2023-10-25 11:12:39
《ᠨᠤᠮᠢᠨ ᠨᠤᠭᠤᠭᠠᠨ ᠨᠠᠭᠤᠷ᠎ᠤᠨ ᠤᠰᠤᠨ ᠲᠡᠭᠷᠢ ᠵᠢᠨ ᠬᠠᠶᠠᠭ᠎ᠠ ᠲᠠᠢ ᠵᠠᠯᠭᠠᠯᠳᠤᠨ ᠦᠵᠦᠬᠦᠷ ᠬᠢᠵᠠᠭᠠᠷ ᠦᠬᠡᠢ ᠨᠡᠯᠦᠢᠨᠠ》᠃ ᠠᠰᠤᠷᠦ ᠬᠥᠯᠥᠨ ᠨᠠᠭᠤᠷ᠎ᠤᠨ ᠬᠥᠪᠡᠭᠡᠨ᠎ᠳᠦ ᠵᠣᠭ᠍ᠰᠣᠵᠤ ᠡᠨᠡ ᠱᠢᠯᠦᠭ᠎ᠢ ᠤᠩᠰᠢᠵᠤ ᠭᠠᠷᠭᠠᠬᠤ ᠦᠶ᠎ᠡ᠎ᠳᠦ ᠡᠵᠢ ᠨᠢ ᠸᠧᠶ ᠸᠧᠶ ᠶᠡᠬᠡᠳᠡ ᠰᠣᠴᠢᠨ ᠭᠠᠢᠬᠠᠪᠠ᠃ ᠠᠰᠤᠷᠤ ᠬᠦᠦ ᠪᠣᠯ ᠱᠢᠨ᠎ᠡ ᠪᠠᠷᠭᠤ ᠪᠠᠷᠠᠭᠤᠨ ᠬᠣᠱᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠰᠤᠷᠤᠭ᠍ᠴᠢ ᠪᠣᠯᠤᠨ᠎ᠠ᠂ ᠲᠡᠷᠡ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠯᠡ ᠪᠢᠴᠢᠭ᠎ᠦᠨ ᠬᠢᠴᠢᠶᠡᠯ 《ᠶᠤᠸᠠᠢ ᠶᠠᠩ ᠯᠧᠦ ᠠᠰᠠᠷ᠎ᠤᠨ ᠲᠡᠮᠳᠡᠭ᠌ᠯᠡᠯ》᠎ᠢ᠋ ᠰᠤᠷᠤᠯᠴᠠᠭ᠍ᠰᠠᠨ᠎ᠤ ᠲᠠᠷᠠᠭ᠎ᠠ ᠮᠠᠰᠢ ᠭᠦᠨ ᠲᠦᠷᠦᠭᠳᠡᠯ ᠲᠠᠢ ᠪᠠᠢᠯ᠎ᠠ᠃
《ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠨᠢ ᠬᠡᠦᠬᠡᠳ᠎ᠲᠦ ᠨᠢᠭᠡᠨ ᠱᠢᠨ᠎ᠡ ᠶᠢᠷᠲᠢᠨᠴᠦ᠍᠎ᠶ᠋ᠢ ᠨᠡᠭᠡᠭᠡᠵᠦ᠍ ᠥᠭ᠌ᠴᠡᠢ᠃ ᠠᠮᠠᠷᠠᠯᠲᠠ᠎ᠶ᠋ᠢᠨ ᠬᠤᠭᠤᠴᠠᠭᠠᠨ᠎ᠳᠤ ᠵᠠᠪᠠᠯ ᠲᠡᠭᠦᠨ᠎ᠢ ᠳᠠᠭᠠᠭᠤᠯᠵᠤ ᠶᠤᠸᠠᠢ ᠶᠠᠩ ᠯᠧᠦ ᠠᠰᠠᠷ᠎ᠲᠤ ᠠᠪᠠᠷᠢᠵᠦ᠂ ᠳ᠋ᠦᠩ ᠲᠢᠩ ᠬᠤ᠌ ᠨᠠᠭᠤᠷᠵᠢᠡᠷ ᠵᠤᠭᠠᠴᠠᠵᠤ᠂ ᠲᠡᠦᠬᠡ᠎ᠶ᠋ᠢᠨ ᠭᠤᠤ᠎ᠠ ᠰᠠᠢᠬᠠᠨ᠂ ᠠᠭᠤᠯᠠ ᠤᠰᠤᠨ᠎ᠤ ᠭᠤᠤ᠎ᠠ ᠰᠠᠢᠬᠠᠨ ᠪᠠ ᠰᠣᠶᠣᠯ᠎ᠤᠨ ᠭᠤᠤ᠎ᠠ ᠰᠠᠢᠬᠠᠨ᠎ᠢ ᠮᠡᠳᠡᠷᠡᠭᠦᠯᠦᠨ᠎ᠡ᠃》 ᠭᠡᠵᠤ ᠡᠵᠢ ᠨᠢ ᠠᠰᠤᠷᠦ ᠲᠠᠢ᠎ᠪᠡᠨ ᠡᠢᠮᠦ ᠪᠣᠯᠵᠣᠭ᠎ᠠ ᠳᠠᠯᠪᠢᠵᠠᠢ᠃
ᠱᠢᠨ᠎ᠡ ᠪᠠᠷᠭᠤ ᠪᠠᠷᠠᠭᠤᠨ ᠬᠣᠱᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ 《ᠡᠭᠦᠯᠡᠨ ᠰᠤᠷᠭᠠᠭᠤᠯᠢ》 ᠵᠢᠨ ᠪᠦᠳᠦᠭᠡᠨ ᠪᠠᠢᠭᠤᠯᠤᠯᠲᠠ᠎ᠶ᠋ᠢ ᠠᠱᠢᠭ᠍ᠯᠠᠨ 《ᠡᠭᠦᠯᠡᠨ ᠰᠤᠷᠭᠠᠭᠤᠯᠢ》 ᠵᠢᠨ ᠬᠢᠴᠢᠶᠡᠯ᠎ᠦᠨ ᠲᠠᠩᠬᠢᠮ᠂ ᠨᠡᠷᠡᠳᠤ ᠪᠠᠭ᠍ᠰᠢ᠎ᠶ᠋ᠢᠨ ᠬᠢᠴᠢᠶᠡᠯ᠎ᠦᠨ ᠲᠠᠩᠬᠢᠮ᠂ ᠨᠡᠷᠡᠳᠤ ᠰᠤᠷᠭᠠᠭᠤᠯᠢ᠎ᠶ᠋ᠢᠨ ᠰᠦᠯᠵᠢᠶᠡᠨ᠎ᠦ ᠬᠢᠴᠢᠶᠡᠯ᠎ᠦᠨ ᠲᠠᠩᠬᠢᠮ᠎ᠤᠨ ᠬᠠᠷᠢᠯᠴᠠᠨ ᠦᠢᠯᠡᠳᠦᠯᠴᠡᠬᠦ᠌ ᠵᠢᠭᠠᠨ ᠰᠤᠷᠭᠠᠯᠲᠠ ᠪᠠᠷ ᠳᠠᠮᠵᠢᠭᠤᠯᠤᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃
ᠱᠢᠨ᠎ᠡ ᠪᠠᠷᠭᠤ ᠪᠠᠷᠠᠭᠤᠨ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ᠎ᠵᠢᠨ ᠳᠠᠷᠤᠭ᠎ᠠ ᠢᠦᠶ ᠴᠧᠩ᠂ ᠲᠣᠰ ᠬᠣᠱᠢᠭᠤ ᠡᠨᠡ ᠵᠢᠯ ᠨᠠᠮ᠎ᠤᠨ ᠭᠡᠱᠢᠭᠦᠨ ᠪᠠᠭ᠍ᠰᠢ᠎ᠶ᠋ᠢ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠠᠬᠢᠭᠤᠯᠬᠤ ᠠᠵᠢᠯ᠎ᠤᠨ ᠵᠠᠩᠭᠢᠯᠠᠭ᠎ᠠ᠎ᠶ᠋ᠢᠨ ᠴᠡᠭ ᠪᠣᠯᠭᠠᠵᠤ᠂ ᠨᠠᠮ᠎ᠤᠨ ᠪᠠᠢᠭᠤᠯᠤᠯᠲᠠ᠎ᠪᠠᠷ ᠰᠤᠷᠭᠠᠨ ᠬᠥᠮᠦᠵᠢᠯ᠂ ᠶᠣᠰᠣ ᠰᠤᠷᠲᠠᠬᠤᠨ᠎ᠤ ᠬᠥᠮᠦᠵᠢᠯ᠎ᠢ ᠬᠥᠲᠥᠯᠥᠨ ᠳᠠᠭᠠᠭᠤᠯᠵᠤ᠂ ᠡᠯ᠎ᠡ ᠲᠥᠷᠥᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠥᠷᠨᠢᠭᠦᠯᠬᠦ᠌ ᠪᠡᠷ ᠳᠠᠮᠵᠢᠭᠤᠯᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠢᠴᠢᠶᠡᠯᠯᠡᠬᠦ᠌ ᠤᠷ᠎ᠠ ᠴᠢᠳᠠᠪᠤᠷᠢ᠎ᠶ᠋ᠢᠨ ᠬᠠᠷᠢᠴᠠᠭᠤᠯᠤᠯ᠎ᠢ ᠠᠭᠤᠰᠤᠯᠴᠠᠭᠤᠯᠵᠤ᠂ ᠬᠢᠴᠢᠶᠡᠯ᠎ᠦᠨ ᠲᠠᠩᠬᠢᠮ᠎ᠤᠨ ᠡᠬᠢ ᠪᠠᠶᠠᠯᠢᠭ᠎ᠢ ᠠᠮᠢᠳᠤᠯᠢᠭᠵᠢᠭᠤᠯᠵᠤ᠂ ᠬᠢᠴᠢᠶᠡᠯ᠎ᠦᠨ ᠲᠠᠩᠬᠢᠮ᠎ᠤᠨ ᠬᠡᠯᠪᠡᠷᠢ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠰᠤᠷᠤᠯᠴᠠᠬᠤ ᠠᠷᠭ᠎ᠠ ᠵᠠᠮ ᠪᠠ ᠰᠡᠳᠭᠢᠮᠵᠢ᠎ᠶ᠋ᠢ ᠥᠷᠭᠡᠳᠭᠡᠵᠦ᠍᠂ ᠰᠤᠷᠤᠭ᠍ᠴᠢᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠴᠢᠩᠭᠠᠳᠭᠠᠪᠠ ᠭᠡᠵᠦ ᠲᠠᠨᠢᠯᠴᠠᠭᠤᠯᠪᠠ᠃
《ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ ᠨᠢ ᠬᠢᠯᠢ ᠬᠢᠵᠠᠭᠠᠷ ᠣᠷᠣᠨ᠎ᠤ ᠬᠥᠭ᠌ᠵᠢᠯᠲᠡ ᠪᠦᠳᠦᠭᠡᠨ ᠪᠠᠢᠭᠤᠯᠤᠯᠲᠠ᠂ ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠪᠠᠲᠤ ᠰᠠᠭᠤᠷᠢ ᠵᠢ ᠲᠠᠯᠪᠢᠵᠤ ᠥᠭ᠌ᠪᠠ᠃》 ᠱᠢᠨ᠎ᠡ ᠪᠠᠷᠭᠤ ᠪᠠᠷᠠᠭᠤᠨ ᠬᠣᠱᠢᠭᠤᠨ᠎ᠤ ᠵᠣᠬᠢᠶᠠᠨ ᠪᠠᠢᠭᠤᠯᠬᠤ ᠬᠡᠯᠲᠡᠰ ᠨᠠᠮ᠎ᠤᠨ ᠪᠠᠢᠭᠤᠯᠤᠯᠲᠠ᠎ᠶ᠋ᠢᠨ ᠬᠣᠯᠪᠣᠭ᠎ᠠ᠎ᠶ᠋ᠢᠨ ᠰᠤᠷᠭᠠᠭᠤᠯᠢ᠎ᠶ᠋ᠢᠨ ᠪᠠᠢᠭᠤᠯᠤᠯᠲᠠ᠎ᠶ᠋ᠢ ᠮᠠᠰᠢ ᠴᠢᠬᠤᠯᠠᠴᠢᠯᠠᠵᠤ᠂ 《ᠨᠠᠮ᠎ᠤᠨ ᠪᠠᠢᠭᠤᠯᠤᠯᠲᠠ + ᠢᠨᠲᠸᠷ ᠰᠦᠯᠵᠢᠢ᠎ᠡ + ᠰᠤᠷᠭᠠᠨ ᠬᠥᠮᠦᠵᠢᠯ》᠎ᠤ᠋ᠨ ᠵᠠᠭ᠍ᠪᠤᠷ᠎ᠢ ᠢᠳᠡᠪᠬᠢᠲᠡᠢ ᠠᠬᠢᠭᠤᠯᠵᠤ᠂ ᠨᠠᠮ᠎ᠤᠨ ᠭᠡᠱᠢᠭᠦᠨ ᠪᠠᠭ᠍ᠰᠢ᠎ᠶ᠋ᠢᠨ ᠬᠣᠱᠢᠭᠤᠴᠢ ᠵᠢᠱ᠌ᠢᠶᠡᠴᠢ ᠵᠢᠨ ᠦᠢᠯᠡᠳᠦᠯ᠎ᠢ ᠪᠠᠳᠠᠷᠠᠭᠤᠯᠬᠤ᠎ᠶ᠋ᠢ ᠬᠦᠳᠦᠯᠦᠨ ᠳᠠᠭᠠᠭᠤᠯᠪᠠ᠃
ᠤᠢ᠍ᠢᠷ᠎ᠠ᠎ᠶ᠋ᠢᠨ ᠡᠳᠦᠷ᠂ ᠬᠠᠢᠯᠠᠷ ᠲᠣᠭᠣᠷᠢᠭ᠎ᠤᠨ ᠦᠨᠳᠦᠰᠦᠲᠡᠨ᠎ᠦ ᠬᠡᠦᠬᠡᠳ᠎ᠦᠨ ᠴᠡᠴᠡᠷᠯᠢᠭ 《ᠥᠪᠡᠷ᠎ᠦᠨ ᠪᠡᠶ᠎ᠡ᠎ᠪᠡᠨ ᠳᠠᠪᠲᠠᠨ ᠪᠣᠯᠪᠠᠰᠤᠷᠠᠭᠤᠯᠵᠤ ᠤᠢ ᠪᠢᠯᠢᠭ᠎ᠢᠶᠡᠨ ᠴᠢᠷᠮᠠᠢᠨ ᠪᠠᠲᠠᠷᠠᠭᠤᠯᠤᠶᠠ》 ᠬᠡᠬᠦ ᠤᠯᠤᠰ᠎ᠢᠶᠠᠨ ᠬᠠᠢᠷᠠᠯᠠᠬᠤ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠦᠨᠳᠦᠰᠦᠨ ᠴᠢᠳᠠᠪᠤᠷᠢ᠎ᠶ᠋ᠢᠨ ᠬᠢᠴᠢᠶᠡᠯ᠎ᠢ ᠪᠦᠬᠦ᠌ ᠲᠠᠯ᠎ᠠ᠎ᠪᠠᠷ ᠠᠬᠢᠭᠤᠯᠪᠠ᠃ ᠪᠠᠭ᠍ᠰᠢ᠎ᠨᠠᠷ ᠪᠣᠳᠠᠲᠤ ᠪᠣᠳᠠᠰ᠎ᠤᠨ ᠦᠵᠡᠭᠦᠯᠭᠡ᠂ ᠵᠠᠭ᠍ᠪᠤᠷ᠎ᠤᠨ ᠦᠵᠡᠭᠦᠯᠭᠡ ᠪᠠ ᠵᠢᠷᠤᠭᠴᠢᠯᠠᠬᠤ᠂ ᠲᠣᠭ᠍ᠯᠠᠭᠠᠮ᠂ ᠳᠤᠭᠤᠢᠯᠠᠩ᠎ᠤᠨ ᠶᠠᠷᠢᠯᠴᠠᠭ᠎ᠠ᠎ᠶ᠋ᠢ ᠵᠣᠬᠢᠶᠠᠨ ᠪᠠᠢᠭᠤᠯᠬᠤ ᠵᠡᠷᠭᠡ ᠬᠠᠷᠢᠯᠴᠠᠨ ᠦᠶ᠋ᠯᠡᠳᠦᠯᠴᠡᠬᠦ᠌ ᠬᠡᠯᠪᠡᠷᠢ᠎ᠪᠡᠷ ᠳᠠᠮᠵᠢᠭᠤᠯᠤᠨ ᠬᠡᠦᠬᠡᠳ᠎ᠦᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠥᠪᠡᠷ᠎ᠦᠨ ᠦᠵᠡᠯᠲᠡ ᠪᠠ ᠰᠠᠨᠠᠭ᠎ᠠ ᠪᠣᠳᠣᠯ᠎ᠢᠶᠡᠨ ᠢᠯᠡᠳᠭᠡᠬᠦ᠌᠎ᠶ᠋ᠢ ᠵᠣᠷᠢᠭ᠍ᠵᠢᠭᠤᠯᠵᠤ᠂ ᠬᠡᠦᠬᠡᠳ᠎ᠤᠳ᠎ᠦᠨ ᠰᠤᠷᠤᠯᠴᠠᠬᠤ ᠤᠷᠮ᠎ᠠ ᠪᠠᠬ᠎ᠠ ᠪᠠ ᠰᠡᠳᠭᠢᠬᠦ᠌ ᠴᠢᠳᠠᠪᠤᠷᠢ᠎ᠶ᠋ᠢ ᠬᠥᠭ᠌ᠵᠢᠭᠡᠨ ᠳᠡᠭᠡᠭ᠌ᠰᠢᠯᠡᠭᠦᠯᠪᠡ᠃
ᠣᠢᠷ᠎ᠠ᠎ᠶ᠋ᠢᠨ 3 ᠵᠢᠯ᠎ᠳᠦ ᠬᠥᠯᠥᠨ ᠪᠣᠢᠷ ᠬᠣᠲᠠ 《ᠨᠢᠭᠡ ᠭᠠᠵᠠᠷ᠎ᠲᠤ ᠨᠢᠭᠡ ᠲᠦᠰᠦᠯ᠎ᠢ ᠬᠡᠷᠡᠭᠵᠢᠬᠦᠯᠬᠦ》᠂ 《ᠨᠢᠭᠡ ᠰᠤᠷᠭᠠᠭᠤᠯᠢ ᠳ᠋ᠤ᠌ ᠨᠢᠭᠡ ᠲᠥᠰᠥᠯ᠎ᠢ ᠬᠡᠷᠡᠭᠵᠢᠬᠦᠯᠬᠦ》 ᠶᠣᠰᠣᠭᠠᠷ ᠠᠯᠢ ᠣᠯᠠᠨ ᠠᠷᠭ᠎ᠠ ᠬᠡᠮᠵᠢᠶ᠎ᠡ ᠠᠪᠴᠤ᠌᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠶ ᠲᠡᠩᠴᠡᠭᠦᠷᠢᠲᠡᠶ ᠬᠥᠭ᠌ᠵᠢᠭᠦᠯᠬᠦ᠌᠎ᠪᠡᠷ ᠭᠠᠷᠳᠠᠴᠠ ᠪᠣᠯᠭᠠᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠶ᠋ᠢ ᠦᠨᠡᠨ ᠬᠦ᠌ ᠠᠬᠢᠭᠤᠯᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠴᠢᠨᠠᠷ ᠰᠠᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠪᠠ᠃
《ᠠᠷᠭ᠎ᠠ ᠵᠢᠭᠠᠵᠦ᠂ ᠳᠣᠲᠣᠭᠠᠳᠤ ᠬᠦᠴᠦᠨ᠎ᠢ ᠬᠥᠭ᠌ᠵᠢᠭᠡᠵᠦ᠍᠂ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠬᠡᠪ ᠪᠣᠯᠪᠠᠰᠤᠷᠠᠯ᠎ᠢᠶᠠᠨ ᠴᠢᠩᠭᠠᠳᠭᠠᠨ᠎ᠠ᠃ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢᠨ ᠭᠣᠣᠯᠳᠠᠯᠭ᠎ᠠ ᠨᠢ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌᠎ᠳᠦ ᠪᠤᠢ᠂ ᠡᠭᠦᠨ᠎ᠳᠦ ᠪᠢᠳᠡ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠲᠠᠶ》 ᠭᠡᠵᠦ ᠬᠦᠯᠦᠨ ᠪᠤᠢᠷ ᠬᠤᠲᠠ᠎ᠶᠢᠨ ᠰᠤᠷᠭᠠᠨ ᠬᠥᠮᠥᠵᠢᠯ᠎ᠤᠨ ᠲᠤᠪᠴᠢᠶ᠎ᠠ᠎ᠶᠢᠨ ᠨᠠᠮ᠎ᠤᠨ ᠤᠳᠤᠷᠢᠳᠬᠤ ᠲᠤᠭᠤᠢᠯᠠᠩ᠎ᠤᠨ ᠪᠦᠷᠢᠯᠳᠦᠭᠦᠨ᠂ ᠬᠤᠲᠠ᠎ᠶᠢᠨ ᠵᠠᠰᠠᠭ᠎ᠤᠨ ᠤᠷᠳᠤᠨ᠎ᠤ ᠰᠤᠷᠭᠠᠨ ᠬᠥᠮᠥᠵᠢᠯ᠎ᠤᠨ ᠱᠠᠯᠠᠪᠳᠠᠭᠤᠯᠤᠨ ᠵᠢᠯᠤᠭᠤᠳᠬᠤ ᠪᠦᠯᠬᠥᠮ᠎ᠤᠨ ᠶᠡᠷᠦᠨᠭᠬᠡᠢ ᠱᠠᠯᠠᠪᠳᠠᠭᠤᠯᠤᠨ ᠵᠢᠯᠤᠭᠤᠳᠤᠬᠴᠢ ᠪᠠᠢ ᠵᠢᠨ ᠱᠠᠨ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃