ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-12-12 16:45:22

ᠵᠣᠬᠢᠶᠠᠭ᠍ᠴᠢ᠄ ​ ᠪᠥᠸᠧ᠎ᠶᠢᠨ ᠹᠧᠩ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠪᠠᠶᠠᠨᠨᠠᠭᠤᠷ ᠬᠣᠲᠠ᠎ᠶᠢᠨ ᠦᠶᠤᠸᠠᠨ ᠰᠢᠶᠠᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠬᠢᠲᠠᠳ ᠥᠰᠥᠭ ᠰᠣᠨᠣᠰᠴᠤ ᠪᠢᠴᠢᠬᠦ ᠶᠡᠬᠡ ᠬᠤᠷᠠᠯ ᠳᠡᠭᠡᠷ᠎ᠡ ᠵᠠᠷᠢᠮ ᠰᠤᠷᠤᠬᠴᠢ ᠰᠡᠳᠭᠢᠯ ᠲᠡᠯᠪᠢᠨ ᠪᠤᠳᠤᠯᠬᠢᠯᠠᠵᠤ᠂ ᠵᠠᠷᠢᠮ ᠨᠢ ᠬᠢᠴᠢᠶᠡᠩᠬᠦᠢᠯᠡᠨ ᠪᠢᠴᠢᠵᠦ᠂ ᠵᠠᠷᠢᠮ ᠨᠢ ᠰᠠᠨᠳᠤᠷᠤᠨ ᠬᠠᠷᠢᠭᠤᠯᠤᠨ᠎ᠠ᠃ ᠬᠡᠦᠬᠡᠳ᠎ᠦᠳ ᠢᠳᠡᠯᠢᠭ᠂ ᠪᠤᠯᠪᠠᠰᠤᠷᠠᠩᠭᠤᠢ᠂ ᠲᠠᠳᠮᠠᠭᠠᠢ ᠰᠠᠢᠬᠠᠨ ᠪᠢᠴᠢᠵᠦ᠂ ᠬᠡᠯᠡ ᠪᠢᠴᠢᠭ᠎ᠦᠨ ᠪᠣᠯᠪᠠᠰᠤᠷᠠᠯ ᠪᠠ ᠪᠢᠴᠢᠬᠦ ᠴᠢᠳᠠᠪᠤᠷᠢ᠎ᠪᠠᠨ ᠭᠦᠢᠴᠡᠳ ᠢᠯᠡᠷᠡᠭᠦᠯᠦᠯ᠎ᠡ᠃

ᠡᠨᠡ ᠤᠳᠠᠭᠠᠨ᠎ᠤ ᠬᠢᠲᠠᠳ ᠦᠰᠦᠭ ᠰᠣᠨᠣᠰᠴᠤ ᠪᠢᠴᠢᠬᠦ ᠠᠵᠢᠯᠯᠠᠭ᠎ᠠ ᠨᠢᠭᠡ ᠤᠳᠠᠭᠠᠨ᠎ᠤ ᠤᠷᠤᠯᠳᠤᠭᠠᠨ ᠲᠡᠳᠦᠢ ᠪᠢᠰᠢ᠂ ᠨᠠᠩ ᠴᠤ᠌ ᠨᠢᠭᠡ ᠤᠳᠠᠭᠠᠨ᠎ᠤ ᠰᠣᠶᠣᠯ᠎ᠤᠨ ᠠᠵᠢᠯᠯᠠᠭ᠎ᠠ ᠪᠣᠯᠣᠨ᠎ᠠ᠃ ᠰᠤᠷᠪᠤᠯᠵᠢᠯᠠᠭᠴᠢ ᠦᠶᠤᠸᠠᠨ ᠰᠢᠶᠠᠨ᠎ᠤ ᠬᠣᠶᠠᠳᠤᠭᠠᠷ ᠪᠠᠭ᠎ᠠ ᠰᠤᠷᠭᠠᠭᠤᠯᠢ ᠵᠢᠨ ᠬᠦᠷᠢᠶ᠎ᠠ ᠪᠠᠷ ᠰᠤᠷᠪᠤᠯᠵᠢᠯᠠᠬᠤ ᠳ᠋ᠠᠭᠠᠨ ᠡᠯ᠎ᠡ ᠠᠩᠭᠢ᠎ᠶᠢᠨ ᠬᠢᠨ ᠡᠷᠲᠡ ᠵᠢᠨ ᠤᠩᠰᠢᠯᠭ᠎ᠠ ᠵᠢᠨ ᠴᠠᠭ᠎ᠢᠶᠠᠨ ᠠᠰᠢᠭ᠍ᠯᠠᠨ 《ᠳᠤᠮᠳᠠᠳᠤ᠎ᠶᠢᠨ ᠰᠣᠩᠭᠣᠳᠠᠭ ᠪᠦᠲᠦᠭᠡᠯ᠎ᠦᠨ ᠤᠩᠰᠢᠯᠭ᠎ᠠ》 ᠥᠷᠨᠢᠭᠦᠯᠵᠦ ᠰᠣᠩᠭᠣᠳᠠᠭ ᠰᠢᠯᠦᠭ ᠵᠣᠬᠢᠶᠠᠯ᠎ᠢ ᠢᠷᠠᠭᠤ ᠰᠠᠢᠬᠠᠨ ᠤᠩᠰᠢᠨ᠎ᠠ; ᠰᠤᠷᠤᠭ᠍ᠴᠢᠳ᠎ᠤᠨ ᠬᠢᠴᠢᠶᠡᠯ᠎ᠦᠨ ᠭᠠᠳᠠᠨᠠᠬᠢ ᠴᠠᠭ ᠵᠢᠡᠨ ᠠᠰᠢᠭ᠍ᠯᠠᠨ《ᠲᠣᠩᠰᠢᠭᠤᠯ᠎ᠤᠨ ᠠᠵᠢᠯᠯᠠᠭ᠎ᠠ》 ᠦᠷᠨᠢᠬᠦᠯᠵᠦ ᠰᠤᠷᠭᠠᠭᠤᠯᠢ᠎ᠶᠢᠨ ᠬᠦᠷᠢᠶᠡᠨ᠎ᠦ ᠳᠣᠲᠣᠭᠤᠷ ᠭᠠᠳᠠᠭᠤᠷ ᠲᠠᠰᠢᠶ᠎ᠠ ᠦᠰᠦᠭ᠎ᠢ ᠡᠷᠢᠵᠦ ᠴᠡᠭᠴᠡᠯᠡᠨ ᠵᠠᠰᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠷᠢᠮᠵᠢᠬᠦᠯᠬᠦ ᠤᠬᠠᠮᠰᠠᠷ᠎ᠢ ᠴᠢᠩᠭᠠᠳᠬᠠᠨ᠎ᠠ; ᠳᠥᠷᠪᠡᠳᠦᠭᠡᠷ ᠣᠨ᠎ᠤ ᠰᠤᠷᠤᠭ᠍ᠴᠢᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠡᠳᠬᠢᠴᠡ᠎ᠶᠢᠨ ᠵᠦᠴᠦᠭᠡ ᠪᠠ ᠬᠤᠪᠢᠰᠬᠠᠯᠲᠤ ᠵᠦᠴᠦᠭᠡ᠎ᠶᠢ ᠪᠠᠷᠢᠮᠵᠢᠶ᠎ᠠ ᠠᠪᠢᠶ᠎ᠠ ᠪᠠᠷ ᠲᠣᠭᠯᠠᠵᠤ ᠁ ᠪᠠᠢᠬᠤ ᠵᠢ ᠤᠯᠵᠤ ᠬᠠᠷᠠᠪᠠ᠃

《ᠪᠢᠳᠡ ᠰᠤᠷᠤᠭ᠍ᠴᠢᠳ᠎ᠤᠨ ᠪᠣᠳᠠᠲᠠᠢ᠎ᠡᠴᠡ ᠡᠭᠦᠰᠴᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠭᠣᠣᠯ ᠰᠡᠳᠦᠪᠲᠦ ᠠᠩᠭᠢ᠎ᠶᠢᠨ ᠬᠤᠷᠠᠯ᠂ ᠰᠣᠩᠭᠣᠳᠠᠭ ᠵᠣᠬᠢᠶᠠᠯ᠎ᠢ ᠤᠩᠰᠢᠬᠤ᠂ ᠬᠢᠲᠠᠳ ᠦᠰᠦᠭ᠎ᠢ ᠪᠢᠴᠢᠬᠦ ᠵᠡᠷᠭᠡ ᠤᠯᠠᠨ ᠶᠠᠩᠵᠤ ᠬᠡᠯᠪᠡᠷᠢ᠎ᠶᠢᠨ᠂ ᠡᠯᠪᠡᠭ ᠪᠠᠶᠠᠯᠢᠭ᠋ ᠠᠭᠤᠯᠭ᠎ᠠ᠎ᠲᠠᠢ ᠠᠵᠢᠯᠯᠠᠭ᠎ᠠ ᠵᠢ ᠵᠤᠬᠢᠶᠠᠨ ᠪᠠᠢᠭᠤᠯᠤᠨ ᠦᠷᠨᠢᠭᠦᠯᠵᠦ᠂ ᠪᠦᠬᠦ ᠰᠤᠷᠭᠠᠭᠤᠯᠢ᠎ᠶᠢᠨ ᠬᠡᠪᠴᠢᠶᠡᠨ᠎ᠳᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠵᠤ ᠪᠠᠢᠨ᠎ᠠ》ᠭᠡᠵᠦ ᠦᠶᠤᠸᠠᠨ ᠰᠢᠶᠠᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠳᠡᠳ᠋ ᠵᠠᠬᠢᠷᠤᠯ ᠯᠢ ᠶᠤᠸᠠᠢ ᠮᠧᠶ ᠲᠠᠨᠢᠯᠴᠠᠭᠤᠯᠤᠨ᠎ᠠ᠂ ᠲᠡᠷᠡ ᠪᠡᠷ᠄ 《ᠰᠤᠷᠭᠠᠭᠤᠯᠢ ᠪᠠᠰᠠ 〈ᠤᠯᠤᠰ᠎ᠤᠨ ᠲᠣᠭ᠎ᠤᠨ ᠳᠣᠣᠷᠠᠬᠢ ᠶᠠᠷᠢᠶ᠎ᠠ ᠢᠯᠡᠳᠭᠡᠯ〉᠂ 〈ᠭᠣᠣᠯ ᠰᠡᠳᠦᠪᠲᠦ ᠠᠩᠭᠢ᠎ᠶᠢᠨ ᠬᠤᠷᠠᠯ〉 ᠵᠡᠷᠭᠡ ᠠᠯᠢ ᠣᠯᠠᠨ ᠠᠵᠢᠯᠯᠠᠭ᠎ᠠ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠤᠬᠠᠭᠤᠯᠭ᠎ᠠ᠎ᠶᠢᠨ ᠠᠵᠢᠯ᠎ᠢ ᠭᠦᠨᠵᠡᠭᠡᠢ ᠥᠷᠨᠢᠭᠦᠯᠬᠦ᠎ᠶᠢ ᠪᠦᠬᠦᠯᠢ ᠴᠣᠭᠴᠠ᠎ᠪᠠᠷ ᠨᠢ ᠠᠬᠢᠭᠤᠯᠵᠤ᠂ ᠡᠶ᠎ᠡ ᠵᠣᠬᠢᠴᠠᠩᠭᠤᠢ᠂ ᠪᠣᠯᠪᠠᠰᠤᠨ᠂ ᠰᠠᠢᠨ ᠰᠠᠢᠬᠠᠨ ᠦᠭᠡ ᠬᠡᠯᠡᠨ᠎ᠦ ᠣᠷᠴᠢᠨ ᠨᠥᠬᠥᠴᠡᠯ᠎ᠢ ᠪᠣᠶ ᠪᠤᠯᠭᠠᠵᠤ ᠪᠠᠢᠨ᠎ᠠ》 ᠭᠡᠪᠠ᠃

ᠣᠢᠯᠠᠭᠠᠭᠰᠠᠨ᠎ᠢᠶᠠᠷ᠂ ᠦᠶᠤᠸᠠᠨ ᠰᠢᠶᠠᠨ ᠡᠯ᠎ᠡ ᠨᠢᠭᠡᠴᠢ᠂ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠤᠬᠠᠭᠤᠯᠭ᠎ᠠ᠎ᠶᠢᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ᠎ᠪᠡᠷ ᠳᠡᠯᠭᠡᠷᠡᠭᠦᠯᠬᠦ ᠪᠠ ᠵᠢᠷᠤᠮᠵᠢᠭᠤᠯᠤᠨ ᠬᠡᠷᠡᠭᠯᠡᠵᠦ ᠪᠠᠢᠨ᠎ᠠ᠃ ᠡᠭᠦᠨ᠎ᠦ ᠬᠠᠮᠲᠤ᠂ ᠵᠠᠭᠤᠴᠢᠯᠠᠭᠤᠷ᠎ᠤᠨ ᠤᠬᠠᠭᠤᠯᠭ᠎ᠠ ᠵᠢᠨ ᠴᠢᠳᠠᠮᠵᠢ᠎ᠶᠢ ᠴᠢᠩᠭᠠᠳᠬᠠᠵᠤ᠂ ᠷᠠᠳᠢᠣ᠋ ᠲᠧᠯᠸᠢᠰ᠂ ᠰᠣᠨᠢᠨ ᠰᠡᠳᠬᠦᠯ᠂ ᠲᠡᠯᠭᠡᠴᠨ ᠰᠠᠮᠪᠡᠷ᠎ᠠ ᠭᠢᠭᠡᠤᠨ ᠵᠢᠷᠭᠢᠶ᠎ᠡ ᠵᠡᠷᠭᠡ ᠵᠠᠭᠤᠴᠢᠯᠠᠭᠤᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠤᠬᠠᠭᠤᠯᠭ᠎ᠠ᠎ᠶᠢᠨ ᠠᠵᠢᠯᠯᠠᠭ᠎ᠠ᠎ᠶᠢ ᠣᠯᠠᠨ ᠠᠷᠭ᠎ᠠ ᠵᠠᠮ᠂ ᠣᠯᠠᠨ ᠬᠠᠷᠠᠭᠠᠰᠤ ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ᠎ᠪᠡᠷ ᠥᠷᠨᠢᠭᠦᠯᠵᠦ᠂ ᠨᠡᠢᠭᠡᠮ ᠳᠠᠶᠠᠭᠠᠷ᠎ᠲᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠤᠷᠤᠯᠴᠠᠨ ᠬᠡᠷᠡᠭᠯᠡᠬᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面