶ ᠪᠠᠢᠬᠤ ᠵᠢ ᠠᠬᠢᠭᠤᠯᠵᠤ ᠪᠠᠢᠨ᠎ᠠ᠃
《ᠰᠤᠷᠭᠠᠨ ᠬᠥᠮᠦᠵᠢᠯ ᠢ᠋ ᠴᠢᠩᠭᠠᠳᠭᠠᠬᠤ ᠳ᠋ᠦ ᠡᠷᠬᠡᠪᠰᠢ ᠤᠷᠢᠳ ᠵᠢᠡᠷ ᠪᠠᠭ᠍ᠰᠢ ᠵᠢ ᠬᠦᠴᠦᠷᠬᠡᠭ᠌ᠵᠢᠭᠦᠯᠬᠦ᠌ ᠬᠡᠷᠡᠭ᠌ᠲᠡᠶ᠂ ᠪᠣᠯᠪᠠᠰᠤᠷᠠᠯ ᠪᠣᠯ ᠪᠠᠭ᠍ᠰᠢ ᠵᠢᠨ ᠦᠰᠦᠨ ᠪᠣᠢᠵᠢᠯᠲᠠ ᠵᠢᠨ ᠵᠠᠩᠭᠢᠯᠠᠭ᠎ᠠ ᠮᠥᠨ᠂ ᠪᠠᠭ᠍ᠰᠢ ᠵᠢᠨ ᠡᠩᠨᠡᠭᠡᠨᠦ ᠪᠠᠢᠭᠤᠯᠤᠯᠲᠠ ᠵᠢ ᠴᠢᠩᠭᠠᠳᠭᠠᠬᠤ ᠪᠣᠯ ᠶᠡᠷᠦ᠍ᠡᠴᠡ ᠰᠤᠷᠭᠠᠭᠤᠯᠢ ᠵᠢᠨ ᠠᠵᠢᠯ ᠦᠶ᠋ᠯᠡᠰᠦᠨ ᠬᠥᠭ᠌ᠵᠢᠯᠲᠡ ᠵᠢᠨ ᠰᠠᠭᠤᠷᠢ ᠴᠢᠨᠠᠷᠲᠠᠶ᠂ ᠵᠠᠩᠭᠢᠯᠠᠭ᠎ᠠ ᠵᠢᠨ ᠴᠢᠨᠠᠷᠲᠠᠶ ᠠᠵᠢᠯ ᠪᠣᠯᠤᠭ᠍ᠰᠠᠭᠠᠷ ᠢᠷᠡᠭ᠌ᠰᠡᠨ ᠶᠤᠮ᠃ ᠣᠳᠣ ᠪᠣᠯᠲᠠᠯ᠎ᠠ᠂ ᠮᠠᠨ ᠤ᠋ ᠬᠣᠲᠠ ᠤᠤᠯ ᠳ᠋ᠠᠭᠠᠨ ᠦᠨᠳᠦᠰᠦᠲᠡᠨᠦ ᠬᠡᠯᠡ ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠵᠢᠨ ᠪᠠᠭ᠍ᠰᠢ ᠵᠢ ᠨᠡᠢᠲᠡ 3000 ᠭᠠᠷᠤᠶ ᠬᠥᠮᠦᠨ ᠤᠳᠠᠭ᠎ᠠ ᠵᠣᠬᠢᠶᠠᠨ ᠪᠠᠢᠭᠤᠯᠵᠤ ᠡᠯ᠎ᠡ ᠲᠥᠷᠥᠯᠦᠨ ᠪᠣᠯᠪᠠᠰᠤᠷᠠᠯ ᠳ᠋ᠦ ᠣᠷᠣᠯᠴᠠᠭᠤᠯᠵᠠᠶ᠃ ᠲᠣᠰ ᠤᠳᠠᠭᠠᠨ ᠤ᠋ ᠪᠣᠯᠪᠠᠰᠤᠷᠠᠯ ᠵᠢᠡᠷ ᠳᠡᠮᠵᠢᠨ᠂ ᠪᠠᠭ᠍ᠰᠢᠨᠠᠷ ᠨᠠᠩ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ᠂ ᠨᠠᠩ ᠴᠣᠭ ᠪᠠᠳᠠᠷᠠᠩᠭᠤᠶ ᠳᠦᠷᠰᠦ ᠪᠠᠢᠳᠠᠯ ᠵᠢᠡᠷ ᠰᠤᠷᠭᠠᠨ ᠬᠥᠮᠦᠵᠢᠯᠦᠨ ᠦᠶ᠋ᠯᠡᠰ ᠲᠦ᠍ ᠣᠷᠣᠯᠴᠠᠵᠤ᠂ ᠣᠷᠳᠣᠰ ᠬᠤᠳᠠᠵᠢᠨ ᠰᠤᠷᠭᠠᠨ ᠬᠥᠮᠦᠵᠢᠯᠦᠨ ᠦᠶ᠋ᠯᠡᠰᠦᠨ ᠴᠢᠨᠠᠷ ᠰᠠᠢᠲᠠᠶ ᠬᠥᠭ᠌ᠵᠢᠯᠲᠡᠳᠦ ᠦᠵᠡᠭᠦᠯᠪᠡᠰᠦ ᠵᠣᠬᠢᠬᠤ ᠬᠤᠪᠢ ᠨᠡᠮᠡᠷᠢᠪᠡᠨ ᠦᠵᠡᠭᠦᠯᠦᠨ᠎ᠡ》 ᠭᠡᠵᠦ᠍ ᠣᠷᠳᠣᠰ ᠬᠣᠲᠠ ᠵᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠰᠤᠳᠤᠯᠬᠤ ᠲᠠᠰᠤᠭ ᠤ᠋ᠨ ᠡᠷᠬᠢᠯᠡᠭ᠌ᠴᠢ ᠯᠢᠦ ᠳ᠋ᠦᠩ ᠭᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃