ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-16 16:47:09

ᠵᠣᠬᠢᠶᠠᠭ᠍ᠴᠢ᠄ ᠪᠤᠶᠠᠨ᠌ᠡᠨᠡᠷᠢᠯ ᠣᠩᠱᠢᠭ᠍ᠰᠠᠨ ᠣᠳᠠᠭ᠎ᠠ᠄ 3

《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠬᠢᠴᠢᠶᠡᠯᠯᠡᠭ᠌ᠰᠡᠨ᠎ᠦ ᠳᠠᠷᠠᠭ᠎ᠠ᠂ ᠲᠣᠭᠠᠨ᠎ᠤ ᠤᠬᠠᠭᠠᠨ᠎ᠤ ᠬᠢᠴᠢᠶᠡᠯ᠎ᠨᠠᠩ ᠲᠥᠬᠥᠮ ᠣᠢᠯᠠᠭᠠᠮᠵᠢᠲᠠᠶ ᠪᠣᠯᠪᠠ᠂ ᠳᠡᠭᠡᠷ᠎ᠡ ᠬᠤᠭᠤᠴᠠᠭᠠᠨ᠎ᠤ ᠬᠤᠭᠤᠴᠠᠭᠠᠨ ᠰᠡᠬᠦᠯᠴᠢ ᠵᠢᠨ ᠱᠢᠯᠭᠠᠯᠲᠠ᠎ᠳᠤ ᠪᠢ 100 ᠬᠤᠪᠢ ᠱᠢᠯᠭᠠᠪᠠ 》 ᠭᠡᠵᠦ᠍ ᠲᠦᠷᠦᠭᠦᠬᠡᠨ ᠣᠷᠳᠣᠰ ᠬᠣᠲᠠ᠎ᠶ᠋ᠢᠨ ᠣᠲᠣᠭ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠰᠣᠷᠣᠭ᠍ᠴᠢ ᠴᠢ᠊ ᠠᠢᠵᠠᠮ ᠣᠮᠣᠭ ᠲᠡᠭᠦᠯᠳᠡᠷ ᠬᠡᠯᠡᠪᠡ᠃ 2021 ᠣᠨ᠎ᠤ ᠡᠬᠢᠨ᠎ᠡᠴᠡ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠠ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠎ᠢ ᠳᠡᠭᠡᠭ᠌ᠰᠢᠯᠡᠭᠦᠯᠬᠦ᠌᠎ᠶ᠋ᠢ ᠨᠠᠩ ᠰᠠᠢᠲᠤᠷ ᠬᠡᠷᠡᠭ᠌ᠵᠢᠭᠦᠯᠬᠦ᠌᠎ᠶ᠋ᠢᠨ ᠲᠥᠯᠥᠭᠡ᠂ ᠣᠲᠣᠭ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠪᠥᠬᠥ᠌ ᠰᠤᠷᠭᠠᠭᠤᠯᠢ᠎ᠶ᠋ᠢᠨ ᠡᠯ᠎ᠡ ᠣᠨ᠎ᠤ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤ᠂ ᠱᠢᠨᠵᠢᠯᠡᠬᠦ᠌ ᠤᠬᠠᠭᠠᠨ ᠪᠠ ᠲᠣᠭᠠᠨ᠎ᠤ ᠤᠬᠠᠭᠠᠨ ᠵᠡᠷᠭᠡ ᠬᠡᠳᠦᠨ ᠲᠥᠷᠥᠯ᠎ᠦᠨ ᠬᠢᠴᠢᠶᠡᠯ᠎ᠳᠦ ᠴᠥᠮ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠢᠴᠢᠶᠡᠯ᠎ᠢ ᠨᠢᠭᠡᠳᠦᠯᠲᠡᠶ ᠨᠡᠭᠡᠭᠡᠪᠡ᠃

ᠴᠢ᠊ ᠠᠢᠵᠠᠮ᠎ᠤᠨ ᠡᠵᠢ ᠪᠤᠶᠠᠨ᠎ᠠ ᠰᠤᠷᠪᠤᠯᠵᠢᠯᠠᠭ᠍ᠴᠢ᠎ᠳᠤ ᠄ 《 ᠠᠪᠤ ᠡᠵᠢ ᠪᠣᠯᠤᠭ᠍ᠰᠠᠨ᠎ᠤ ᠬᠤᠪᠢ᠎ᠳᠤ᠂ ᠬᠡᠦᠬᠡᠳ ᠨᠡᠩ ᠰᠠᠢ᠌ᠨ ᠢᠷᠡᠭᠡᠳᠦᠢ᠎ᠲᠡᠶ ᠪᠣᠯᠬᠤ᠎ᠶ᠋ᠢ ᠬᠦᠰᠡᠵᠦ᠍ ᠪᠠᠢᠨ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠢᠴᠢᠶᠡᠯᠯᠡᠬᠦ᠌ ᠨᠢ ᠬᠡᠦᠬᠡᠳ᠎ᠦᠨ ᠬᠠᠷᠠᠭ᠎ᠠ᠎ᠶ᠋ᠢ ᠥᠷᠭᠡᠳᠭᠡᠵᠦ᠍᠂ ᠮᠡᠳᠡᠯᠭᠡ᠎ᠶ᠋ᠢ ᠨᠡᠮᠡᠭ᠌ᠳᠡᠭᠦᠯᠬᠦ᠌ ᠪᠡᠷ ᠪᠠᠷᠠᠬᠤ ᠦᠭᠡᠢ ᠪᠠᠰᠠ ᠬᠥᠮᠦᠰ᠎ᠦᠨ ᠶᠠᠪᠤᠯᠴᠠᠭ᠎ᠠ᠎ᠳᠤ ᠠᠱᠢᠭ᠍ᠲᠠᠢ ᠶᠤᠮ 》 ᠭᠡᠵᠦ᠍ ᠬᠡᠯᠡᠪᠡ᠃ ᠰᠤᠷᠤᠭ᠍ᠴᠢᠳ᠎ᠤᠨ ᠭᠡᠷ᠎ᠦᠨ ᠠᠬᠠᠮᠠᠳ ᠪᠣᠯᠤᠭ᠍ᠰᠠᠨ᠎ᠤ ᠬᠤᠪᠢ᠎ᠳᠤ᠂ ᠲᠡᠷᠡ ᠬᠡᠦᠬᠡᠳ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠭᠦᠯᠬᠦ᠌ ᠨᠢ ᠬᠤᠪᠢ ᠬᠥᠮᠦᠨ᠎ᠦ ᠬᠥᠭ᠌ᠵᠢᠯᠲᠡ᠎ᠳᠦ ᠠᠱᠢᠭ᠍ᠲᠠᠢ ᠭᠡᠳᠡᠭ᠎ᠢ ᠭᠦᠨᠵᠡᠭᠡᠢ ᠣᠢᠯᠠᠭᠠᠵᠤ᠂ ᠬᠡᠦᠬᠡᠳ᠎ᠦᠨ ᠬᠣᠢᠱᠢᠳᠠ᠎ᠶ᠋ᠢᠨ ᠰᠤᠷᠤᠯᠭ᠎ᠠ᠂ ᠠᠵᠢᠯ ᠪᠠ ᠬᠥᠮᠦᠨ᠎ᠦ ᠠᠮᠢᠳᠤᠷᠠᠯ᠎ᠤᠨ ᠵᠠᠮ᠎ᠢ ᠥᠷᠭᠡᠳᠭᠡᠵᠦ᠍᠂ ᠨᠡᠩ ᠤᠯᠠᠨ ᠰᠣᠩᠭᠣᠯᠲᠠ ᠬᠢᠬᠦ᠌ ᠲᠣᠬᠢᠶᠠᠯ᠎ᠲᠠᠶ ᠶᠤᠮ ᠬᠡᠪᠡ ᠃

ᠣᠢᠯᠠᠭᠠᠭ᠍ᠰᠠᠨ᠎ᠢᠶᠠᠷ᠂ ᠣᠲᠣᠭ ᠬᠣᠱᠢᠭᠤ ᠣᠯᠠᠨ ᠤᠳᠠᠭ᠎ᠠ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠤᠳᠤᠯᠤᠨ ᠪᠠᠢᠷᠢᠯᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠥᠯᠥᠪᠯᠡᠭᠡ᠎ᠶ᠋ᠢ ᠲᠣᠭ᠍ᠲᠠᠭᠠᠨ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠲᠡᠭᠡᠭᠰᠢᠯᠡᠬᠦᠯᠦᠨ᠂ ᠪᠠᠭ᠍ᠰᠢ᠎ᠶ᠋ᠢᠨ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ᠎ᠡᠴᠡ ᠤᠷᠢᠬᠤ᠂ ᠶᠡᠬᠡ ᠳᠡᠭᠡᠳᠦ ᠰᠤᠷᠭᠠᠭᠤᠯᠢ᠎ᠡᠴᠡ ᠴᠢᠳᠠᠪᠤᠷᠢᠲᠠᠨ ᠤᠷᠢᠬᠤ᠂ ᠰᠤᠷᠭᠠᠭᠤᠯᠢ᠎ᠶ᠋ᠢᠨ ᠳᠣᠲᠣᠭᠠᠳᠤ᠎ᠳᠤ ᠠᠵᠢᠯ᠎ᠤᠨ ᠪᠠᠢᠷᠢ ᠵᠢ ᠰᠣᠯᠢᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠭᠤᠷᠪᠠᠨ ᠲᠥᠷᠥᠯ᠎ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲᠸᠷᠢᠶᠠᠯ᠎ᠤᠨ ᠪᠠᠭ᠍ᠰᠢ᠎ᠶ᠋ᠢ 87 ᠨᠡᠮᠡᠵᠦ᠍ ᠳᠣᠭᠢᠷᠠᠭᠤᠯᠪᠠ᠃ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠨᠠᠷᠠᠲᠤ ᠪᠠᠭ᠍ᠰᠢ᠎ᠶ᠋ᠢᠨ ᠠᠵᠢᠯ᠎ᠤᠨ ᠲᠠᠰᠤᠭ᠎ᠢ 4 ᠪᠠᠢᠭᠤᠯᠵᠤ᠂ ᠴᠡᠭ᠎ᠲᠦ ᠰᠠᠭᠤᠵᠤ ᠵᠢᠭᠠᠨ ᠰᠤᠳᠤᠯᠬᠤ᠂ ᠮᠥᠷᠳᠡᠨ ᠵᠢᠯᠣᠭᠣᠳᠭᠤ᠂ ᠰᠤᠷᠭᠠᠨ ᠬᠥᠮᠦᠵᠢᠯ᠎ᠢ ᠬᠥᠳᠡᠭᠡ ᠪᠠᠭᠤᠯᠭᠠᠬᠤ ᠠᠵᠢᠯ᠎ᠢ ᠪᠠᠢᠩᠭᠤ ᠥᠷᠨᠢᠭᠦᠯᠵᠦ᠍᠂ ᠵᠢᠭᠠᠨ ᠰᠤᠳᠤᠯᠬᠤ ᠵᠢᠭᠠᠨ ᠵᠢᠯᠣᠭᠣᠳᠭᠤ᠎ᠪᠠᠨ ᠵᠡᠷᠭᠡ᠎ᠳᠦᠨᠢ ᠴᠢᠩᠭᠠᠳᠭᠠᠵᠤ ᠂ ᠵᠢᠭᠠᠨ ᠰᠤᠳᠤᠯᠬᠤ ᠠᠵᠢᠯᠲᠠᠨ᠎ᠤ ᠰᠤᠷᠭᠠᠭᠤᠯᠢ᠎ᠳᠤ ᠣᠷᠣᠵᠤ ᠵᠢᠭᠠᠨ ᠵᠢᠯᠣᠭᠣᠳᠭᠤ ᠪᠠ ᠬᠡᠰᠡᠭ ᠬᠣᠯᠪᠣᠭᠠᠯᠠᠨ ᠵᠢᠭᠠᠨ ᠰᠤᠳᠤᠯᠬᠤ ᠠᠵᠢᠯᠯᠠᠭ᠎ᠠ᠎ᠶ᠋ᠢ ᠣᠯᠠᠨ ᠤᠳᠠᠭ᠎ᠠ ᠥᠷᠨᠢᠭᠦᠯᠵᠦ᠍᠂ ᠪᠠᠭ᠍ᠰᠢ᠎ᠶ᠋ᠢᠨ ᠬᠢᠴᠢᠶᠡᠯ ᠦᠨᠡᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌ ᠲᠣᠭ᠍ᠲᠡᠴᠡ᠎ᠶ᠋ᠢ ᠪᠠᠢᠭᠤᠯᠵᠤ᠂ ᠴᠢᠨᠠᠷ ᠰᠠᠢᠲᠠᠶ ᠡᠩ᠎ᠦᠨ ᠰᠤᠷᠭᠠᠭᠤᠯᠢ ᠬᠢᠭᠡᠳ ᠤᠤᠯ᠎ᠤᠨ ᠦᠨᠳᠦᠰᠦᠲᠡᠨ᠎ᠦ ᠦᠭᠡ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠯᠤᠭ᠎ᠠ ᠬᠠᠪᠰᠤᠷᠤᠯᠴᠠᠭ᠎ᠠ ᠪᠠᠢᠭᠤᠯᠬᠤ᠎ᠶ᠋ᠢ ᠵᠣᠬᠢᠶᠠᠨ ᠪᠠᠢᠭᠤᠯᠵᠤ᠂ ᠰᠠᠷ᠎ᠠ ᠪᠦᠷᠢ ᠨᠢᠭᠡ ᠤᠳᠠᠭ᠎ᠠ ᠬᠠᠮᠲᠤ᠎ᠪᠠᠷ ᠬᠢᠴᠢᠶᠡᠯ ᠪᠡᠯᠡᠳᠭᠡᠬᠦ᠌᠂ ᠵᠢᠭᠠᠬᠤ ᠮᠠᠲ᠋ᠧᠷᠢᠶᠠᠯ᠎ᠢ ᠵᠠᠳᠠᠯᠬᠤ᠂ ᠬᠢᠴᠢᠶᠡᠯ᠎ᠢ ᠰᠤᠳᠤᠯᠬᠤ᠂ ᠰᠣᠯᠢᠯᠴᠠᠨ ᠰᠤᠷᠤᠯᠴᠠᠯᠭ᠎ᠠ ᠥᠷᠨᠢᠭᠦᠯᠬᠦ᠌᠎ᠶ᠋ᠢᠨ ᠬᠠᠮᠲᠤ ᠲᠣᠭ᠎ᠠ ᠹᠢᠽᠢᠺ ᠬᠢᠮᠢ᠎ᠶ᠋ᠢᠨ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠎ᠶ᠋ᠢ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ ᠭᠤᠤᠯᠳᠠᠯᠭ᠎ᠠ᠎ᠲᠠᠶ ᠠᠭᠤᠯᠭ᠎ᠠ᠎ᠳᠤ ᠣᠷᠣᠭᠤᠯᠪᠠ᠃ ᠵᠢᠭᠠᠨ ᠰᠤᠷᠭᠠᠯᠲᠠ ᠵᠢᠨ ᠵᠤᠯᠭᠠᠯᠴᠠᠭ᠎ᠠ᠎ᠶ᠋ᠢ ᠪᠠᠲᠤᠯᠠᠵᠤ᠂ ᠡᠯ᠎ᠡ ᠰᠤᠷᠤᠯᠭ᠎ᠠ᠎ᠶ᠋ᠢᠨ ᠱᠠᠲᠤᠨ᠎ᠤ ᠵᠢᠭᠠᠨ ᠰᠤᠷᠭᠠᠯᠲᠠ᠎ᠶ᠋ᠢ ᠵᠣᠯᠭᠠᠭᠤᠯᠬᠤ᠎ᠬᠡᠷᠡᠭ᠌ᠵᠢᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ᠂ ᠰᠤᠷᠤᠭ᠍ᠴᠢᠳ᠎ᠤᠨ ᠬᠢᠲᠠᠳ ᠬᠡᠯᠡ ᠪᠢᠴᠢᠭ᠎ᠦᠨ ᠰᠠᠭᠤᠷᠢ ᠪᠠ ᠬᠦᠯᠢᠶᠡᠨ ᠠᠪᠬᠤ ᠴᠢᠳᠠᠪᠤᠷᠢ᠎ᠶ᠋ᠢ ᠨᠢᠭᠡᠳᠦᠯᠲᠡᠶ ᠲᠥᠯᠥᠪᠵᠢᠭᠦᠯᠦᠨ ᠵᠠᠳᠠᠯᠵᠤ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠠ ᠮᠣᠩᠭᠣᠯ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠢ ᠬᠠᠷᠭᠤᠭᠤᠯᠤᠨ ᠯᠠᠪᠯᠠᠯᠲᠠ ᠪᠣᠯᠭᠠᠨ ᠬᠡᠷᠡᠭ᠌ᠯᠡᠬᠦ᠌ ᠵᠢᠭᠠᠨ ᠰᠤᠷᠭᠠᠯᠲᠠ᠎ᠶ᠋ᠢᠨ ᠵᠠᠭ᠍ᠪᠤᠷ᠎ᠢ ᠬᠡᠷᠡᠭ᠌ᠯᠡᠨ᠂ ᠵᠢᠭᠠᠨ ᠰᠤᠷᠭᠠᠯᠲᠠ᠎ᠶ᠋ᠢᠨ ᠠᠭᠤᠯᠭ᠎ᠠ᠎ᠶ᠋ᠢ ᠲᠥᠯᠥᠪᠯᠡᠨ ᠲᠣᠭ᠍ᠲᠠᠭᠠᠪᠠ᠃ ᠲᠤᠰ ᠬᠣᠱᠢᠭᠤᠨ᠎ᠤ ᠡᠯ᠎ᠡ ᠤᠤᠯ᠎ᠤᠨ ᠦᠨᠳᠦᠰᠦᠲᠡᠨ᠎ᠦ ᠦᠭᠡ ᠬᠡᠯᠡ ᠦᠰᠦᠭ ᠪᠢᠴᠢᠭ᠎ᠢᠶᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠵᠤᠨ᠎ᠤ ᠠᠮᠠᠷᠠᠯᠲᠠ᠎ᠶ᠋ᠢᠨ ᠨᠠᠢᠳᠠᠨ ᠬᠠᠮᠢᠶᠠᠷᠤᠭᠤᠯᠬᠤ ᠦᠢᠯᠡᠴᠢᠯᠡᠭᠡ᠎ᠶ᠋ᠢ ᠤᠯᠠᠨ ᠤᠳᠠᠭ᠎ᠠ ᠥᠷᠨᠢᠭᠦᠯᠵᠦ᠍᠂ ᠠᠵᠢᠯ᠎ᠤᠨ ᠪᠠᠲᠤᠯᠠᠭ᠎ᠠ᠎ᠶ᠋ᠢᠨ ᠲᠥᠰᠦᠯ ᠪᠠ 10 ᠤᠨᠴᠠᠯᠢᠭ᠍ᠳᠤ ᠦᠢᠯᠡᠴᠢᠯᠡᠭᠡᠨ᠎ᠦ ᠲᠦᠷᠦᠯ ᠵᠦᠢᠯ᠎ᠢ ᠲᠣᠭ᠍ᠲᠠᠭᠠᠵᠤ᠂ ᠣᠳᠣᠬᠠᠨ᠎ᠳᠤ ᠨᠡᠢ᠌ᠳᠡ 72 ᠰᠠᠢ᠌ᠨ ᠳᠤᠷ᠎ᠠ᠎ᠶ᠋ᠢᠨ ᠪᠠᠭ᠍ᠰᠢ ᠰᠠᠨᠠᠭᠠᠴᠢᠯᠠᠭ᠎ᠠ᠎ᠡᠴᠡ᠎ᠪᠠᠨ ᠣᠷᠣᠯᠴᠠᠵᠤ᠂ 790 ᠰᠤᠷᠤᠬ᠍ᠴᠢ ᠣᠷᠣᠯᠴᠠᠪᠠ᠃

ᠡᠭᠦᠨ᠎ᠡᠴᠡ ᠭᠠᠳᠠᠨ᠎ᠠ᠂ ᠪᠥᠬᠥ᠌ ᠬᠣᠱᠢᠭᠤᠨ᠎ᠤ ᠡᠯ᠎ᠡ ᠱᠠᠲᠤᠨ᠎ᠤ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠳᠦᠷᠢᠮᠵᠢᠭᠦᠯᠦᠯᠲᠡ᠎ᠶ᠋ᠢᠨ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ 83.33%᠎ᠳᠤ ᠬᠦᠷᠴᠦ᠍᠂ ᠪᠥᠬᠥ᠌ ᠬᠣᠲᠠ᠎ᠶ᠋ᠢᠨ ᠳᠤᠮᠳᠠ ᠳᠡᠭᠡᠳᠦ ᠲᠦᠪᠱᠢᠨ᠎ᠳᠦ ᠬᠦᠷᠴᠦ᠂ ᠡᠭᠦᠨ᠎ᠳᠦ ᠦᠵᠦᠭᠦᠷ ᠪᠠᠯᠭᠠᠰᠤ᠎ᠵᠢᠨ ᠨᠢᠭᠡᠳᠦᠭᠡᠷ ᠪᠠᠭ᠎ᠠ ᠰᠤᠷᠭᠠᠭᠤᠯᠢ ᠬᠣᠲᠠ᠎ᠶ᠋ᠢᠨ ᠲᠠᠰ᠎ᠤᠨ ᠵᠢᠱ᠌ᠢᠶ᠎ᠡ ᠦᠵᠡᠭᠦᠯᠬᠦ᠌ ᠰᠤᠷᠭᠠᠭᠤᠯᠢ᠎ᠪᠠᠷ ᠦᠨᠡᠯᠡᠭ᠌ᠳᠡᠪᠡ᠃ ᠪᠥᠬᠥ᠌ ᠬᠣᠱᠢᠭᠤᠨ᠎ᠤ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ 96%᠎ᠳᠤ ᠬᠦᠷᠴᠦ᠍᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ 93%᠎ᠳᠤ ᠬᠦᠷᠴᠦ᠍᠂ ᠡᠭᠦᠨ᠎ᠳᠦ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠯᠡ ᠪᠢᠴᠢᠭ᠎ᠦᠨ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ 100%᠎ᠳᠤ ᠬᠦᠷᠴᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面