2023-10-07 11:02:55
《 ᠲᠦᠷᠦ ᠵᠢᠨ ᠲᠦᠰᠢᠮᠡᠳ ᠠᠨ᠎ᠤ ᠠᠷᠠᠳ ᠢᠷᠭᠡᠳ᠎ᠦᠨ᠎ᠢᠶᠡᠨ ᠲᠥᠯᠥᠭᠡ ᠵᠣᠪᠠᠮᠤᠶ᠂ ᠡᠭᠡᠯ ᠠᠷᠠᠳ ᠠᠨ᠎ᠤ ᠤᠯᠤᠰ ᠤᠷᠤᠨ ᠤ᠋ ᠪᠡᠨ ᠲᠥᠯᠥᠭᠡ ᠵᠣᠪᠠᠮᠤᠶ ᠂ ᠤᠯᠤᠰ ᠤᠷᠤᠨ ᠤ᠋ ᠪᠡᠨ ᠠᠮᠤᠷ ᠲᠦᠪᠰᠢᠨ ᠠᠶᠤᠯ ᠲᠦᠭᠰᠢᠬᠦᠷᠢ ᠵᠢ ᠢᠮᠠᠬᠳᠠ ᠠᠨᠭᠬᠠᠷᠤᠨ ᠬᠠᠯᠠᠮᠵᠢᠯᠠᠬᠤ ᠪᠡᠨ ᠮᠠᠷᠳᠠᠵᠤ ᠦᠯᠤ ᠪᠤᠯᠤᠮᠤᠢ ᠂ ᠳᠡᠭᠡᠪᠡᠯ ᠬᠡᠵᠢᠶ᠎ᠡ ᠵᠢᠷᠭᠠᠬᠤ ᠪᠤᠢ? ᠡᠭᠦᠨ᠎ᠢ 〈ᠵᠤᠪᠠᠭᠤᠷᠢ ᠵᠦᠳᠡᠬᠦᠷᠢ ᠵᠢ ᠤᠯᠠᠨ ᠡᠴᠡ ᠡᠮᠤᠨ᠎ᠠ ᠠᠮᠰᠠᠵᠤ᠂ ᠵᠢᠷᠭᠠᠯ ᠴᠡᠨᠭᠭᠡᠯ ᠢ᠋ ᠤᠯᠠᠨ ᠡᠴᠡ ᠬᠤᠢᠨ᠎ᠠ ᠡᠳ᠋ᠯᠡᠮᠤᠢ 〉ᠬᠡᠮᠡᠮᠦᠶ!》 ᠭᠡᠵᠤ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠮᠣᠩᠭᠣᠯ ᠥᠨᠳᠤᠰᠤᠳᠡᠨ ᠤ ᠳᠤᠮᠳᠠᠳᠤ ᠰᠤᠷᠭᠠᠭᠤᠯᠢ᠎ᠶ᠋ᠢᠨ ᠶᠢᠰᠦᠳᠦᠭᠡᠷ ᠣᠨ᠎ᠤ ᠬᠣᠶᠠᠳᠤᠭᠠᠷ ᠠᠩᠬᠢ᠎ᠶ᠋ᠢᠨ ᠬᠢᠴᠢᠶᠡᠯ᠎ᠦᠨ ᠲᠠᠩᠬᠢᠮ᠎ᠳᠤ ᠂ ᠴᠧᠨ ᠭᠦᠸᠧ ᠬᠠᠢ ᠪᠠᠭ᠍ᠰᠢ ᠰᠤᠷᠤᠭ᠍ᠴᠢᠳ᠎ᠢᠶᠠᠨ ᠳᠠᠭᠠᠭᠤᠯᠤᠨ ᠤᠮᠠᠷᠠᠲᠤ ᠰᠦᠩ ᠤᠯᠤᠰ᠎ᠤᠨ ᠠᠯᠳᠠᠷᠲᠤ ᠤᠳᠭ᠎ᠠ ᠵᠣᠬᠢᠶᠠᠯᠴᠢ ᠹᠠᠨ ᠵᠦᠩ ᠶᠠᠨ᠎ᠤ 《ᠶᠤᠸᠠᠢ ᠶᠠᠩ ᠯᠧᠦ ᠠᠰᠠᠷ᠎ᠤᠨ ᠲᠡᠮᠳᠡᠭ᠌ᠯᠡᠯ 》 ᠢ᠋ ᠤᠨᠭᠰᠢᠨ ᠵᠣᠬᠢᠶᠠᠭ᠍ᠴᠢ᠎ᠶ᠋ᠢᠨ ᠭᠡᠬᠥᠳᠡᠭ ᠴᠡᠭᠡᠵᠢᠨ ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠵᠤ ᠂ ᠤᠯᠤᠰ᠎ᠢᠶᠠᠨ ᠬᠠᠢᠷᠠᠯᠠᠵᠤ ᠠᠷᠠᠳ ᠲᠦᠮᠡᠨ ᠵᠢᠡᠨ ᠬᠠᠢᠷᠠᠯᠠᠬᠤ ᠡᠷᠬᠢᠮ ᠳᠡᠭᠡᠳᠦ ᠦᠵᠡᠯ ᠰᠠᠨᠠᠭ᠎ᠠ᠎ᠶ᠋ᠢ ᠬᠠᠮᠲᠤ ᠪᠠᠷ ᠰᠤᠷᠤᠯᠴᠠᠵᠤ ᠪᠠᠢᠯ᠎ᠠ᠃
《ᠪᠢ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ᠎ᠢ ᠰᠤᠷᠤᠯᠴᠠᠭᠠᠳ ᠬᠠᠷᠠᠭ᠎ᠠ᠎ᠪᠡᠨ ᠥᠷᠭᠡᠵᠢᠭᠦᠯᠵᠤ᠂ ᠬᠢᠴᠢᠶᠡᠯ᠎ᠢᠶᠡᠨ ᠰᠤᠷᠤᠯᠴᠠᠬᠤ ᠪᠡᠷ ᠲᠠᠮᠵᠢᠨ〈ᠡᠬᠡ ᠤᠯᠤᠰ᠎ᠤᠨ᠎ᠢᠶᠠᠨ ᠨᠡᠷᠡᠳᠦ ᠠᠭᠤᠯᠠ ᠤᠰᠤ᠎ᠪᠠᠷ 〈ᠵᠢᠭᠤᠯᠴᠢᠯᠠᠵᠤ〉᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠤᠷᠤᠯᠴᠠᠬᠤ ᠶᠠᠪᠤᠴᠠ᠎ᠳᠤ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠠᠢ》 ᠭᠡᠵᠦ᠍ ᠰᠤᠷᠤᠭ᠍ᠴᠢ ᠨᠠᠮᠤᠭᠤᠬᠠᠨ ᠬᠡᠯᠡᠪᠡ᠃
ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ 《ᠠᠯᠠᠱᠠ ᠪᠠᠷᠠᠭᠤᠨ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ 2023 ᠣᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠶᠢ ᠬᠣᠱᠢᠭᠤᠨ ᠤ᠋ ᠬᠡᠪᠴᠢᠶᠡᠨ᠎ᠳᠦ ᠰᠣᠯᠢᠯᠴᠠᠭᠤᠯᠬᠤ ᠠᠵᠢᠯ᠎ᠤᠨ ᠲᠤᠬᠠᠶ ᠮᠡᠳᠡᠭ᠌ᠳᠡᠯ》 ᠢ᠋ ᠦᠨᠳᠦᠰᠦᠯᠡᠵᠦ᠂ ᠠᠯᠠᠱᠠ ᠪᠠᠷᠠᠭᠤᠨ ᠬᠣᠱᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ᠎ᠦᠨ ᠳᠤᠮᠳᠠᠳᠤ ᠰᠤᠷᠭᠠᠭᠤᠯᠢ᠂ ᠬᠣᠶᠠᠳᠤᠭᠠᠷ ᠪᠦᠷᠢᠨ ᠪᠠᠭ᠎ᠠ ᠰᠤᠷᠭᠠᠭᠤᠯᠢ᠎ᠡᠴᠡ ᠪᠠᠴᠢᠮ ᠳᠤᠲᠠᠭ᠍ᠳᠠᠵᠤ ᠪᠠᠢᠭ᠎ᠠ 4 ᠬᠢᠴᠢᠶᠡᠯ ᠲᠥᠷᠥᠯ᠎ᠦᠨ ᠪᠠᠭ᠍ᠰᠢ᠎ᠶ᠋ᠢ ᠰᠣᠩᠭᠣᠨ ᠮᠣᠩᠭᠣᠯ ᠥᠨᠳᠤᠰᠤᠳᠡᠨ ᠤ ᠳᠤᠮᠳᠠᠳᠤ ᠰᠤᠷᠭᠠᠭᠤᠯᠢ᠂ ᠮᠣᠩᠭᠣᠯ ᠥᠨᠳᠤᠰᠤᠳᠡᠨ ᠤ ᠪᠠᠭ᠎ᠠ ᠰᠤᠷᠭᠠᠭᠤᠯᠢ᠎ᠳᠤ ᠪᠠᠭ᠍ᠰᠢᠯᠠᠭᠤᠯᠪᠠ᠂ ᠴᠧᠨ ᠭᠦᠸᠧ ᠬᠠᠶ ᠪᠠᠭ᠍ᠰᠢ ᠪᠣᠯ ᠲᠡᠭᠦᠨ᠎ᠦ ᠳᠣᠲᠣᠷᠠᠬᠢ ᠨᠢᠭᠡ ᠨᠢ ᠪᠣᠯᠤᠨ᠎ᠠ᠃《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ ᠨᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠂ ᠤᠯᠤᠰ ᠭᠡᠷ᠎ᠦᠨ ᠬᠠᠢᠷ᠎ᠠ ᠰᠡᠳᠭᠢᠯᠭᠡ᠎ᠶ᠋ᠢ ᠪᠣᠢᠵᠢᠭᠤᠯᠬᠤ᠂ ᠲᠡᠦᠬᠡ ᠰᠣᠶᠣᠯ᠎ᠢ ᠤᠯᠠᠮᠵᠢᠯᠠᠬᠤ᠂ ᠰᠣᠶᠣᠯ ᠢᠷᠭᠡᠨᠱᠢᠯ᠎ᠤᠨ ᠬᠦᠮᠦᠵᠢᠯ ᠬᠦᠷᠳᠡᠭᠡᠬᠦ ᠵᠡᠷᠭᠡ ᠲᠠᠯ᠎ᠠ᠎ᠪᠠᠷ ᠪᠦᠷ ᠴᠢᠬᠤᠯᠠ ᠠᠴᠢ ᠬᠣᠯᠪᠣᠭ᠍ᠳᠠᠯ᠎ᠲᠠᠶ ᠶᠤᠮ》 ᠃ ᠬᠡᠯᠡ ᠪᠢᠴᠢᠭ᠎ᠦᠨ ᠬᠢᠴᠢᠶᠡᠯ᠎ᠦᠨ ᠳᠡᠪᠲᠡᠷ᠎ᠲᠡᠬᠢ ᠢᠷᠠᠭᠤ ᠰᠠᠢᠬᠠᠨ ᠱᠢᠯᠦᠭ ᠳᠠᠭᠤᠯᠠᠯ᠂ ᠠᠯᠳᠠᠷᠲᠤ ᠪᠦᠲᠦᠭᠡᠯ᠎ᠦᠨ ᠬᠥᠲᠥᠯᠦᠮᠵᠢ ᠨᠢ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠤᠬᠢ ᠰᠣᠳᠣ᠎ᠶ᠋ᠢ ᠰᠢᠮᠡᠳᠭᠡᠭᠰᠡᠨ ᠶᠤᠮ᠂ ᠪᠢᠳᠡ ᠰᠤᠷᠤᠭ᠍ᠴᠢᠳ᠎ᠢ ᠬᠦᠳᠦᠯᠦᠨ ᠵᠢᠯᠣᠭᠣᠳᠴᠤ᠌ ᠠᠯᠤᠰ ᠬᠡᠳᠤ᠎ᠶ᠋ᠢᠨ ᠬᠦᠰᠡᠯ ᠵᠣᠷᠢᠯᠲᠠ᠎ᠲᠠᠶ ᠪᠣᠯᠭᠠᠵᠤ ᠂ ᠨᠡᠢᠭᠡᠮ᠎ᠦᠨ ᠬᠠᠷᠢᠭᠤᠴᠠᠯᠭᠠᠲᠤ ᠰᠡᠳᠭᠢᠯᠭᠡ᠎ᠶ᠋ᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠰᠣᠶᠣᠯ᠎ᠤᠨ ᠠᠭᠤᠯᠤᠭ᠍ᠳᠠᠬᠤᠨ᠎ᠢ ᠬᠠᠳᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠨ᠎ᠠ》 ᠭᠡᠵᠦ᠍ ᠴᠧᠨ ᠭᠦᠸᠧ ᠬᠠᠢ ᠬᠡᠯᠡᠪᠡ᠃
ᠠᠳᠠᠯᠢᠬᠠᠨ ᠦᠰᠦᠭ ᠪᠢᠴᠢᠭ᠂ ᠠᠳᠠᠯᠢᠬᠠᠨ ᠦᠭᠡ ᠬᠡᠯᠡ᠂ ᠠᠳᠠᠯᠢᠬᠠᠨ ᠰᠡᠳᠬᠢᠯᠭᠡ ᠲᠠᠢ ᠪᠠᠢᠬᠤ ᠭᠡᠷᠡᠭᠳᠠᠢ᠃ ᠠᠯᠠᠱᠠ ᠪᠠᠷᠠᠭᠤᠨ ᠬᠣᠱᠢᠭᠤᠨ᠎ᠤ ᠡᠯ᠎ᠡ ᠰᠤᠷᠭᠠᠭᠤᠯᠢ᠎ᠶ᠋ᠢᠨ ᠬᠢᠨ ᠤᠯᠤᠰ ᠤ᠋ᠨ ᠲᠤᠭ ᠮᠠᠨᠳᠤᠭᠤᠯᠬᠤ ᠶᠣᠰᠣᠯᠠᠯ ᠂ ᠤᠯᠤᠰ᠎ᠤᠨ ᠲᠤᠭ᠎ᠤᠨ ᠳᠣᠣᠷᠠᠬᠢ ᠶᠠᠷᠢᠶ᠎ᠠ᠂ ᠠᠩᠬᠢ᠎ᠶ᠋ᠢᠨ ᠬᠤᠷᠠᠯ᠎ᠤᠨ ᠬᠢᠴᠢᠶᠡᠯ ᠵᠢᠴᠢ ᠤᠷᠠᠨ ᠪᠢᠴᠢᠯᠭᠡ᠎ᠶ᠋ᠢᠨ ᠤᠷᠤᠯᠳᠤᠭᠠᠨ ᠵᠡᠷᠭᠡ ᠬᠡᠯᠪᠡᠷᠢ᠎ᠶ᠋ᠢ ᠭᠦᠢᠴᠡᠳ ᠠᠱᠢᠭ᠍ᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠵᠢᠨ ᠤᠬᠠᠮᠰᠠᠷ ᠢ᠋ ᠪᠠᠳᠤ ᠴᠤᠬᠴᠠᠯᠠᠬᠤ ᠬᠥᠮᠦᠵᠢᠯ᠎ᠦᠨ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠪᠦᠬᠦ᠌ ᠪᠠᠭ᠍ᠰᠢ ᠰᠤᠷᠤᠭ᠍ᠴᠢᠳ᠎ᠢ ᠪᠠᠶᠠᠷ ᠬᠦᠷ ᠲᠠᠢ ᠪᠡᠷ ᠤᠷᠤᠯᠴᠠᠭᠤᠯᠪᠠ᠃
ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠱᠠᠲᠤ ᠦᠶ᠎ᠡ ᠪᠣᠯ ᠰᠤᠷᠭᠠᠭᠤᠯᠢ ᠵᠢᠨ ᠨᠠᠰᠤᠨ ᠡᠴᠡ ᠡᠮᠦᠨᠡᠬᠢ ᠬᠡᠸ᠋ᠬᠡᠳ᠎ᠦᠨ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠰᠡᠬᠡᠭᠡᠷᠡᠭᠦᠯᠬᠦ᠌ ᠬᠤᠭᠤᠴᠠᠭ᠎ᠠ ᠪᠠ ᠬᠦᠮᠦᠵᠢᠭᠦᠯᠬᠦᠬᠤᠭᠤᠴᠠᠭᠠ ᠮᠥᠨ᠂ ᠠᠯᠠᠱᠠ ᠪᠠᠷᠠᠭᠤᠨ ᠬᠣᠱᠢᠭᠤᠨ᠎ᠤ ᠨᠢᠭᠡᠳᠦᠭᠡᠷ ᠬᠡᠸ᠋ᠬᠡᠳ᠎ᠦᠨ ᠴᠡᠴᠡᠷᠯᠢᠭ᠎ᠦᠨ ᠤᠷᠠᠨ ᠵᠢᠷᠤᠭ᠎ᠤᠨ ᠬᠢᠴᠢᠶᠡᠯ ᠳᠡᠭᠡᠷ᠎ᠡ ᠪᠢᠴᠢᠬᠠᠨ ᠨᠠᠢᠵᠠ᠎ᠨᠠᠷ ᠲᠠᠪᠤᠨ ᠣᠳᠣᠲᠤ ᠤᠯᠠᠭᠠᠨ ᠲᠣᠭ᠎ᠢ ᠨᠠᠷᠢᠨ ᠬᠢᠨᠠᠮᠠᠭᠠᠶ ᠵᠢᠷᠤᠵᠤ᠂ ᠪᠠᠭ᠍ᠰᠢ ᠡᠴᠡ᠎ᠪᠠᠨ ᠤᠯᠤᠰ᠎ᠤᠨ ᠲᠣᠭ᠎ᠤᠨ ᠪᠡᠯᠭᠡᠳᠡᠯ ᠤᠳᠭ᠎ᠠ ᠠᠭᠤᠯᠭ᠎ᠠ᠎ᠶ᠋ᠢᠨ ᠲᠤᠬᠠᠶ ᠶᠠᠷᠢᠬᠤ᠎ᠶ᠋ᠢ ᠰᠣᠨᠣᠰᠤᠨ᠎ᠠ ᠃ 《ᠠᠯᠠᠱᠠ ᠪᠠᠷᠠᠭᠤᠨ ᠬᠣᠱᠢᠭᠤᠨ᠎ᠤ ᠬᠣᠶᠠᠷ ᠬᠡᠸ᠋ᠬᠡᠳ᠎ᠦᠨ ᠴᠡᠴᠡᠷᠯᠢᠭ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠠᠰᠠᠷᠠᠨ ᠬᠥᠮᠦᠵᠢᠭᠦᠯᠬᠦ᠌ ᠠᠵᠢᠯᠯᠠᠭ᠎ᠠ ᠥᠷᠨᠢᠭᠦᠯᠵᠦ᠍ ᠂ ᠠᠳᠠᠯᠢ ᠪᠤᠰᠤ ᠨᠠᠰᠤᠨ᠎ᠤ ᠬᠡᠸ᠋ᠬᠡᠳ᠎ᠦᠨ ᠣᠨᠴᠠᠯᠢᠭ᠎ᠢ ᠦᠨᠳᠦᠰᠦᠯᠡᠨ ᠂ ᠡᠳᠦᠷ ᠲᠤᠲᠤᠮ᠎ᠤᠨ ᠵᠢᠭᠠᠨ ᠰᠤᠷᠭᠠᠯᠲᠠ ᠪᠠ ᠬᠤᠪᠢᠰᠭᠠᠯ᠎ᠤᠨ ᠥᠯᠢᠭᠡᠷ ᠂ ᠬᠡᠸ᠋ᠬᠡᠳ᠎ᠦᠨ ᠳᠠᠭᠤᠸ᠋ ᠂ ᠬᠡᠸ᠋ᠬᠡᠳ᠎ᠦᠨ ᠤᠨᠭᠰᠢᠭᠤ ᠵᠡᠷᠭᠡ ᠦᠵᠡᠭᠦᠯᠭᠡ᠎ᠶ᠋ᠢᠨ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠭᠤᠯᠤᠨ᠂ ᠬᠡᠸ᠋ᠬᠡᠳᠦᠳᠦᠨ ᠢᠯᠡᠭᠦᠸ᠋ ᠰᠣᠨᠣᠰᠴᠤ᠌᠂ ᠢᠯᠡᠭᠦᠸ᠋ ᠶᠠᠷᠢᠬᠤ ᠵᠢ ᠵᠤᠷᠢᠬᠵᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠬᠤ᠎ᠪᠠᠷ ᠳᠠᠮᠵᠢᠭᠤᠯᠤᠨ᠂ ᠬᠡᠸ᠋ᠬᠡᠳ ᠨᠢᠭᠡ ᠪᠦᠷᠢᠳᠦ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠵᠢᠭᠦᠷ ᠤᠷᠭᠤᠭᠤᠯᠤᠨ᠎ᠠ》 ᠭᠡᠵᠦ᠍ ᠠᠯᠠᠱᠠ ᠪᠠᠷᠠᠭᠤᠨ ᠬᠣᠱᠢᠭᠤᠨ᠎ᠤ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠪᠠᠭ᠍ᠰᠢ ᠸᠠᠩ ᠯᠢᠩ ᠬᠡᠯᠡᠪᠡ᠃
ᠡᠨᠡ ᠵᠢᠯ ᠂ ᠠᠯᠠᠱᠠ ᠪᠠᠷᠠᠭᠤᠨ ᠬᠣᠱᠢᠭᠤᠨ᠎ᠤ ᠬᠢᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠢᠭᠠᠨ ᠰᠤᠷᠭᠠᠯᠲᠠ᠎ᠶ᠋ᠢᠨ ᠰᠤᠳᠤᠯᠭᠠᠨ᠎ᠤ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠠᠵᠢᠯ ᠲᠦᠷᠦᠯ ᠵᠢᠡᠷ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠠᠢᠭᠤᠯᠵᠤ᠂ ᠣᠳᠣ ᠪᠠᠢᠭ᠎ᠠ ᠪᠠᠭ᠍ᠰᠢ᠎ᠶ᠋ᠢᠨ ᠡᠬᠢ ᠪᠠᠶᠠᠯᠢᠭ᠎ᠢ ᠨᠡᠢᠳᠭᠡᠵᠤ ᠂ ᠰᠤᠷᠭᠠᠭᠤᠯᠢ᠎ᠶ᠋ᠢᠨ ᠬᠣᠭᠣᠷᠣᠨᠳᠣᠬᠢ ᠬᠢᠵᠠᠭᠠᠷᠯᠠᠯ᠎ᠢ ᠡᠪᠳᠡᠵᠦ᠍᠂ ᠠᠯᠠᠱᠠ ᠪᠠᠷᠠᠭᠤᠨ ᠬᠣᠱᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠮᠤᠨᠭᠭᠤᠯ ᠦᠨᠳᠤᠰᠤᠳᠡᠨ ᠤ᠋ ᠲᠤᠮᠳᠠᠳᠤ ᠰᠤᠷᠭᠠᠭᠤᠯᠢ᠂ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠂ ᠬᠣᠶᠠᠳᠤᠭᠠᠷ ᠪᠦᠷᠢᠨ ᠪᠠᠭ᠎ᠠ ᠰᠤᠷᠭᠠᠭᠤᠯᠢ ᠨᠢ ᠮᠣᠩᠭᠣᠯ ᠦᠨᠳᠤᠰᠤᠳᠡᠨ ᠤ᠋ ᠪᠠᠭ᠎ᠠ ᠰᠤᠷᠭᠠᠭᠤᠯᠢ᠎ᠲᠠᠶ ᠠᠵᠢᠯ ᠲᠦᠷᠦᠯ ᠵᠢᠡᠷ ᠬᠠᠪᠰᠤᠷᠤᠯᠴᠠᠬᠤ ᠰᠤᠷᠭᠠᠭᠤᠯᠢ ᠪᠣᠯᠵᠤ ᠪᠦᠷᠢᠯᠳᠦᠨ᠂ 23 ᠪᠠᠭ᠍ᠰᠢ᠎ᠶ᠋ᠢ ᠰᠣᠩᠭᠣᠨ ᠲᠣᠮᠢᠯᠠᠵᠤ 《 1 ᠳ᠋ᠤ1 ᠵᠢ ᠬᠠᠷᠠᠭᠠᠯᠵᠠᠭᠤᠯᠤᠬᠰᠡᠨ》 ᠬᠠᠪᠰᠤᠷᠤᠨ ᠲᠡᠳᠬᠦᠬᠦ᠌ ᠪᠠ ᠪᠠᠭ᠍ᠰᠢ᠎ᠶ᠋ᠢᠨ ᠠᠵᠢᠯ᠎ᠤᠨ ᠪᠠᠢᠷᠢ ᠡᠭᠡᠯᠵᠢᠯᠡᠭᠦᠯᠦᠨ ᠰᠣᠯᠢᠯᠴᠠᠬᠤ ᠠᠵᠢᠯᠯᠠᠭ᠎ᠠ᠎ᠶ᠋ᠢ ᠥᠷᠨᠢᠭᠦᠯᠵᠦ᠍᠂ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠡᠷᠡᠭ᠌ᠯᠡᠭᠡᠨ᠎ᠦ ᠬᠡᠯᠡ ᠬᠢᠭᠡᠳ ᠳᠦᠷᠢᠮᠵᠢᠭ᠌ᠰᠡᠨ ᠥᠰᠥᠭ ᠪᠢᠴᠢᠭ᠎ᠦᠨ ᠪᠢᠴᠢᠯᠭᠡ᠎ᠶ᠋ᠢᠨ ᠪᠣᠯᠪᠠᠰᠤᠷᠠᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠬᠢᠴᠢᠶᠡᠯ᠎ᠦᠨ ᠵᠢᠱ᠌ᠢᠶ᠎ᠡ᠎ᠶ᠋ᠢ ᠰᠤᠳᠤᠯᠤᠨ ᠶᠠᠷᠢᠯᠴᠠᠬᠤ᠂ ᠱᠢᠨ᠎ᠡ ᠬᠢᠴᠢᠶᠡᠯ᠎ᠦᠨ ᠲᠡᠮᠳᠡᠭ᠎ᠦᠨ ᠣᠢᠯᠠᠭᠠᠬᠳᠠᠬᠤᠨᠳᠤ ᠰᠠᠭᠤᠷᠢᠯᠠᠭ᠍ᠰᠠᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠰᠤᠳᠤᠯᠤᠨ ᠪᠣᠯᠪᠠᠰᠤᠷᠠᠭᠤᠯᠬᠤ》3 ᠲᠠᠯ᠎ᠠ᠎ᠶ᠋ᠢᠨ ᠲᠣᠭᠣᠷᠢᠨ᠎ᠳᠤ ᠪᠣᠳᠠᠲᠠᠶ᠎ᠪᠠᠷ ᠬᠠᠪᠰᠤᠷᠤᠨ ᠲᠡᠳᠬᠦᠬᠦ᠌ ᠠᠵᠢᠯᠯᠠᠭ᠎ᠠ ᠥᠷᠨᠢᠭᠦᠯᠵᠦ᠍ ᠂ ᠬᠠᠪᠰᠤᠷᠤᠨ ᠲᠡᠳᠬᠦᠵᠦ᠍ ᠵᠢᠯᠣᠭᠣᠳᠭᠤ᠎ᠶ᠋ᠢ ᠪᠠᠢᠩᠭᠤᠵᠢᠭᠤᠯᠤᠨ ᠨᠠᠢᠳᠠᠪᠤᠷᠢᠵᠢᠭᠤᠯᠬᠤ᠎ᠶ᠋ᠢ ᠪᠠᠷᠢᠮᠲᠠᠯᠠᠨ᠂ ᠱᠢᠯᠢᠳᠡᠭ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠰᠣᠯᠢᠯᠴᠠᠭ᠎ᠠ ᠬᠢᠵᠦ᠍ ᠬᠠᠷᠢᠯᠴᠠᠨ ᠠᠱᠢᠭ ᠬᠦᠷᠲᠡᠭᠦ᠎ᠶ᠋ᠢ ᠬᠦᠴᠦᠲᠡᠶ ᠠᠬᠢᠭᠤᠯᠪᠠ᠃ ᠬᠠᠪᠰᠤᠷᠤᠨ ᠲᠡᠳᠬᠦᠵᠦ᠍ ᠬᠥᠮᠦᠵᠢᠭᠦᠯᠬᠦ᠌ ᠲᠣᠭ᠍ᠲᠠᠴᠠ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠬᠠᠮᠲᠤ᠎ᠪᠠᠷ ᠬᠢᠴᠢᠶᠡᠯ ᠪᠡᠯᠡᠳᠭᠡᠬᠦ᠌᠂ ᠬᠢᠴᠢᠶᠡᠯ ᠦᠨᠡᠯᠡᠬᠦ᠌᠎ᠶ᠋ᠢ ᠰᠣᠨᠣᠰᠭᠤ ᠂ ᠬᠢᠴᠢᠶᠡᠯ᠎ᠦᠨ ᠵᠢᠱ᠌ᠢᠶ᠎ᠡ᠎ᠶ᠋ᠢ ᠰᠤᠳᠤᠯᠤᠨ ᠶᠠᠷᠢᠯᠴᠠᠬᠤ ᠵᠡᠷᠭᠡ ᠰᠤᠷᠭᠠᠭᠤᠯᠢ᠎ᠳᠤ ᠰᠠᠭᠤᠵᠤ ᠵᠢᠭᠠᠨ ᠰᠤᠳᠤᠯᠬᠤ ᠵᠢᠭᠠᠨ ᠵᠢᠯᠣᠭᠣᠳᠴᠤ᠌ ᠮᠥᠷᠳᠡᠨ ᠬᠥᠮᠦᠵᠢᠭᠦᠯᠬᠦ᠌ ᠠᠵᠢᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠵᠦ᠍ ᠂ ᠱᠢᠨ᠎ᠡ᠎ᠪᠡᠷ ᠠᠵᠢᠯ᠎ᠳᠤ ᠤᠷᠤᠭ᠍ᠰᠠᠨ 15 ᠪᠠᠭ᠍ᠰᠢ᠎ᠶ᠋ᠢ ᠠᠵᠢᠯ᠎ᠤᠨ ᠪᠠᠢᠷᠢ ᠳᠠᠭᠠᠵᠤ ᠰᠣᠯᠢᠯᠴᠠᠬᠤ ᠪᠣᠯᠪᠠᠰᠤᠷᠠᠯ ᠥᠷᠨᠢᠭᠦᠯᠪᠡ᠃ ᠡᠭᠦᠨ᠎ᠦ ᠵᠡᠷᠭᠡ ᠪᠡᠷ ᠲᠤᠰᠭᠠᠶ ᠵᠢᠭᠠᠨ ᠰᠤᠷᠭᠠᠯᠲᠠ᠎ᠶ᠋ᠢᠨ ᠵᠢᠭᠠᠨ ᠵᠢᠯᠣᠭᠣᠳᠭᠤ ᠠᠵᠢᠯ᠎ᠤᠨ ᠳᠤᠭᠤᠢᠯᠠᠩ᠎ᠢ ᠵᠣᠬᠢᠶᠠᠨ ᠪᠠᠢᠭᠤᠯᠵᠤ᠂ ᠵᠢᠭᠠᠨ ᠰᠤᠳᠤᠯᠤᠭ᠍ᠴᠢ᠎ᠶ᠋ᠢᠨ 《ᠴᠡᠭ᠎ᠡᠴᠡ ᠴᠡᠭ᠎ᠲᠦ ᠬᠥᠷᠬᠥ᠌》 ᠂ 《1 ᠳ᠋ᠤ 1 ᠵᠢ ᠬᠠᠷᠠᠭᠠᠯᠵᠠᠭᠤᠯᠤᠬᠰᠡᠨ》 ᠵᠢᠭᠠᠨ ᠰᠤᠷᠭᠠᠯᠲᠠ᠎ᠶ᠋ᠢᠨ ᠵᠢᠯᠣᠭᠣᠳᠣᠯᠭ᠎ᠠ᠎ᠶ᠋ᠢ ᠥᠷᠨᠢᠭᠦᠯᠵᠦ᠍ ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠬᠦᠴᠦᠲᠡᠶ ᠪᠠᠲᠤᠯᠠᠪᠠ᠃ ᠡᠭᠦᠨ᠎ᠦ ᠵᠡᠷᠭᠡ ᠪᠡᠷ 《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠯᠲᠡ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ》᠎ᠢ᠋ ᠡᠬᠢᠯᠡᠨ ᠬᠡᠷᠡᠭ᠌ᠵᠢᠭᠦᠯᠵᠦ᠍ ᠂ ᠪᠠᠭ᠍ᠰᠢ ᠰᠣᠷᠣᠭ᠍ᠴᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠦᠨ ᠂ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠪᠠᠷᠢᠮᠵᠢᠶ᠎ᠠ᠎ᠳᠤ ᠬᠥᠷᠬᠥ᠌ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠥᠷᠨᠢᠭᠦᠯᠵᠦ᠍᠂ ᠣᠳᠣᠬᠠᠨ᠎ᠳᠤ ᠲᠣᠰ ᠬᠣᠱᠢᠭᠤᠨ᠎ᠤ ᠨᠡᠢᠲᠡ 8 ᠰᠤᠷᠭᠠᠭᠤᠯᠢ᠎ᠶ᠋ᠢ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠳᠦᠷᠢᠮᠵᠢᠭᠦᠯᠦᠯᠲᠡ᠎ᠶ᠋ᠢᠨ ᠪᠠᠷᠢᠮᠵᠢᠶ᠎ᠠ᠎ᠳᠤ ᠬᠥᠷᠬᠥ᠌ ᠰᠤᠷᠭᠠᠭᠤᠯᠢ (ᠴᠡᠴᠡᠷᠯᠢᠭ)》 ᠪᠠᠷ ᠮᠠᠭᠠᠳᠯᠠᠨ ᠲᠣᠭ᠍ᠲᠠᠭᠠᠵᠤ ᠂ ᠰᠤᠷᠭᠠᠭᠤᠯᠢ᠎ᠶ᠋ᠢᠨ ᠪᠠᠷᠢᠮᠵᠢᠶ᠎ᠠ᠎ᠳᠤ ᠬᠥᠷᠬᠥ᠌ ᠨᠣᠷᠮ᠎ᠠ᠎ᠶ᠋ᠢ 100% ᠳ᠋ᠤ ᠬᠦᠷᠭᠡᠪᠠ᠃
《ᠠᠯᠠᠱᠠ ᠪᠠᠷᠠᠭᠤᠨ ᠬᠣᠱᠢᠭᠤᠨ᠎ᠤ ᠡᠯ᠎ᠡ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠪᠠ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠬᠦ᠌ ᠦᠨᠳᠦᠷᠴᠡ ᠳ᠋ᠤ ᠵᠣᠭ᠍ᠰᠣᠵᠤ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠳᠤ ᠴᠤᠬᠴᠠᠯᠠᠬᠤ ᠬᠥᠮᠦᠵᠢᠯ᠎ᠵᠢᠡᠷ ᠭᠣᠣᠯ ᠱᠢᠵᠢᠮ ᠪᠣᠯᠭᠠᠵᠤ᠂ ᠶᠣᠰᠣ ᠰᠤᠷᠲᠠᠬᠤᠨ᠎ᠢ ᠱᠤᠭᠤᠵᠤ ᠬᠥᠮᠦᠨ᠎ᠢ ᠬᠥᠮᠦᠵᠢᠭᠦᠯᠬᠦ ᠂ ᠰᠣᠶᠣᠯ᠎ᠢᠶᠠᠷ ᠬᠥᠮᠦᠨ᠎ᠢ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠨ᠎ᠠ》 ᠭᠡᠵᠦ᠍ ᠠᠯᠠᠱᠠ ᠪᠠᠷᠠᠭᠤᠨ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠳᠠᠷᠤᠭ᠎ᠠ ᠫᠸᠩ ᠱ᠌ᠢ ᠷᠦᠩ ᠢᠲᠡᠭᠡᠯ ᠲᠡᠭᠦᠯᠳᠡᠷ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃