2023-09-20 11:16:07
9 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠢᠭᠠᠨ ᠰᠤᠳᠤᠯᠬᠤ ᠲᠠᠰᠤᠭ ᠪᠡᠭᠡᠵᠢᠩ ᠬᠤᠳᠠ᠎ᠶ᠋ᠢᠨ ᠬᠤᠳᠠ᠎ᠶ᠋ᠢᠨ ᠳᠡᠰ᠎ᠤᠨ ᠭᠣᠣᠯᠯᠠᠭ᠍ᠴᠢ ᠪᠠᠭ᠍ᠰᠢ᠂ ᠵᠢᠭᠠᠨ ᠰᠤᠳᠤᠯᠤᠭ᠍ᠴᠢ ᠵᠡᠷᠭᠡ ᠵᠢᠭᠠᠨ ᠰᠤᠳᠤᠯᠬᠤ ᠵᠢ ᠵᠢᠯᠣᠭᠣᠳᠭᠤ ᠳᠤᠭᠤᠢᠯᠠᠩ᠎ᠢ ᠵᠣᠬᠢᠶᠠᠨ ᠪᠠᠢᠭᠤᠯᠵᠤ᠂ ᠱᠢᠯᠢ᠎ᠶ᠋ᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ᠂ ᠬᠣᠶᠠᠳᠤᠭᠠᠷ ᠪᠠᠭ᠎ᠠ ᠰᠤᠷᠭᠠᠭᠤᠯᠢ᠎ᠳᠤ ᠬᠦᠷᠴᠦ᠍ ᠵᠢᠯᠣᠭᠣᠳᠤᠨ ᠪᠣᠯᠪᠠᠰᠤᠷᠠᠭᠤᠯᠬᠤ ᠠᠵᠢᠯ᠎ᠢ ᠥᠷᠨᠢᠭᠦᠯᠵᠦ᠍᠂ ᠬᠢᠴᠢᠶᠡᠯ᠎ᠦᠨ ᠲᠠᠩᠬᠢᠮ᠎ᠳᠤ ᠬᠢᠴᠢᠶᠡᠯ ᠰᠣᠨᠣᠰᠴᠤ ᠬᠢᠴᠢᠶᠠᠯ ᠢ᠋ ᠦᠨᠡᠯᠡᠬᠦ᠂ ᠬᠠᠮᠲᠤ᠎ᠪᠠᠷ ᠬᠢᠴᠢᠶᠡᠯ ᠪᠡᠯᠡᠳᠭᠡᠬᠦ᠌᠂ ᠵᠢᠱ᠌ᠢᠢ᠎ᠡ ᠦᠵᠡᠭᠦᠯᠬᠦ᠌ ᠬᠢᠴᠢᠶᠡᠯ ᠣᠷᠣᠬᠤ ᠬᠡᠯᠪᠡᠷᠢ᠎ᠪᠡᠷ ᠳᠠᠮᠵᠢᠭᠤᠯᠤᠨ᠂ ᠰᠤᠷᠭᠠᠭᠤᠯᠢ᠎ᠶ᠋ᠢᠨ ᠤᠯᠠᠨ ᠬᠢᠴᠢᠶᠡᠯ ᠲᠦᠷᠦᠯ᠎ᠦᠨ ᠵᠢᠭᠠᠨ ᠰᠤᠷᠭᠠᠯᠲᠠ᠎ᠶ᠋ᠢ ᠵᠢᠯᠣᠭᠣᠳᠪᠠ᠃
ᠠᠵᠢᠯᠯᠠᠭ᠎ᠠ᠎ᠶ᠋ᠢᠨ ᠳᠤᠮᠳᠠ᠂ ᠵᠢᠭᠠᠨ ᠰᠤᠳᠤᠯᠬᠤ᠎ᠶ᠋ᠢ ᠵᠢᠯᠣᠭᠣᠳᠭᠤ ᠳᠤᠭᠤᠢᠯᠠᠩ ᠨᠢ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠂ ᠬᠢᠴᠢᠶᠡᠯ᠎ᠦᠨ ᠪᠠᠷᠢᠮᠵᠢᠶ᠎ᠠ ᠣᠢᠯᠠᠭᠠᠭ᠍ᠳᠠᠬᠤᠨ᠂ ᠵᠢᠭᠠᠨ ᠰᠤᠷᠭᠠᠬᠤ ᠠᠷᠭ᠎ᠠ ᠵᠢᠴᠢ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠵᠡᠷᠭᠡ ᠲᠠᠯ᠎ᠠ᠎ᠪᠠᠷ ᠪᠠᠭ᠍ᠰᠢ᠎ᠳᠤ ᠰᠠᠨᠠᠭᠤᠯᠭ᠎ᠠ ᠪᠠ ᠵᠢᠯᠣᠭᠣᠳᠣᠯᠭ᠎ᠠ ᠥᠭ᠌ᠬᠦ᠎ᠶ᠋ᠢᠨ ᠬᠠᠮᠲᠤ ᠪᠠᠭ᠎ᠠ ᠰᠤᠷᠭᠠᠭᠤᠯᠢ᠎ᠶ᠋ᠢᠨ ᠶᠡᠷᠦᠩᠬᠡᠢᠯᠡᠭ᠌ᠰᠡᠨ ᠦᠶ᠋ᠯᠡᠳᠦᠯᠭᠡ᠎ᠶ᠋ᠢᠨ ᠬᠢᠴᠢᠶᠡᠯ ᠲᠥᠷᠥᠯ᠎ᠦᠨ ᠨᠢᠭᠡᠴᠢ᠎ᠶ᠋ᠢᠨ ᠵᠢᠭᠠᠨ ᠰᠤᠷᠭᠠᠯᠲᠠ᠎ᠶ᠋ᠢᠨ ᠲᠥᠯᠥᠪᠯᠡᠭᠡ ᠪᠠ ᠪᠣᠳᠠᠲᠠᠶ ᠠᠵᠢᠯᠯᠠᠭ᠎ᠠ᠂ ᠭᠤᠤᠯᠯᠠᠬᠤ ᠬᠡᠪ ᠪᠣᠯᠪᠠᠰᠤᠷᠠᠯ᠎ᠤᠨ ᠱᠢᠯᠭᠠᠯᠲᠠ ᠦᠨᠡᠯᠡᠯᠲᠡ ᠪᠠ ᠥᠭᠡᠷᠡᠴᠢᠯᠡᠯᠲᠡ᠂ ᠬᠢᠴᠢᠶᠡᠯ ᠠᠯᠤᠰᠯᠠᠭ᠍ᠰᠠᠨ ᠭᠤᠤᠯ ᠰᠡᠳᠦᠪᠲᠦ ᠰᠤᠷᠤᠯᠴᠠᠯᠭ᠎ᠠ ᠪᠠ ᠬᠥᠳᠡᠯᠮᠦᠷᠢ᠎ᠶ᠋ᠢᠨ ᠰᠤᠷᠭᠠᠨ ᠬᠥᠮᠦᠵᠢᠯ ᠵᠡᠷᠭᠡ ᠲᠠᠯ᠎ᠠ᠎ᠪᠠᠷ ᠪᠣᠯᠪᠠᠰᠤᠷᠠᠯ ᠥᠷᠨᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠠᠢ᠃
ᠵᠡᠭᠦᠨ ᠦᠵᠦᠮᠦᠴᠢᠨ ᠬᠣᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠵᠠᠬᠢᠷᠤᠯ ᠭᠦᠸᠧ ᠮᠧᠶ ᠬᠤᠸᠠ ᠰᠤᠷᠪᠤᠯᠵᠢᠯᠠᠭ᠍ᠴᠢ ᠳ᠋ᠤ᠂ ᠵᠢᠯᠣᠭᠣᠳᠭᠤ ᠳᠤᠭᠤᠢᠯᠠᠩ ᠡᠴᠡ ᠰᠤᠷᠤᠭ᠍ᠴᠢᠳ᠎ᠤᠨ ᠪᠢᠴᠢᠬᠦ᠌᠂ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠵᠡᠷᠭᠡ ᠵᠢ ᠳᠡᠭᠡᠭᠰᠢᠯᠡᠭᠦᠯᠬᠦ ᠲᠠᠯ᠎ᠠ ᠪᠡᠷ ᠪᠠᠭ᠍ᠰᠢ᠎ᠨᠠᠷ᠎ᠲᠤ ᠬᠠᠨᠳᠤᠯᠭᠠᠲᠤ ᠴᠢᠨᠠᠷᠲᠠᠶ ᠪᠣᠯᠪᠠᠰᠤᠷᠠᠯ ᠬᠦᠷᠳᠡᠬᠡᠵᠤ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠮᠠᠰᠢ ᠰᠠᠢᠨ ᠠᠬᠢᠭᠤᠯᠬᠤ ᠦᠢᠯᠡᠳᠦᠯ ᠦᠵᠡᠭᠦᠯᠪᠡ ᠭᠡᠵᠠᠢ᠃
ᠣᠢᠯᠠᠭᠠᠭ᠍ᠰᠠᠨ᠎ᠢᠶᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠪᠠᠲᠤᠯᠠᠬᠤ᠎ᠶ᠋ᠢᠨ ᠲᠥᠯᠥᠭᠡ᠂ ᠪᠥᠬᠥ᠌ ᠣᠷᠣᠨ᠎ᠤ ᠡᠯ᠎ᠡ ᠱᠠᠲᠤᠨ᠎ᠤ ᠵᠢᠭᠠᠨ ᠰᠤᠳᠤᠯᠬᠤ ᠰᠠᠯᠠᠭ᠎ᠠ ᠮᠥᠴᠢᠷ ᠪᠠᠢᠩᠭᠤᠵᠢᠭᠰᠠᠨ ᠵᠢᠭᠠᠨ ᠰᠤᠳᠤᠯᠬᠤ᠎ᠶ᠋ᠢ ᠳᠠᠭᠠᠭᠠᠴᠢᠯᠠᠨ ᠬᠠᠷᠢᠯᠴᠠᠬᠤ ᠲᠦᠷᠢᠮ᠎ᠢ ᠪᠠᠢᠭᠤᠯᠵᠤ᠂ ᠰᠤᠷᠭᠠᠭᠤᠯᠢ ᠪᠦᠷᠢ ᠵᠢᠨ ᠬᠢᠴᠢᠶᠡᠯ ᠪᠦᠷᠢ ᠳ᠋ᠤ 3 ᠡᠴᠡ 5 ᠬᠥᠮᠦᠨ᠎ᠦ ᠬᠡᠪᠴᠢᠶ᠎ᠡ ᠶᠣᠰᠣᠭᠠᠷ᠂ ᠵᠢᠭᠠᠨ ᠰᠤᠳᠤᠯᠤᠭ᠍ᠴᠢ᠂ ᠨᠠᠷᠠᠲᠤ ᠱᠢᠯᠢᠳᠡᠭ ᠭᠤᠤᠯᠯᠠᠭ᠍ᠴᠢ ᠪᠠᠭ᠍ᠰᠢ᠎ᠶ᠋ᠢ ᠵᠣᠬᠢᠶᠠᠨ ᠪᠠᠢᠭᠤᠯᠤᠨ ᠵᠢᠭᠠᠨ ᠰᠤᠳᠤᠯᠬᠤ᠎ᠶ᠋ᠢ ᠵᠢᠯᠣᠭᠣᠳᠭᠤ ᠪᠦᠯᠬᠦᠮ ᠪᠠᠢᠭᠤᠯᠵᠤ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ᠎ᠳᠤ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠰᠤᠷᠭᠠᠭᠤᠯᠢ ᠳ᠋ᠤ ᠰᠠᠭᠤᠯᠭᠠᠵᠤ ᠵᠢᠯᠤᠭᠤᠳᠤᠭᠤᠯᠬᠤ ᠪᠡᠷ ᠪᠠᠢᠨ᠎ᠠ᠃
ᠱᠢᠯᠢ᠎ᠶ᠋ᠢᠨ ᠭᠤᠤᠯ ᠠᠢᠮᠠᠭ᠎ᠤᠨ ᠰᠤᠷᠭᠠᠨ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠵᠢᠯᠣᠭᠣᠳᠤᠯᠭ᠎ᠠ ᠦᠶ᠋ᠯᠡᠴᠢᠯᠡᠭᠡᠨ᠎ᠦ ᠲᠥᠪ ᠨᠢ ᠬᠣᠱᠢᠭᠤ ᠱᠢᠶᠠᠨ ᠬᠣᠲᠠ (ᠲᠣᠭᠣᠷᠢᠭ) ᠲᠠᠢ ᠬᠠᠪᠰᠤᠷᠤᠯᠴᠠᠭ᠎ᠠ ᠪᠠᠢᠭᠤᠯᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠵᠤ ᠡᠯ᠎ᠡ ᠬᠢᠴᠢᠶᠡᠯ ᠲᠦᠷᠦᠯ ᠤ᠋ᠨ ᠪᠠᠢᠭᠤᠯᠤᠯᠲᠠ᠎ᠶ᠋ᠢ ᠠᠬᠢᠭᠤᠯᠪᠠ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ᠌ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠬᠢᠭᠡᠳ ᠤᠤᠯ᠎ᠤᠨ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠯᠤᠭ᠎ᠠ ᠵᠢᠨ ᠠᠵᠢᠯ ᠲᠦᠷᠦᠯ ᠵᠢᠡᠷ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠠᠢᠭᠤᠯᠵᠤ᠂ ᠱᠢᠶᠠᠨ᠎ᠤ ᠳᠤᠮᠳᠠᠳᠤ ᠰᠤᠷᠭᠠᠭᠤᠯᠢ ᠳ᠋ᠤ ᠨᠠᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ᠌ ᠢᠨᠵᠧᠨᠧᠷᠢᠩ᠎ᠢ ᠡᠬᠢᠯᠡᠭᠦᠯᠦᠨ ᠬᠡᠷᠡᠭ᠌ᠵᠢᠭᠦᠯᠵᠦ᠍᠂ ᠰᠤᠷᠭᠠᠨ ᠬᠥᠮᠦᠵᠢᠯ᠎ᠢ ᠳᠡᠳᠭᠦᠬᠦ ᠲᠥᠰᠦᠯ᠎ᠢ ᠲᠣᠭ᠍ᠲᠠᠭᠠᠨ᠂ ᠤᠷᠢᠳ ᠬᠣᠵᠢᠳ 138 ᠨᠡᠷᠡᠰ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠨᠠᠷᠠᠲᠤ ᠪᠠᠭ᠍ᠰᠢ᠂ ᠭᠤᠤᠯᠯᠠᠭ᠍ᠴᠢ ᠪᠠᠭ᠍ᠰᠢ᠎ᠶ᠋ᠢ ᠱᠢᠯᠢᠨ ᠰᠣᠩᠭᠣᠵᠤ ᠡᠯ᠎ᠡ ᠬᠣᠱᠢᠭᠤ ᠱᠢᠶᠠᠨ ᠬᠣᠲᠠ (ᠲᠣᠭᠣᠷᠢᠭ) ᠵᠢᠨ ᠤᠤᠯ᠎ᠤᠨ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ ᠣᠴᠢᠭᠤᠯᠤᠨ ᠰᠤᠷᠭᠠᠨ ᠬᠥᠮᠦᠵᠢᠯ᠎ᠢ ᠳᠡᠳᠭᠦᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃