2023-09-18 10:04:11
ᠤᠷᠳᠤ ᠤᠳᠠᠭᠠᠨ ᠵᠤᠨ᠎ᠤ ᠠᠮᠠᠷᠠᠯᠲᠠ ᠵᠢ ᠦᠨᠭᠭᠡᠷᠡᠭᠡᠭᠡᠳ᠂ ᠬᠢᠩᠭᠠᠨ ᠠᠢᠮᠠᠭ᠎ᠤᠨ ᠤᠯᠠᠭᠠᠨᠬᠤᠲᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠦᠷᠢᠶᠡᠨ᠎ᠳᠦ ᠨᠣᠮ ᠤᠩᠱᠢᠬᠤ ᠢᠷᠠᠭᠤ ᠲᠠᠭᠤᠨ ᠳᠠᠬᠢᠨᠳᠠ ᠬᠠᠩᠬᠢᠨᠠᠯᠠ᠃ ᠰᠤᠷᠪᠤᠯᠵᠢᠯᠠᠭᠴᠢ ᠤᠯᠠᠭᠠᠨᠬᠤᠲᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ ᠶ᠋ᠢᠨ ᠬᠣᠶᠠᠳᠤᠭᠠᠷ ᠣᠨ᠎ᠤ ᠨᠢᠭᠡᠳᠦᠭᠡᠷ ᠠᠩᠭᠢ᠎ᠶ᠋ᠢᠨ ᠬᠢᠴᠢᠶᠡᠯ᠎ᠦᠨ ᠲᠠᠩᠬᠢᠮ᠎ᠳᠤ ᠣᠷᠣᠬᠤ᠎ᠳᠤ᠂ ᠰᠤᠷᠤᠭ᠍ᠴᠢᠳ ᠬᠡᠯᠡ ᠪᠢᠴᠢᠭ᠎ᠦᠨ ᠪᠠᠭ᠍ᠰᠢ ᠱᠣᠣ ᠶᠠᠨ ᠴᠢᠶᠠᠩ᠎ᠤᠨ ᠵᠢᠨᠨ ᠳᠠᠭᠠᠭᠤᠯᠭᠠᠳᠤᠤᠷᠠ ᠯᠦ᠍ ᠱᠢᠶᠦ᠋ᠨᠦ ᠰᠣᠩᠭᠣᠳᠠᠭ ᠪᠦᠲᠦᠭᠡᠯ 《ᠠ ᠴᠠᠩ ᠬᠢᠭᠡᠳ 〈ᠱᠠᠨ ᠬᠠᠢ ᠵᠢᠩ〉》᠎ᠢ ᠰᠤᠷᠤᠯᠴᠠᠵᠤ ᠪᠠᠢᠯ᠎ᠠ᠃
《ᠡᠨᠡ ᠬᠢᠴᠢᠶᠡᠯ ᠮᠠᠰᠢ ᠰᠣᠨᠢᠷᠬᠠᠯᠲᠠᠶ᠂ ᠪᠦᠬᠦᠢᠯᠡ ᠬᠢᠴᠢᠶᠡᠯ᠎ᠦᠨ ᠲᠠᠩᠬᠢᠮ᠎ᠤᠨ ᠠᠭᠤᠷ ᠠᠮᠢᠰᠭᠤᠯ ᠮᠠᠰᠢ ᠲᠠᠭᠠᠯᠠᠮᠵᠢᠲᠠᠶ᠂ ᠪᠢᠳᠡ ᠪᠠᠭ᠎ᠠ ᠳᠤᠭᠤᠢᠯᠠᠩ ᠬᠠᠮᠲᠤᠷᠠᠯᠴᠠᠬᠤ ᠬᠡᠯᠪᠡᠷᠢ ᠪᠡᠷ ᠬᠢᠴᠢᠶᠡᠯ᠎ᠦᠨ ᠳᠡᠪᠲᠡᠷ᠎ᠦᠨ ᠠᠭᠤᠯᠭ᠎ᠠ᠎ᠶ᠋ᠢ ᠰᠤᠷᠤᠯᠴᠠᠭᠠᠳ ᠮᠠᠰᠢ ᠣᠯᠠᠨ ᠣᠯᠤᠯᠲᠠ ᠲᠠᠶ ᠪᠣᠯᠵᠠᠢ》᠃ ᠰᠣᠷᠣᠭ᠍ᠴᠢ ᠵᠧᠸ᠋ ᠲᠤᠨᠢᠶᠡ ᠠᠬᠤᠶ ᠪᠠᠢᠳᠠᠯ᠎ᠢ ᠪᠤᠢ ᠪᠤᠯᠭᠠᠬᠤ᠂ ᠪᠡᠶ᠎ᠡ᠎ᠪᠡᠨ ᠳᠠᠭᠠᠭᠠᠵᠤ ᠬᠠᠮᠲᠤᠷᠠᠯᠴᠠᠵᠤ ᠬᠠᠢᠨ ᠰᠦᠪᠡᠭ᠌ᠴᠢᠯᠡᠬᠦ᠌ ᠵᠡᠷᠭᠡ ᠠᠷᠭ᠎ᠠ ᠮᠠᠶᠢᠭ᠎ᠢᠶᠠᠷ ᠬᠢᠴᠢᠶᠡᠯ ᠵᠢᠠᠨ ᠰᠤᠷᠤᠭᠠᠳ ᠬᠠᠮᠲᠤ ᠰᠤᠷᠤᠭ᠍ᠴᠢᠳ ᠲᠠᠶ ᠪᠠᠨ ᠴᠥᠮ ᠵᠣᠬᠢᠶᠠᠯ᠎ᠤᠨ ᠠᠭᠤᠯᠭ᠎ᠠ ᠪᠠ ᠵᠣᠬᠢᠶᠠᠭ᠍ᠴᠢ᠎ᠶ᠋ᠢᠨ ᠢᠯᠡᠳᠭᠡᠭ᠌ᠰᠡᠨ ᠬᠠᠢᠷ᠎ᠠ ᠰᠡᠳᠭᠢᠯᠭᠡ᠎ᠶ᠋ᠢ ᠭᠦᠨᠵᠡᠭᠡᠶ ᠣᠢᠯᠠᠭᠠᠭᠰᠠᠨ ᠪᠠᠢᠯ᠎ᠠ᠃
2021 ᠣᠨ᠎ᠳᠤ᠂ ᠥᠪᠡᠷᠲᠡᠭᠡᠨ ᠵᠠᠰᠠᠬᠤ ᠣᠷᠣᠨ ᠡᠴᠡ ᠪᠥᠬᠥ᠌ ᠣᠷᠣᠨ᠎ᠤ ᠬᠡᠪᠴᠢᠶᠡᠨ᠎ᠳᠦ 300 ᠭᠤᠤᠯᠯᠠᠭᠴᠢ ᠪᠠᠭ᠍ᠰᠢ᠎ᠶ᠋ᠢ ᠰᠣᠩᠭᠣᠵᠤ᠂ ᠬᠣᠶᠠᠷ ᠵᠢᠯ᠎ᠦᠨ ᠬᠤᠭᠤᠴᠠᠭ᠎ᠠ ᠲᠠᠶ 《ᠵᠢᠱ᠌ᠢᠶ᠎ᠡ ᠦᠵᠡᠭᠦᠯᠬᠦ᠌ ᠭᠤᠤᠯᠯᠠᠭᠴᠢ ᠪᠠᠭ᠍ᠰᠢ》 ᠶ᠋ᠢᠨ ᠪᠣᠯᠪᠠᠰᠤᠷᠠᠯ᠎ᠢ ᠥᠷᠨᠢᠭᠦᠯᠪᠡ᠂ ᠬᠢᠩᠭᠠᠨ ᠠᠢᠮᠠᠭ᠎ᠤᠨ ᠤᠯᠠᠭᠠᠨᠬᠤᠲᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠢᠴᠢᠶᠡᠯ ᠬᠥᠮᠦᠵᠢᠯ᠎ᠦᠨ ᠭᠠᠵᠠᠷ᠎ᠤᠨ ᠡᠷᠬᠢᠯᠡᠭ᠌ᠴᠢ᠂ ᠬᠡᠯᠡ ᠪᠢᠴᠢᠭ᠎ᠦᠨ ᠪᠠᠭ᠍ᠰᠢ ᠱᠤᠤ ᠶᠠᠨ ᠴᠢᠶᠠᠩ ᠪᠣᠯ ᠳᠠᠷᠤᠶ ᠲᠡᠭᠦᠨ᠎ᠦ ᠳᠣᠲᠣᠷᠠᠬᠢ ᠨᠢᠭᠡ᠎ᠨᠢ ᠪᠣᠯᠤᠨ᠎ᠠ᠃ ᠬᠣᠶᠠᠷ ᠵᠢᠯ᠎ᠦᠨ ᠲᠤᠷᠰᠢ᠂ ᠲᠡᠷᠡ ᠵᠢᠭᠠᠨ ᠰᠤᠷᠭᠠᠬᠤ ᠠᠷᠭ᠎ᠠ᠎ᠶ᠋ᠢ ᠲᠠᠰᠤᠷᠠᠯᠲᠠ ᠦᠭᠡᠢ ᠰᠤᠳᠤᠯᠵᠤ᠂ ᠵᠢᠭᠠᠨ ᠰᠤᠷᠭᠠᠬᠤ ᠤᠢ᠍ᠢᠯᠠᠭᠠᠭ᠍ᠳᠠᠬᠤᠨ᠎ᠤ ᠱᠢᠨ᠎ᠡ᠎ᠶ᠋ᠢ ᠡᠭᠦᠳᠴᠦ᠍᠂ ᠤᠯᠠᠨ ᠤᠳᠠᠭ᠎ᠠ᠎ᠶ᠋ᠢᠨ ᠰᠦᠯᠵᠢᠶ᠎ᠠ ᠪᠠ ᠪᠤᠳᠠᠳᠤ ᠴᠤᠭᠴᠠᠵᠢᠨ ᠪᠣᠯᠪᠠᠰᠤᠷᠠᠯ ᠪᠣᠯᠤᠨ ᠱᠢᠨᠵᠢᠯᠡᠨ ᠪᠠᠢᠴᠠᠭᠠᠵᠤ ᠰᠤᠷᠤᠯᠴᠠᠬᠤ ᠪᠠᠷ ᠳᠠᠮᠵᠢᠨ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠲᠥᠯᠥᠪᠯᠡᠭᠡ᠂ ᠨᠢᠭᠡᠴᠢ᠎ᠶ᠋ᠢᠨ ᠲᠥᠯᠥᠪᠵᠢᠭᠦᠯᠭᠡ ᠵᠡᠷᠭᠡ ᠲᠠᠯ᠎ᠠ᠎ᠪᠠᠷ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ᠂ ᠪᠠᠰᠠ ᠥᠪᠡᠷ᠎ᠦᠨ ᠵᠢᠭᠠᠨ ᠰᠤᠷᠭᠠᠯᠲᠠ᠎ᠶ᠋ᠢᠨ ᠬᠡᠪ ᠵᠠᠭ᠍ᠪᠤᠷ᠎ᠢ ᠪᠦᠷᠢᠯᠳᠦᠭᠦᠯᠵᠡᠢ᠃
《ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠬᠦ᠌᠎ᠶ᠋ᠢᠨ ᠲᠥᠯᠥᠭᠡ᠂ ᠪᠢ 〈ᠨᠢᠭᠡ ᠬᠠᠭᠤᠳᠠᠰᠤ ᠭᠤᠷᠪᠠᠨ ᠰᠤᠷᠤᠯᠴᠠᠯᠭ᠎ᠠ ᠨᠢᠭᠡ ᠦᠨᠡᠯᠡᠯᠲᠡ〉 ᠶ᠋ᠢᠨ ᠵᠢᠭᠠᠨ ᠰᠤᠷᠭᠠᠯᠲᠠ᠎ᠶ᠋ᠢᠨ ᠠᠷᠭ᠎ᠠ ᠬᠡᠯᠪᠡᠷᠢ ᠪᠡᠷ ᠳᠠᠮᠵᠢᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ 〈ᠨᠢᠭᠡ ᠬᠠᠭᠤᠳᠠᠰᠤ〉 ᠪᠣᠯ ᠨᠢᠭᠡᠨ ᠰᠤᠷᠤᠯᠴᠠᠬᠤ ᠡᠭᠦᠷᠭᠡ᠎ᠶ᠋ᠢᠨ ᠬᠠᠭᠤᠳᠠᠰᠤ ᠮᠥᠨ᠂ 〈ᠭᠤᠷᠪᠠᠨ ᠰᠤᠷᠤᠯᠴᠠᠯᠭ᠎ᠠ〉 ᠪᠣᠯ ᠳᠠᠷᠤᠶ ᠥᠪᠡᠷ᠎ᠢᠶᠡᠨ ᠰᠤᠷᠤᠯᠴᠠᠬᠤ᠂ ᠬᠠᠷᠢᠯᠴᠠᠨ ᠰᠤᠷᠤᠯᠴᠠᠬᠤ᠂ ᠳᠡᠯᠭᠡᠨ ᠦᠵᠡᠭᠦᠯᠵᠦ᠍ ᠰᠤᠷᠤᠯᠴᠠᠬᠤ᠎ᠶ᠋ᠢ ᠤᠶᠠᠯᠳᠤᠭᠤᠯᠬᠤ ᠶᠠᠪᠤᠳᠠᠯ ᠮᠥᠨ᠂ 〈ᠨᠢᠭᠡ ᠦᠨᠡᠯᠡᠯᠲᠡ〉 ᠪᠣᠯ ᠳᠠᠷᠤᠶ ᠰᠤᠷᠤᠯᠴᠠᠯᠭ᠎ᠠ᠎ᠶ᠋ᠢᠨ ᠳᠠᠷᠠᠭᠠᠬᠢ ᠦᠨᠡᠯᠡᠯᠲᠡ᠎ᠵᠢ ᠵᠢᠭᠠᠵᠤ ᠪᠤᠢ》᠃ ᠱᠣᠣ ᠶᠠᠨ ᠴᠢᠶᠠᠩ ᠬᠡᠯᠡᠬᠦ᠌᠎ᠳᠡᠭᠡᠨ᠂ ᠡᠢᠮᠦᠷᠬᠦᠦ ᠵᠢᠭᠠᠨ ᠰᠤᠷᠭᠠᠯᠲᠠ᠎ᠶ᠋ᠢᠨ ᠲᠥᠯᠥᠪᠯᠡᠭᠡ ᠪᠣᠯ ᠳᠠᠷᠤᠶ ᠰᠤᠷᠤᠭ᠍ᠴᠢᠳ᠎ᠤᠨ ᠭᠠᠷ ᠬᠥᠳᠡᠯᠬᠦ᠌᠂ ᠠᠮᠠ ᠬᠥᠳᠡᠯᠬᠦ᠌᠂ ᠲᠠᠷᠢᠬᠢ ᠬᠥᠳᠡᠯᠭᠡᠬᠦ᠌ ᠴᠢᠳᠠᠪᠤᠷᠢ᠎ᠶ᠋ᠢ ᠬᠥᠮᠦᠵᠢᠭᠦᠯᠵᠦ᠍᠂ ᠬᠡᠦᠬᠡᠳ᠎ᠦᠨ ᠪᠡᠶ᠎ᠡ ᠪᠡᠨ ᠳᠠᠭᠠᠭᠠᠵᠤ ᠰᠤᠷᠤᠯᠴᠠᠬᠤ ᠤᠬᠠᠮᠰᠠᠷ᠎ᠢ ᠨᠢ ᠰᠡᠷᠭᠦᠭᠡᠬᠦ᠌᠎ᠶ᠋ᠢᠨ ᠤᠯᠠᠮ᠎ᠡᠴᠡ ᠰᠤᠷᠤᠯᠴᠠᠬᠤ ᠬᠠᠷᠠᠯᠲᠠ ᠪᠠᠨ ᠰᠠᠢᠲᠤᠷ ᠪᠡᠶᠡᠯᠡᠭᠦᠯᠬᠦ᠌᠎ᠶ᠋ᠢᠨ ᠲᠥᠯᠥᠭᠡ ᠶᠤᠮ ᠭᠡᠪᠡ᠃
ᠵᠢᠭᠠᠨ ᠰᠤᠷᠭᠠᠯᠲᠠ᠎ᠶ᠋ᠢᠨ ᠠᠵᠢᠯ᠎ᠤᠨ ᠳᠤᠮᠳᠠ᠂ ᠱᠤᠤ ᠶᠠᠨ ᠴᠢᠶᠠᠩ ᠪᠠᠰᠠ 《ᠤᠯᠠᠮᠵᠢᠯᠠᠬᠤ ᠬᠠᠪᠰᠤᠷᠬᠤ ᠳᠠᠭᠠᠭᠤᠯᠬᠤ》 ᠪᠠ ᠵᠢᠱ᠌ᠢᠢ᠎ᠡ ᠦᠵᠡᠭᠦᠯᠵᠦ᠍ ᠬᠦᠳᠦᠯᠦᠨ ᠳᠠᠭᠠᠭᠤᠯᠬᠤ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠵᠤ᠂ ᠪᠤᠰᠤᠳ ᠪᠠᠭ᠍ᠰᠢ᠎ᠨᠠᠷ᠎ᠤᠨ ᠵᠢᠭᠠᠨ ᠰᠤᠷᠭᠠᠯᠲᠠ᠎ᠶ᠋ᠢᠨ ᠶᠠᠪᠤᠴᠠ᠎ᠳᠤ ᠲᠤᠯᠭᠠᠷᠠᠭ᠍ᠰᠠᠨ ᠬᠦᠴᠢᠷ ᠠᠰᠠᠭᠤᠳᠠᠯ᠎ᠢ ᠨᠠᠷᠢᠨ ᠠᠰᠠᠭᠤᠬᠤ᠎ᠶ᠋ᠢᠨ ᠬᠠᠮᠲᠤ ᠴᠠᠭ ᠲᠤᠬᠠᠢᠳᠤᠨᠢ ᠬᠠᠪᠰᠤᠷᠤᠯᠭ᠎ᠠ ᠪᠠ ᠬᠠᠷᠢᠭᠤᠯᠲᠠ ᠥᠭ᠌ᠴᠡᠢ᠃ ᠡᠭᠦᠨ᠎ᠦ ᠬᠠᠮᠲᠤ᠂ ᠲᠡᠷᠡ ᠰᠡᠳᠭᠢᠮᠵᠢ᠎ᠶᠢᠨ ᠰᠢᠨ᠎ᠡ᠎ᠵᠢ ᠡᠭᠦᠳᠴᠦ᠂ ᠲᠣᠭ᠍ᠲᠠᠭ᠍ᠰᠠᠨ ᠬᠤᠭᠤᠴᠠᠭ᠎ᠠ᠎ᠲᠠᠶ᠎ᠪᠠᠷ ᠬᠢᠴᠢᠶᠡᠯ ᠲᠦᠷᠦᠯ᠎ᠦᠨ ᠪᠠᠭ᠍ᠰᠢ᠎ᠶ᠋ᠢ ᠳᠠᠭᠠᠭᠤᠯᠤᠨ ᠬᠠᠮᠲᠤ᠎ᠪᠠᠷ ᠬᠢᠴᠢᠶᠡᠯ ᠪᠡᠯᠡᠳᠭᠡᠵᠦ᠍᠂ ᠤᠯᠠᠨ᠎ᠢ ᠬᠠᠷᠢᠯᠴᠠᠨ ᠰᠣᠯᠢᠯᠴᠠᠬᠤ ᠪᠠ ᠰᠤᠷᠤᠯᠴᠠᠬᠤ ᠳᠤᠮᠳᠠ ᠰᠠᠢ᠌ᠨ᠎ᠲᠠᠶ ᠲᠠᠯ᠎ᠠ᠎ᠶ᠋ᠢ ᠨᠢ ᠠᠪᠴᠤ᠌ ᠳᠤᠲᠠᠭ᠍ᠳᠠᠯ᠎ᠲᠠᠶ ᠲᠠᠯ᠎ᠠ᠎ᠪᠠᠨ ᠨᠥᠬᠥᠪᠥᠷᠢᠯᠡᠵᠦ᠍᠂ ᠬᠠᠷᠢᠯᠴᠠᠨ ᠲᠤᠯᠢ ᠪᠣᠯᠭᠠᠵᠤ᠂ ᠪᠦᠷᠢᠨ ᠪᠦᠲᠦᠨ ᠵᠢᠭᠠᠨ ᠰᠤᠷᠭᠠᠯᠲᠠ᠎ᠶ᠋ᠢᠨ ᠲᠥᠯᠥᠪᠯᠡᠭᠡ᠎ᠶ᠋ᠢ ᠪᠦᠷᠢᠯᠳᠦᠭᠦᠯᠪᠡ᠃
ᠬᠠᠮᠲᠤ ᠠᠵᠢᠯᠲᠠᠨ ᠪᠣᠯᠤᠭ᠍ᠰᠠᠨ ᠬᠢᠩᠭᠠᠨ ᠠᠢᠮᠠᠭ᠎ᠤᠨ ᠤᠯᠠᠭᠠᠨᠬᠤᠲᠠ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠯᠢᠦ ᠱᠢᠨ᠂ ᠱᠤᠤ ᠪᠠᠭ᠍ᠰᠢ 《ᠭᠤᠤᠯᠯᠠᠭᠴᠢ ᠪᠠᠭ᠍ᠰᠢ》 ᠵᠢᠨ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠵᠠᠯᠠᠭᠤ ᠪᠠᠭ᠍ᠰᠢ ᠨᠠᠷ᠎ᠲᠤ ᠳᠠᠭᠤᠷᠢᠶᠠᠯ ᠦᠵᠡᠭᠦᠯᠵᠡᠢ᠃ 《ᠱᠤᠤ ᠪᠠᠭ᠍ᠰᠢ ᠦᠷᠭᠦᠯᠵᠢ ᠪᠢᠳᠡᠨ᠎ᠢ ᠳᠠᠭᠠᠭᠤᠯᠤᠨ ᠬᠢᠴᠢᠶᠡᠯ ᠳᠠᠭᠤᠷᠢᠶᠠᠯᠭᠠᠨ ᠬᠢᠴᠢᠶᠡᠯ᠎ᠤᠨ ᠪᠡᠯᠡᠳᠭᠡᠯ ᠬᠢᠯᠬᠡᠵᠤ᠂ ᠤᠯᠠᠨ᠎ᠤ ᠬᠢᠴᠢᠶᠡᠯ ᠪᠡᠯᠡᠳᠭᠡᠬᠦ᠌ ᠴᠢᠳᠠᠪᠤᠷᠢ᠎ᠶ᠋ᠢ ᠶᠡᠬᠡ ᠪᠡᠷ ᠳᠡᠭᠡᠭ᠌ᠰᠢᠯᠡᠭᠦᠯᠪᠡ᠂ ᠰᠤᠯᠠ ᠰᠡᠯᠡᠭᠦᠦ ᠴᠠᠭ᠎ᠲᠤ᠂ ᠲᠡᠷᠡ ᠪᠢᠳᠡᠨ᠎ᠢ ᠵᠢᠯᠣᠭᠣᠳᠤᠨ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠪᠢᠴᠢᠭᠦᠯᠵᠦ᠂ ᠵᠠᠯᠠᠭᠤ ᠪᠠᠭ᠍ᠰᠢ᠎ᠨᠠᠷ᠎ᠢ ᠵᠢᠯᠣᠭᠣᠳᠤᠨ ᠬᠢᠴᠢᠶᠡᠯ᠎ᠢᠶᠡᠨ ᠳᠡᠯᠭᠡᠨ ᠦᠵᠡᠭᠦᠯᠬᠦ᠌ ᠪᠠ ᠳ᠋ᠦᠩᠨᠡᠯᠲᠡ ᠬᠠᠷᠢᠭᠤ ᠮᠡᠳᠡᠭᠦᠯᠦᠯᠲᠡ᠎ᠶ᠋ᠢᠨ ᠬᠢᠴᠢᠶᠡᠯ ᠵᠡᠷᠭᠡ᠎ᠶ᠋ᠢ ᠰᠠᠢᠲᠤᠷ ᠲᠠᠢᠯᠪᠤᠷᠢᠯᠠᠭᠤᠯᠳᠠᠭ᠂ ᠡᠨᠡ ᠨᠢ ᠪᠢᠳᠡᠨ᠎ᠦ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠮᠠᠰᠢ ᠶᠡᠬᠡ ᠬᠠᠪᠰᠤᠷᠤᠯᠭ᠎ᠠ ᠪᠤᠯᠵᠤ᠂ ᠤᠯᠠᠨ᠎ᠢᠶᠡᠷ᠎ᠢᠶᠡᠨ ᠤᠯᠤᠯᠲᠠ ᠶᠡᠬᠡᠲᠡᠢ ᠪᠤᠯᠵᠠᠢ》 ᠭᠡᠵᠦ ᠬᠡᠯᠡᠪᠡ᠃
《ᠪᠢ ᠥᠪᠡᠷ᠎ᠦᠨ ᠵᠢᠭᠠᠨ ᠰᠤᠷᠭᠠᠯᠲᠠ᠎ᠶ᠋ᠢᠨ ᠴᠢᠳᠠᠪᠤᠷᠢ ᠪᠣᠯᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠲᠤ ᠳᠤᠮᠳᠠᠳᠤ ᠶ᠋ᠢᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠰᠣᠶᠣᠯ᠎ᠤᠨ ᠢᠲᠡᠭᠡᠯ ᠢ ᠨᠢ ᠨᠡᠮᠡᠭ᠌ᠳᠡᠭᠦᠯᠵᠦ᠍᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ》 ᠭᠡᠵᠦ ᠱᠤᠤ ᠶᠠᠨ ᠴᠢᠶᠠᠩ ᠬᠡᠯᠡᠭᠰᠡᠨ ᠵᠢᠠᠨ᠂ ᠪᠢ ᠪᠣᠯᠪᠠᠰᠤᠷᠠᠯ᠎ᠤᠨ ᠤᠨᠤᠯ ᠪᠣᠯᠤᠨ ᠦᠢᠯᠡᠳᠦᠯᠭᠡ᠎ᠶ᠋ᠢ ᠬᠣᠢᠱᠢᠳᠠ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠳᠠᠭᠠᠨ ᠦᠷᠭᠦᠯᠵᠢᠯᠡᠨ ᠬᠡᠷᠡᠭ᠌ᠯᠡᠵᠦ᠍᠂ ᠰᠤᠷᠤᠭ᠍ᠴᠢᠳ᠎ᠤᠨ ᠭᠣᠣᠯᠯᠠᠬᠤ ᠬᠡᠪ ᠪᠣᠯᠪᠠᠰᠤᠷᠠᠯ᠎ᠢ ᠬᠥᠮᠦᠵᠢᠭᠦᠯᠬᠦ᠌᠎ᠳᠦ ᠰᠠᠭᠤᠷᠢᠯᠠᠵᠤ᠂ ᠵᠢᠭᠠᠨ ᠰᠤᠷᠭᠠᠯᠲᠠ ᠦᠨᠡᠯᠡᠯᠲᠡ᠎ᠶ᠋ᠢ ᠨᠢᠭᠡ ᠴᠤᠬ᠍ᠴᠠᠵᠢᠭᠤᠯᠬᠤ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ᠎ᠢ ᠨᠠᠢᠳᠠᠪᠤᠷᠢᠵᠢᠭᠤᠯᠵᠤ᠂ ᠨᠢᠭᠡᠴᠢ ᠶ᠋ᠢᠨ ᠪᠦᠬᠦᠯᠢ ᠴᠣᠭ᠍ᠴᠠ᠎ᠶ᠋ᠢᠨ ᠵᠢᠭᠠᠨ ᠰᠤᠷᠭᠠᠯᠲᠠ᠎ᠶ᠋ᠢ ᠥᠷᠨᠢᠭᠦᠯᠵᠦ᠍᠂ ᠰᠡᠳᠦᠪ᠎ᠦᠨ ᠰᠤᠳᠤᠯᠭᠠᠨ᠎ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠤᠯᠠᠨ ᠶᠠᠩᠵᠤ᠎ᠶ᠋ᠢᠨ ᠨᠣᠮ ᠤᠩᠱᠢᠬᠤ ᠠᠵᠢᠯᠯᠠᠭ᠎ᠠ᠎ᠶ᠋ᠢ ᠥᠷᠨᠢᠭᠦᠯᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠵᠦ᠍᠂ ᠨᠡᠩ ᠤᠯᠠᠨ ᠪᠠᠭ᠍ᠰᠢ᠎ᠶ᠋ᠢ ᠳᠠᠭᠠᠭᠤᠯᠤᠨ ᠤᠷᠤᠭ᠍ᠰᠢᠲᠠᠢ ᠦᠰᠦᠨ ᠪᠣᠢᠵᠢᠭᠤᠯᠵᠤ᠂ ᠵᠢᠱ᠌ᠢᠢ᠎ᠡ ᠦᠵᠡᠭᠦᠯᠵᠦ᠍ ᠬᠦᠳᠦᠯᠦᠨ ᠳᠠᠭᠠᠭᠤᠯᠬᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠤᠨ᠎ᠠ ᠭᠡᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃